ᠮᠠᠨ ᠤ ᠣᠷᠣᠨ ᠬᠥᠳᠡᠯᠮᠦᠷᠢ ᠶᠢᠨ ᠦᠢᠯᠡᠴᠢᠯᠡᠭᠡ ᠶᠢᠨ ᠲᠤᠮᠢᠯᠠᠯᠲᠠ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2017-10-30
       ᠦᠢᠷ᠎ᠠ ᠳᠤ᠂ ᠮᠠᠨ ᠤ ᠣᠷᠣᠨ ᠤ ᠡᠯ᠎ᠡ ᠭᠠᠵᠠᠷ ᠤᠨ ᠬᠢᠨ ᠬᠥᠳᠡᠯᠮᠦᠷᠢ ᠶᠢᠨ ᠦᠢᠯᠡᠴᠢᠯᠡᠭᠡ ᠶᠢᠨ ᠲᠤᠮᠢᠯᠠᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠵᠢᠴᠢ ᠬᠠᠮᠢᠶ᠎ᠠ ᠪᠦᠬᠦᠢ ᠬᠢᠨᠠᠯᠲᠠ ᠪᠠᠶᠢᠴᠠᠭᠠᠯᠲᠠ ᠶᠢᠨ ᠠᠵᠢᠯ ᠤᠨ ᠳᠤᠮᠳᠠ᠂ ᠬᠥᠳᠡᠯᠮᠦᠷᠢ ᠶᠢᠨ ᠦᠢᠯᠡᠴᠢᠯᠡᠭᠡ ᠲᠣᠮᠢᠯᠠᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠪᠤᠰᠤ ᠨᠢᠭᠡᠴᠡ ᠨᠦᠭᠦᠳ ᠡᠵᠡᠩᠨᠡᠯᠲᠡ ᠶᠢᠨ ᠵᠥᠪᠰᠢᠶᠡᠷᠡᠯ ᠢ ᠭᠤᠶᠤᠴᠢᠯᠠᠵᠤ ᠪᠠᠶᠢᠭ᠎ᠠ᠂ ᠵᠠᠰᠠᠭ ᠤᠨ ᠤᠷᠳᠤᠨ ᠤ ᠬᠤᠳᠠᠯᠳᠤᠨ ᠠᠪᠬᠤ ᠦᠢᠯᠡᠴᠢᠯᠡᠭᠡᠨ ᠤ ᠨᠢᠬᠡ ᠪᠦᠯᠦᠭ ᠲᠦᠷᠦᠯ ᠵᠦᠢᠯ ᠨᠢ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠳᠤ ᠬᠥᠳᠡᠯᠮᠦᠷᠢ ᠶᠢᠨ ᠦᠢᠯᠡᠴᠢᠯᠡᠭᠡ ᠲᠣᠮᠢᠯᠠᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠪᠠᠶᠢᠬᠤ ᠪᠠᠷ ᠤᠷᠢᠳᠠᠴᠢ ᠨᠥᠬᠦᠴᠡᠯ ᠪᠣᠯᠭᠠᠵᠤ ᠪᠠᠶᠢᠭ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠬᠥᠳᠡᠯᠮᠦᠷᠢ ᠶᠢᠨ ᠦᠢᠯᠡᠴᠢᠯᠡᠭᠡ ᠲᠣᠮᠢᠯᠠᠬᠤ ᠬᠡᠯᠪᠡᠷᠢ ᠪᠠᠷ ᠠᠵᠢᠯᠴᠢᠨ ᠬᠡᠷᠡᠭᠯᠡᠵᠤ ᠦᠯᠦ ᠪᠤᠯᠬᠤ ᠶᠢ ᠲᠤᠲᠤᠷᠬᠠᠢ ᠲᠤᠭᠲᠠᠭᠠᠭᠰᠠᠨ ᠣᠨᠴᠠᠭᠠᠶ ᠨᠢᠭᠡᠴᠡ ᠪᠣᠯᠤᠨ ᠠᠵᠢᠯ ᠤᠨ ᠪᠠᠶᠢᠷᠢ ᠳᠤ ᠬᠥᠳᠡᠯᠮᠦᠷᠢ ᠶᠢᠨ ᠦᠢᠯᠡᠴᠢᠯᠡᠭᠡ ᠶᠢᠨ ᠲᠤᠮᠢᠯᠠᠯᠲᠠ ᠶᠢᠨ ᠠᠵᠢᠯᠴᠢᠨ ᠢ ᠬᠡᠷᠡᠭᠯᠡᠵᠦ ᠪᠠᠶᠢᠭ᠎ᠠ᠂ ᠵᠠᠷᠢᠮ ᠨᠢᠭᠡᠴᠡ ᠨᠢ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠪᠠᠶᠢᠷᠢᠨ ᠳᠠᠭᠠᠨ ᠬᠥᠳᠡᠯᠮᠦᠷᠢ ᠶᠢᠨ ᠦᠢᠯᠡᠴᠢᠯᠡᠭᠡ ᠶᠢᠨ ᠲᠤᠮᠢᠯᠠᠯᠲᠠ ᠶᠢᠨ ᠠᠵᠢᠯᠴᠢᠨ ᠢ ᠳᠤᠷ᠎ᠠ ᠪᠠᠷ ᠢᠶᠠᠨ ᠬᠡᠷᠡᠭᠯᠡᠵᠤ ᠪᠠᠶᠢᠭ᠎ᠠ ᠪᠦᠭᠡᠳ ᠡᠳᠡᠭᠡᠷ ᠠᠵᠢᠯᠴᠢᠨ ᠬᠡᠷᠡᠭᠯᠡᠬᠦ ᠨᠢ ᠵᠢᠷᠤᠮᠵᠢᠯ ᠦᠭᠡᠢ ᠬᠠᠤᠯᠢ ᠪᠤᠰᠤ ᠪᠠᠶᠢᠬᠤ ᠠᠰᠠᠭᠤᠳᠠᠯ ᠤᠳ ᠢ ᠤᠯᠵᠤ ᠮᠡᠳᠡᠭᠰᠡᠨ ᠪᠠᠶᠢᠨ᠎ᠠ᠂ ᠡᠳᠡᠭᠡᠷ ᠨᠢ ᠬᠡᠪ ᠤᠨ ᠬᠥᠳᠡᠯᠮᠦᠷᠢ ᠬᠦᠴᠦᠨ ᠢ ᠬᠡᠷᠡᠭᠯᠡᠬᠦ ᠡᠮᠬᠢ ᠵᠢᠷᠤᠮ ᠪᠤᠯᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠨᠳᠦ ᠨᠣᠴᠢᠲᠠᠶ ᠨᠥᠯᠥᠭᠡᠯᠡᠵᠦ᠂ ᠬᠥᠳᠡᠯᠮᠦᠷᠢ ᠶᠢᠨ ᠬᠠᠷᠢᠴᠠᠭᠠᠨ ᠤ ᠵᠥᠷᠢᠴᠡᠯ ᠤᠨ ᠰᠢᠨ᠎ᠡ ᠳᠠᠯᠳᠠ ᠬᠡᠮ ᠢ ᠪᠤᠢ ᠪᠤᠯᠭᠠᠭᠰᠠᠨ ᠪᠠᠶᠢᠨ᠎ᠠ᠃       ᠡᠶᠢᠮᠦ ᠠᠴᠠ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠲᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠳᠡᠯᠮᠦᠷᠢ ᠶᠢᠨ ᠦᠢᠯᠡᠴᠢᠯᠡᠭᠡ ᠶᠢᠨ ᠲᠤᠮᠢᠯᠠᠯᠲᠠ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠬᠡᠵᠤ ᠱᠠᠭᠠᠷᠳᠠᠵᠠᠢ᠃ ᠡᠩ ᠲᠡᠷᠢᠭᠦᠨ ᠳᠤ᠂ ᠡᠯ᠎ᠡ ᠭᠠᠵᠠᠷ ᠬᠥᠳᠡᠯᠮᠦᠷᠢ ᠶᠢᠨ ᠦᠢᠯᠡᠴᠢᠯᠡᠭᠡ ᠶᠢᠨ ᠲᠤᠮᠢᠯᠠᠯᠲᠠ ᠶᠢᠨ ᠲᠤᠬᠠᠶᠢᠯᠠᠭᠰᠠᠨ ᠠᠵᠢᠯ ᠢ ᠡᠵᠡᠩᠨᠡᠬᠦ ᠳᠡᠭᠡᠨ᠂ ︽ᠬᠥᠳᠡᠯᠮᠦᠷᠢ ᠶᠢᠨ ᠦᠢᠯᠡᠴᠢᠯᠡᠭᠡ ᠶᠢᠨ ᠲᠤᠮᠢᠯᠠᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠢ ᠤᠯᠤᠭᠰᠠᠨ ᠪᠠᠶᠢᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠪᠣᠯᠤᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠠᠤᠯᠢ ᠶᠣᠰᠣᠭᠠᠷ ᠴᠠᠭ ᠲᠤᠬᠠᠶ ᠳᠤᠨᠢ ᠬᠦᠢᠴᠡᠳᠭᠡᠵᠤ ᠦᠭᠭᠦ ᠬᠡᠷᠡᠭᠲᠡᠶ︔ ᠵᠠᠰᠠᠭ ᠵᠠᠬᠢᠷᠭᠠᠨ ᠤ ᠵᠥᠪᠰᠢᠶᠡᠷᠡᠯ ᠢ ᠤᠯᠣᠭᠰᠠᠨ ᠪᠤᠶᠤ ᠵᠠᠰᠠᠭ ᠵᠠᠬᠢᠷᠭᠠᠨ ᠤ ᠵᠥᠪᠰᠢᠶᠡᠷᠡᠯ ᠢᠶᠠᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠪᠢᠷᠠᠭᠤᠯᠬᠤ᠂ ᠤᠷᠲᠤᠳᠬᠠᠬᠤ᠂ ᠬᠦᠴᠦᠨ ᠦᠭᠡᠢ ᠪᠣᠯᠭᠠᠬᠤ᠂ ᠬᠠᠰᠤᠬᠤ ᠪᠠᠷ ᠪᠠᠶᠢᠭ᠎ᠠ ᠬᠥᠳᠡᠯᠮᠦᠷᠢ ᠶᠢᠨ ᠦᠢᠯᠡᠴᠢᠯᠡᠭᠡ ᠲᠤᠮᠢᠯᠠᠬᠤ ᠨᠢᠭᠡᠴᠡ ᠶᠢ ᠴᠠᠭ ᠲᠤᠬᠠᠶ ᠳᠤᠨᠢ ᠵᠠᠷᠯᠠᠨ ᠨᠡᠶᠢᠲᠡᠯᠡᠬᠦ ᠬᠡᠷᠡᠭᠲᠡᠶ᠃ ᠳᠠᠷᠠᠭ᠎ᠠ ᠳᠤᠨᠢ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠢᠭᠡᠳ ᠬᠥᠳᠡᠯᠮᠦᠷᠢ ᠶᠢᠨ ᠦᠢᠯᠡᠴᠢᠯᠡᠭᠡ ᠲᠤᠮᠢᠯᠠᠬᠤ ᠶᠢ ᠴᠢᠩᠭ᠎ᠠ ᠢᠯᠭᠠᠬᠤ ᠬᠡᠷᠡᠭᠲᠠᠢ᠃ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠤᠯᠤᠨ ᠡᠯ᠎ᠡ ᠱᠠᠲᠤᠨ ᠤ ᠬᠤᠳᠠᠯᠳᠤᠨ ᠠᠪᠬᠤ ᠭᠤᠣᠯ ᠴᠣᠭᠴᠠ ᠨᠤᠭᠤᠳ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠭᠠᠷᠴᠠᠭ ᠢ ᠴᠢᠩᠭ᠎ᠠ ᠬᠡᠷᠡᠭᠵᠢᠬᠦᠯᠬᠦ ᠶᠢᠨ ᠬᠠᠮᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠶᠠᠪᠤᠴᠠ ᠶᠢᠨ ᠵᠢᠷᠤᠮᠵᠢᠯ︾ ᠶᠤᠰᠤᠭᠠᠷ ᠦᠢᠯᠡᠴᠢᠯᠡᠭᠡ ᠬᠤᠳᠠᠯᠳᠤᠨ ᠠᠪᠬᠤ ᠳᠦᠷᠦᠯ ᠵᠦᠢᠯ ᠢ ᠬᠡᠷᠡᠭᠵᠢᠬᠦᠯᠵᠤ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠭᠤᠤᠯ ᠴᠣᠭᠴᠠ ᠨᠢ ᠬᠥᠳᠡᠯᠮᠦᠷᠢ ᠶᠢᠨ ᠦᠢᠯᠡᠴᠢᠯᠡᠭᠡ ᠲᠣᠮᠢᠯᠠᠬᠤ ᠺᠣᠮᠫᠠᠨᠢ ᠠᠴᠠ ᠬᠥᠳᠡᠯᠮᠦᠷᠢ ᠶᠢᠨ ᠦᠢᠯᠡᠴᠢᠯᠡᠭᠡ ᠬᠤᠳᠠᠯᠳᠤᠨ ᠠᠪᠬᠤ ᠨᠡᠷ᠎ᠡ ᠪᠠᠷ ︽ᠠᠵᠢᠯᠴᠢᠨ ᠬᠤᠳᠠᠯᠳᠤᠵᠤ ᠠᠪᠬᠤ︾ ᠪᠠ ︽ᠠᠵᠢᠯ ᠤᠨ ᠪᠠᠶᠢᠷᠢ ᠬᠤᠳᠠᠯᠳᠤᠵᠤ ᠠᠪᠬᠤ︾ ᠪᠤᠷᠤᠭᠤ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠬᠤ ᠪᠠ ᠡᠷᠡᠰ ᠬᠤᠷᠢᠭᠯᠠᠬᠤ ᠬᠡᠷᠡᠭᠲᠡᠶ᠃ ᠭᠤᠷᠪᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠥᠳᠡᠯᠮᠦᠷᠢ ᠶᠢᠨ ᠦᠢᠯᠡᠴᠢᠯᠡᠭᠡ ᠶᠢᠨ ᠲᠤᠮᠢᠯᠠᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ ᠭᠤᠶᠤᠴᠢᠯᠠᠬᠤ ᠨᠢᠭᠡᠴᠡ ᠶᠢ ᠤᠬᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠲᠣᠮᠢᠯᠠᠭᠳᠠᠭᠰᠠᠨ ᠬᠥᠳᠡᠯᠮᠦᠷᠢᠴᠢᠨ ᠢ ᠤᠬᠠᠭᠤᠯᠬᠤ ᠦᠢᠯᠡᠴᠢᠯᠡᠭᠡ ᠪᠠᠨ ᠴᠢᠩᠭᠠᠳᠬᠠᠵᠤ᠂ ᠬᠥᠳᠡᠯᠮᠦᠷᠢ ᠶᠢᠨ ᠦᠢᠯᠡᠴᠢᠯᠡᠭᠡ ᠶᠢᠨ ᠲᠤᠮᠢᠯᠠᠯᠲᠠ ᠶᠢᠨ ᠠᠵᠢᠯᠴᠢᠨ ᠬᠡᠷᠡᠭᠯᠡᠬᠦ ᠨᠢᠭᠡᠴᠡ ᠳᠠᠬᠢ ᠤᠬᠠᠭᠤᠯᠭ᠎ᠠ ᠪᠣᠯᠪᠠᠰᠤᠷᠠᠭᠤᠯᠤᠯ ᠢᠶᠠᠨ ᠴᠢᠩᠭᠠᠳᠬᠠᠬᠤ ᠶᠢᠨ ᠬᠠᠮᠲᠤ ᠲᠤᠬᠠᠶ ᠶᠢᠨ ᠭᠠᠵᠠᠷ ᠲᠤᠨᠢ ᠬᠠᠮᠢᠶᠠᠷᠠᠭᠤᠯᠬᠤ ᠵᠠᠷᠴᠢᠮ ᠶᠣᠰᠣᠭᠠᠷ ᠬᠥᠳᠡᠯᠮᠦᠷᠢ ᠶᠢᠨ ᠦᠢᠯᠡᠴᠢᠯᠡᠭᠡ ᠲᠣᠮᠢᠯᠠᠬᠤ ᠨᠢᠭᠡᠴᠡ ᠨᠢ ᠬᠥᠮᠦᠨ ᠬᠡᠷᠡᠭᠯᠡᠬᠦ ᠨᠢᠭᠡᠴᠡ ᠯᠦᠭᠡ ᠵᠢᠷᠤᠮᠵᠢᠯ ᠲᠠᠢ ᠪᠠᠷ ᠠᠵᠢᠯᠴᠢᠨ ᠬᠡᠷᠡᠭᠯᠡᠬᠦ ᠳᠤ ᠬᠢᠨᠠᠯᠲᠠ ᠲᠠᠯᠪᠢᠬᠤ ᠬᠠᠮᠢᠶᠠᠷᠬᠤ ᠦᠢᠯᠡᠴᠢᠯᠡᠬᠦ ᠪᠠᠨ ᠴᠢᠩᠭᠠᠳᠬᠠᠬᠤ ᠬᠡᠷᠡᠭᠲᠡᠶ᠃ ᠬᠥᠮᠦᠨ ᠬᠡᠷᠡᠭᠯᠡᠬᠦ ᠨᠢᠭᠡᠴᠡ ᠨᠢ ᠤᠯᠤᠰ ᠪᠠ ᠥᠪᠡᠷᠲᠡᠭᠡᠨ ᠵᠠᠰᠠᠬᠤ ᠤᠷᠤᠨ ᠤ ᠲᠥᠷᠥ ᠶᠢᠨ ᠪᠤᠳᠤᠯᠭ᠎ᠠ ᠬᠠᠤᠯᠢ ᠲᠣᠭᠲᠠᠭᠠᠯ ᠳᠤ ᠲᠤᠲᠤᠷᠬᠠᠢ ᠲᠤᠭᠲᠠᠭᠠᠭᠰᠠᠨ ᠬᠥᠳᠡᠯᠮᠦᠷᠢ ᠶᠢᠨ ᠦᠢᠯᠡᠴᠢᠯᠡᠭᠡ ᠶᠢᠨ ᠲᠤᠮᠢᠯᠠᠯᠲᠠ ᠶᠢᠨ ᠠᠵᠢᠯᠴᠢᠨ ᠦᠯᠦ ᠬᠡᠷᠡᠭᠯᠡᠵᠤ ᠪᠣᠯᠬᠤ ᠭᠤᠣᠯᠳᠠᠯᠭ᠎ᠠ ᠲᠠᠢ ᠠᠵᠢᠯ ᠲᠦᠷᠦᠯ᠂ ᠣᠨᠴᠠᠭᠠᠶ ᠠᠵᠢᠯ ᠤᠨ ᠪᠠᠶᠢᠷᠢ ᠪᠤᠯᠤᠨ ᠣᠨᠴᠠ ᠲᠣᠭᠲᠠᠭᠠᠭᠰᠠᠨ ᠬᠥᠮᠦᠰ ᠯᠦᠭᠡ ︽ᠬᠡᠨ ᠠᠵᠢᠯᠴᠢᠨ ᠬᠡᠷᠡᠭᠯᠡᠪᠡᠯ᠂ ᠬᠡᠨ ᠬᠠᠮᠢᠶᠠᠷᠬᠤ᠂ ᠬᠡᠨ ᠬᠠᠷᠢᠭᠤᠴᠠᠬᠤ︾ ᠵᠠᠷᠴᠢᠮ ᠤᠨ ᠶᠣᠰᠣᠭᠠᠷ᠂ ᠰᠢᠭᠤᠳ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠬᠡᠷᠡᠭᠲᠠᠢ᠂ ᠬᠥᠳᠡᠯᠮᠦᠷᠢ ᠶᠢᠨ ᠦᠢᠯᠡᠴᠢᠯᠡᠭᠡ ᠶᠢᠨ ᠲᠤᠮᠢᠯᠠᠯᠲᠠ ᠶᠢᠨ ᠠᠵᠢᠯᠴᠢᠨ ᠬᠡᠷᠡᠭᠯᠡᠬᠦ ᠬᠡᠯᠪᠡᠷᠢ ᠶᠢ ᠠᠪᠴᠤ ᠪᠣᠯᠬᠤ ᠦᠭᠡᠶ᠃ ᠬᠥᠮᠦᠨ ᠬᠡᠷᠡᠭᠯᠡᠬᠦ ᠨᠢᠭᠡᠴᠡ ᠨᠢ ᠬᠥᠳᠡᠯᠮᠦᠷᠢ ᠶᠢᠨ ᠦᠢᠯᠡᠴᠢᠯᠡᠭᠡ ᠲᠣᠮᠢᠯᠠᠬᠤ ᠺᠣᠮᠫᠠᠨᠢ ᠪᠠᠶᠢᠭᠤᠯᠤᠨ᠂ ᠲᠤᠰ ᠨᠢᠭᠡᠴᠡ ᠪᠤᠶᠤ ᠬᠠᠷᠢᠶ᠎ᠠ ᠨᠢᠭᠡᠴᠡ ᠳᠡᠭᠡᠨ ᠬᠥᠳᠡᠯᠮᠦᠷᠢᠴᠢᠨ ᠲᠤᠮᠢᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号