ᠤᠩᠨᠢᠭᠤᠳ ᠬᠤᠰᠢᠭᠤᠨ ᠤ ᠳᠡᠳ᠋ ᠬᠤᠰᠢᠭᠤᠨ ᠳᠠᠷᠤᠭ᠎ᠠ ᠬᠦᠭᠵᠢᠯᠲᠦ ᠬᠤᠰᠢᠭᠤᠨ ᠤ ᠱᠠᠰᠢᠨ ᠰᠤᠷᠲᠠᠬᠤᠨ ᠤ ᠠᠵᠢᠯᠯᠠᠭ᠎ᠠ ᠬᠢᠬᠦ ᠲᠠᠯᠠᠪᠤᠷ ᠤᠨ ᠠᠶᠣᠯᠭᠦᠢ ᠦᠢᠯᠡᠳᠪᠦᠷᠢᠯᠡᠯ ‍ᠦᠨ‌ᠠᠵᠢᠯ ᠳᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2017/11/11
    11 ᠰᠠᠷ᠎ᠠ ᠶᠢᠨ 9᠎ ᠤ ᠡᠳᠦᠷ᠂ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠦᠭᠵᠢᠯᠳᠤ ᠦᠨᠳᠦᠰᠦᠲᠡᠨ ᠱᠠᠰᠢᠨ ᠰᠣᠷᠲᠠᠬᠤᠨ ᠤ ᠲᠤᠪᠴᠢᠶ᠎ᠠ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠳᠣᠲᠣᠭᠠᠳᠤ ᠶᠢ ᠬᠠᠮᠠᠭᠠᠯᠠᠬᠤ ᠳᠤᠪᠴᠢᠶ᠎ᠠ ᠵᠢᠴᠢ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠲᠠᠯᠪᠢᠬᠤ ᠲᠤᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠢ ᠳᠠᠭᠠᠭᠤᠯᠵᠤ ᠪᠦᠭᠦ ᠬᠤᠰᠢᠭᠤᠨ ᠤ ᠱᠠᠰᠢᠨ ᠰᠤᠷᠲᠠᠬᠤᠨ ᠤ ᠠᠵᠢᠯᠯᠠᠭ᠎ᠠ ᠬᠢᠬᠦ ᠲᠠᠯᠠᠪᠤᠷ ᠤᠨ ᠠᠶᠣᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠯᠲᠠ ᠬᠢᠪᠡ᠃     ᠬᠦᠭᠵᠢᠯᠳᠤ ᠤᠷᠢᠳ ᠬᠤᠵᠢᠳ ᠯᠠᠯᠤ ᠶᠢᠨ ᠰᠦᠮ᠎ᠡ ᠂ ᠱᠠᠰᠢᠨ ᠦᠨᠳᠦᠰᠦᠨ ᠰᠦᠮ᠎ᠡ ᠵᠡᠷᠭᠡ ᠭᠠᠵᠠᠷ ᠲᠤ ᠬᠦᠷᠴᠦ᠂ ᠠᠶᠣᠯᠭᠦᠢ ᠦᠢᠯᠡᠳᠪᠦᠷᠢᠯᠡᠯ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠤᠨ ᠨᠠᠶᠢᠳᠠᠪᠦᠷᠢᠵᠢᠭᠤᠯᠣᠯᠲᠠ᠂ ᠠᠮᠤᠷ ᠲᠦᠪᠰᠢᠨ ᠤ ᠪᠠᠲᠤᠯᠠᠭ᠎ᠠ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠱᠠᠰᠢᠨ ᠰᠤᠷᠲᠠᠬᠤᠨ ᠤ ᠠᠵᠢᠯᠯᠠᠭᠠᠨ ᠤ ᠭᠠᠵᠠᠷ ᠲᠤ ᠬᠠᠤᠯᠢ ᠶᠣᠰᠣᠭᠠᠷ ᠱᠠᠰᠢᠨ ᠰᠤᠷᠲᠠᠬᠤᠨ ᠤ ᠠᠵᠢᠯᠯᠠᠭ᠎ᠠ ᠥᠷᠨᠢᠭᠦᠯᠬᠦ ᠬᠡᠷᠡᠭᠲᠡᠶ ᠭᠡᠵᠣ ᠱᠠᠭᠠᠷᠳᠠᠭᠰᠠᠨ ᠤ ᠬᠠᠮᠲᠤ᠂ ᠱᠠᠰᠢᠨ ᠰᠤᠷᠲᠠᠬᠤᠨ ᠤ ᠠᠵᠢᠯᠯᠠᠭᠠᠨ ᠤ ᠭᠠᠵᠠᠷ ᠤᠨ ᠬᠦᠷᠢᠶ᠎ᠡ ᠬᠡᠪᠴᠢᠶ᠎ᠡ ᠪᠣᠯᠤᠨ ᠪᠠᠲᠤᠯᠠᠭ᠎ᠠ ᠶᠢᠨ ᠴᠢᠳᠠᠪᠤᠷᠢ ᠶᠢ ᠦᠨᠳᠦᠰᠦᠯᠡᠨ᠂ ᠡᠯ᠎ᠡ ᠵᠦᠢᠯ ᠤᠨ ᠠᠶᠤᠯᠭᠦᠶ ᠶᠢᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂  ᠡᠯ᠎ᠡ ᠵᠦᠢᠯ ᠤᠨ ᠳᠠᠯᠳᠠ ᠠᠶᠣᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠣ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠂ ᠰᠤᠯᠠᠷᠠᠬᠤ ᠪᠣᠳᠣᠯ ᠢ ᠢᠯᠠᠨ ᠳᠠᠪᠠᠵᠣ᠂ ᠭᠠᠯ ᠤᠨ ᠠᠶᠣᠯ ᠤᠨ ᠬᠠᠮᠢᠶᠠᠷᠣᠯᠲᠠ ᠶᠢ ᠦᠨᠡᠨ ᠬᠦ ᠴᠢᠩᠭᠠᠳᠬᠠᠵᠤ  ᠂ ᠱᠠᠰᠢᠨ ᠰᠤᠷᠲᠠᠬᠤᠨ ᠤ ᠪᠠᠶᠠᠷ ᠤᠨ ᠡᠳᠦᠷ ᠤᠨ ᠠᠵᠢᠯᠯᠠᠭ᠎ᠠ ᠪᠠ ᠲᠤᠮᠤ ᠬᠡᠯᠪᠡᠷᠢ ᠶᠢᠨ ᠱᠠᠰᠢᠨ ᠰᠤᠷᠲᠠᠬᠤᠨ ᠤ ᠠᠵᠢᠯᠯᠠᠭᠠᠨ ᠤ ᠠᠮᠤᠷ ᠲᠦᠪᠰᠢᠨ ᠢ ᠪᠠᠲᠣᠯᠠᠵᠣ᠂  ᠭᠡᠨᠡᠳᠡᠯ ᠤᠨ ᠬᠡᠷᠡᠭ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃     ᠬᠦᠭᠵᠢᠯᠳᠤ ᠴᠢᠬᠤᠯᠠᠴᠢᠯᠠᠭᠰᠠᠨ ᠨᠢ᠂ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠬᠠᠷᠢᠭᠤᠴᠠᠯᠭ᠎ᠠ ᠲᠠᠢ ᠪᠠᠷ ᠭᠠᠵᠠᠷ ᠢᠶᠠᠨ ᠬᠠᠮᠠᠭᠠᠯᠠᠬᠤ ︾ ᠵᠠᠷᠴᠢᠮ ᠶᠣᠰᠣᠭᠠᠷ᠂ ᠱᠠᠰᠢᠨ ᠰᠤᠷᠲᠠᠬᠤᠨ ᠤ ᠠᠵᠢᠯᠯᠠᠭᠠᠨ ᠤ ᠭᠠᠵᠠᠷ ᠲᠤ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠵᠤ᠂ ᠬᠤᠯᠪᠣᠭᠳᠠᠯ ᠪᠦᠬᠦᠢ ᠲᠥᠬᠦᠷᠵᠢᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠵᠢᠭᠠᠨ ᠰᠤᠷᠭᠠᠬᠤ ᠪᠠᠭᠰᠢ ᠠᠵᠢᠯᠲᠠᠳ ᠤᠨ ᠠᠮᠤᠷ ᠲᠦᠪᠰᠢᠨ ᠤ ᠲᠣᠬᠠᠢ ᠪᠤᠯᠪᠠᠰᠣᠷᠠᠯ ᠢ ᠰᠢᠮᠳᠠᠭᠤᠯᠣᠨ ᠬᠢᠵᠣ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠭᠡᠨᠡᠳᠲᠡ ᠭᠠᠷᠤᠭᠰᠠᠨ ᠬᠡᠷᠡᠭ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂  ᠱᠠᠰᠢᠨ ᠤ ᠠᠵᠢᠯᠳᠠᠨ ᠪᠠ ᠱᠠᠰᠢᠨ ᠰᠢᠲᠦᠳᠡᠭ ᠣᠯᠠᠨ ᠲᠦᠮᠡᠨ ᠤ ᠠᠮᠢ ᠨᠠᠰᠦ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠳᠣᠯᠠᠬᠤ ᠬᠡᠷᠡᠭᠲᠡᠢ ᠭᠡᠪᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠦᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号