ᠤᠯᠠᠭᠠᠨᠬᠠᠳᠠ ᠬᠤᠲᠠ ᠬᠠᠤᠯᠢ ᠴᠠᠭᠠᠵᠠ ᠶᠢᠨ ᠴᠠᠭᠳᠠᠭ᠎ᠠ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ | ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠶᠢᠨ ᠲᠤᠯᠠᠳᠠ᠂ 11 ᠳ᠋ᠤᠭᠡᠷ ᠰᠠᠷ᠎ᠠ ᠶᠢᠨ 6 ᠤ ᠡᠳᠦᠷ᠂ | ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠨᠢ ᠤᠯᠠᠭᠠᠨᠬᠠᠳᠠ ᠶᠢᠨ ᠠᠵᠤ ᠦᠶ᠋ᠯᠡᠳᠪᠦᠷᠢ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠳᠤ ᠪᠠᠶᠢᠭᠤᠯᠤᠭᠳᠠᠵᠤ᠂ ᠪᠥᠬᠦ ᠬᠤᠲᠠ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ | ᠴᠠᠭᠠᠵᠠ ᠶᠢᠨ ᠴᠠᠭᠳᠠᠭ᠎ᠠ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠠᠩᠬᠢ ᠨᠢ ᠬᠠᠮᠲᠤᠳᠠ | ᠰᠤᠷᠤᠯᠴᠠᠯᠭ᠎ᠠ ᠪᠠᠨ ᠡᠬᠢᠯᠡᠬᠦᠯᠪᠡ᠃ | ᠶᠣᠰᠣᠯᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠪᠣᠯᠤᠨ ᠤᠯᠠᠭᠠᠨᠬᠠᠳᠠ ᠶᠢᠨ ᠠᠵᠤ | ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠠᠷ ᠬᠠᠮᠲᠤᠷᠠᠯᠴᠠᠭ᠎ᠠ ᠶᠢᠨ | ᠵᠦᠪᠳᠡᠯᠴᠡᠭᠡᠷ ᠲᠤ ᠬᠠᠮᠲᠤᠪᠡᠷ ᠭᠠᠷ ᠤᠨ ᠦᠰᠦᠭ ᠵᠢᠷᠤᠭᠰᠠᠨ ᠤ ᠬᠠᠮᠲᠤ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠤᠨ ᠢᠯᠡᠷᠭᠡᠶᠢᠯᠡᠯ ᠢ ᠰᠡᠬᠦᠪᠡ᠃ ᠲᠤᠰ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ | ᠪᠠᠶᠢᠭᠤᠯᠤᠭᠳᠠᠭᠰᠠᠨ ᠨᠢ᠂ ᠪᠥᠬᠦ ᠬᠤᠲᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠰᠤᠷᠭᠠᠨ ᠬᠥᠮᠦᠵᠢᠯ ᠤᠨ | ᠪᠤᠯᠪᠠᠰᠤᠷᠠᠭᠤᠯᠤᠯ ᠢ ᠪᠠᠶᠢᠩᠭᠤᠵᠢᠭᠤᠯᠬᠤ ᠳᠤ ᠴᠢᠬᠤᠯᠠ ᠲᠠᠪᠴᠠᠩ ᠬᠠᠨᠭ᠍ᠭᠠᠵᠤ᠂ ᠬᠠᠤᠯᠢ ᠴᠠᠭᠠᠵᠠ ᠶᠢᠨ | ᠴᠠᠭᠳᠠᠭ᠎ᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠴᠠᠭᠳᠠᠭ᠎ᠠ ᠶᠢᠨ ᠳᠠᠶᠢᠴᠢᠨ ᠬᠦᠴᠦᠨ ᠢ | ᠨᠡᠮᠡᠭᠳᠡᠭᠦᠯᠬᠦ ᠳᠤ ᠪᠦᠲᠦᠮᠵᠢᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ | ᠪᠥᠬᠦ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠠᠵᠢᠯ ᠤᠨ ᠪᠠᠶᠢᠷᠢ ᠶᠢᠨ | ᠪᠣᠯᠪᠠᠰᠤᠷᠠᠭᠤᠯᠤᠯ ᠤᠨ ᠠᠩᠬᠢ ᠨᠢ ᠪᠦᠷᠢᠨ ᠪᠢᠲᠡᠭᠦᠮᠵᠢᠯᠡᠨ ᠲᠥᠪᠯᠡᠷᠡᠭᠦᠯᠦᠨ ᠪᠤᠯᠪᠠᠰᠤᠷᠠᠭᠤᠯᠬᠤ ᠵᠠᠭᠪᠤᠷᠰᠢᠯ ᠢᠶᠠᠷ | 15 ᠡᠳᠦᠷ ᠶᠠᠪᠤᠭᠳᠠᠨ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ 50 ᠭᠠᠷᠤᠶ | ᠬᠠᠤᠯᠢ ᠴᠠᠭᠠᠵᠠ ᠶᠢᠨ ᠴᠠᠭᠳᠠᠭ᠎ᠠ ᠡᠨᠡ ᠤᠳᠠᠭᠠᠨ ᠤ ᠪᠤᠯᠪᠠᠰᠤᠷᠠᠭᠤᠯᠤᠯ ᠳᠤ ᠤᠷᠤᠯᠴᠠᠵᠠᠢ᠂ ᠪᠤᠯᠪᠠᠰᠤᠷᠠᠭᠤᠯᠤᠯ ᠢᠶᠠᠷ | ᠳᠠᠮᠵᠢᠭᠤᠯᠤᠨ ᠡᠷᠳᠡᠮ ᠴᠢᠳᠠᠪᠤᠷᠢ ᠪᠠᠨ ᠨᠡᠮᠡᠭᠳᠡᠭᠦᠯᠦᠨ᠂ ᠪᠡᠶ᠎ᠡ ᠮᠠᠬᠠᠪᠣᠳ ᠢᠶᠠᠨ ᠴᠢᠬᠢᠷᠠᠭᠵᠢᠭᠤᠯᠤᠨ᠂ ᠮᠡᠷᠭᠡᠵᠢᠯ | ᠴᠢᠳᠠᠪᠤᠷᠢ ᠪᠠᠨ ᠳᠡᠭᠡᠭᠰᠢᠯᠡᠬᠦᠯᠦᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠬᠦᠯᠬᠦ | ᠪᠤᠯᠤᠨ᠎ᠠ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠰᠦᠯᠵᠢᠶᠡᠨ ᠠᠴᠠ | |