ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2017/11/10
    ᠤᠯᠠᠭᠠᠨᠬᠠᠳᠠ ᠬᠤᠲᠠ ᠬᠠᠤᠯᠢ ᠴᠠᠭᠠᠵᠠ ᠶᠢᠨ ᠴᠠᠭᠳᠠᠭ᠎ᠠ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠶᠢᠨ ᠲᠤᠯᠠᠳᠠ᠂ 11 ᠳ᠋ᠤᠭᠡᠷ ᠰᠠᠷ᠎ᠠ ᠶᠢᠨ 6᠎ ᠤ ᠡᠳᠦᠷ᠂ ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠨᠢ ᠤᠯᠠᠭᠠᠨᠬᠠᠳᠠ ᠶᠢᠨ ᠠᠵᠤ ᠦᠶ᠋ᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠠᠶᠢᠭᠤᠯᠤᠭᠳᠠᠵᠤ᠂ ᠪᠥᠬᠦ ᠬᠤᠲᠠ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠠᠩᠬᠢ ᠨᠢ ᠬᠠᠮᠲᠤᠳᠠ ᠰᠤᠷᠤᠯᠴᠠᠯᠭ᠎ᠠ ᠪᠠᠨ ᠡᠬᠢᠯᠡᠬᠦᠯᠪᠡ᠃    ᠶᠣᠰᠣᠯᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠪᠣᠯᠤᠨ ᠤᠯᠠᠭᠠᠨᠬᠠᠳᠠ ᠶᠢᠨ ᠠᠵᠤ  ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠠᠷ ᠬᠠᠮᠲᠤᠷᠠᠯᠴᠠᠭ᠎ᠠ ᠶᠢᠨ ᠵᠦᠪᠳᠡᠯᠴᠡᠭᠡᠷ ᠲᠤ ᠬᠠᠮᠲᠤᠪᠡᠷ ᠭᠠᠷ ᠤᠨ ᠦᠰᠦᠭ ᠵᠢᠷᠤᠭᠰᠠᠨ ᠤ ᠬᠠᠮᠲᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠢᠯᠡᠷᠭᠡᠶᠢᠯᠡᠯ ᠢ ᠰᠡᠬᠦᠪᠡ᠃ ᠲᠤᠰ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠠᠶᠢᠭᠤᠯᠤᠭᠳᠠᠭᠰᠠᠨ ᠨᠢ᠂ ᠪᠥᠬᠦ ᠬᠤᠲᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠰᠤᠷᠭᠠᠨ ᠬᠥᠮᠦᠵᠢᠯ ᠤᠨ ᠪᠤᠯᠪᠠᠰᠤᠷᠠᠭᠤᠯᠤᠯ ᠢ ᠪᠠᠶᠢᠩᠭᠤᠵᠢᠭᠤᠯᠬᠤ ᠳᠤ ᠴᠢᠬᠤᠯᠠ ᠲᠠᠪᠴᠠᠩ ᠬᠠᠨᠭ᠍ᠭᠠᠵᠤ᠂ ᠬᠠᠤᠯᠢ ᠴᠠᠭᠠᠵᠠ ᠶᠢᠨ ᠴᠠᠭᠳᠠᠭ᠎ᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠴᠠᠭᠳᠠᠭ᠎ᠠ ᠶᠢᠨ ᠳᠠᠶᠢᠴᠢᠨ ᠬᠦᠴᠦᠨ ᠢ ᠨᠡᠮᠡᠭᠳᠡᠭᠦᠯᠬᠦ ᠳᠤ ᠪᠦᠲᠦᠮᠵᠢᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠪᠥᠬᠦ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠠᠩᠬᠢ ᠨᠢ ᠪᠦᠷᠢᠨ ᠪᠢᠲᠡᠭᠦᠮᠵᠢᠯᠡᠨ ᠲᠥᠪᠯᠡᠷᠡᠭᠦᠯᠦᠨ ᠪᠤᠯᠪᠠᠰᠤᠷᠠᠭᠤᠯᠬᠤ ᠵᠠᠭᠪᠤᠷᠰᠢᠯ ᠢᠶᠠᠷ 15 ᠡᠳᠦᠷ ᠶᠠᠪᠤᠭᠳᠠᠨ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ 50 ᠭᠠᠷᠤᠶ ᠬᠠᠤᠯᠢ ᠴᠠᠭᠠᠵᠠ ᠶᠢᠨ ᠴᠠᠭᠳᠠᠭ᠎ᠠ ᠡᠨᠡ ᠤᠳᠠᠭᠠᠨ ᠤ ᠪᠤᠯᠪᠠᠰᠤᠷᠠᠭᠤᠯᠤᠯ ᠳᠤ ᠤᠷᠤᠯᠴᠠᠵᠠᠢ᠂ ᠪᠤᠯᠪᠠᠰᠤᠷᠠᠭᠤᠯᠤᠯ ᠢᠶᠠᠷ ᠳᠠᠮᠵᠢᠭᠤᠯᠤᠨ ᠡᠷᠳᠡᠮ ᠴᠢᠳᠠᠪᠤᠷᠢ ᠪᠠᠨ ᠨᠡᠮᠡᠭᠳᠡᠭᠦᠯᠦᠨ᠂ ᠪᠡᠶ᠎ᠡ ᠮᠠᠬᠠᠪᠣᠳ ᠢᠶᠠᠨ ᠴᠢᠬᠢᠷᠠᠭᠵᠢᠭᠤᠯᠤᠨ᠂ ᠮᠡᠷᠭᠡᠵᠢᠯ ᠴᠢᠳᠠᠪᠤᠷᠢ ᠪᠠᠨ ᠳᠡᠭᠡᠭᠰᠢᠯᠡᠬᠦᠯᠦᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠬᠦᠯᠬᠦ ᠪᠤᠯᠤᠨ᠎ᠠ᠃                                                 ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ  ᠤ ᠰᠦᠯᠵᠢᠶᠡᠨ ᠠᠴᠠ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号