ᠰᠢᠨᠬᠤᠸᠠ ᠬᠤᠷᠢᠶ᠎ᠠ ᠪᠡᠭᠡᠵᠢᠩ ᠤᠨ 11 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ︵ | ᠰᠤᠷᠪᠤᠯᠵᠢᠯᠠᠭᠴᠢ ᠱᠢ ᠵᠢᠩ ᠨᠠᠨ︶ ᠰᠤᠷᠪᠤᠯᠵᠢᠯᠠᠭᠴᠢ ᠤᠯᠤᠰ ᠤᠨ ᠰᠤᠨᠢᠨ ᠮᠡᠳᠡᠭᠡ ᠬᠡᠪᠯᠡᠯ ᠷᠠᠳᠢᠤ᠋ ᠲᠤᠯᠸᠢᠰ | ᠶᠡᠷᠦᠩᠬᠡᠢ ᠲᠤᠪᠴᠢᠶ᠎ᠠ ᠠᠴᠠ ᠤᠶᠢᠯᠠᠭᠠᠭᠰᠠᠨ ᠢᠶᠠᠷ᠂ 11 ᠰᠠᠷ᠎ᠠ ᠶᠢᠨ 10 ᠤ ᠡᠳᠦᠷ ᠪᠤᠯᠲᠠᠯ᠎ᠠ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠬᠠᠪᠰᠤᠷᠤᠮᠵᠵᠢ ᠶᠢᠨ ᠰᠤᠷᠤᠯᠴᠠᠬᠤ ᠮᠠᠲ᠋ᠧᠷᠢᠶᠠᠯ ᠢ ᠬᠡᠪᠯᠡᠨ | ᠲᠠᠷᠬᠠᠭᠠᠭᠰᠠᠨ ᠶᠡᠷᠦᠩᠬᠡᠢ ᠬᠡᠮᠵᠢᠶ᠎ᠠ 7174 ᠲᠦᠮᠡᠨ ᠬᠤᠪᠢ ᠳᠤ ᠬᠦᠷᠴᠠᠢ᠃ ᠪᠦᠷᠢᠳᠭᠡᠯ ᠢ ᠦᠨᠳᠦᠰᠦᠯᠡᠪᠡᠯ᠂ | ᠤᠳᠤᠬᠠᠨ ᠪᠤᠯᠲᠠᠯ᠎ᠠ ᠠᠷᠠᠳ ᠤᠨ ᠬᠡᠪᠯᠡᠯ ᠤᠨ ᠬᠤᠷᠢᠶᠠᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠮᠡᠳᠡᠭᠦᠯᠦᠯᠲᠠ ᠶᠢᠨ ᠲᠤᠪᠬᠢᠮᠠᠯ ᠢ 2089 ᠲᠦᠮᠡᠨ ᠬᠤᠪᠢ ᠲᠠᠷᠬᠠᠭᠠᠵᠤ᠂ ︽ᠳᠤᠮᠳᠠᠳᠤ ᠤᠯᠤᠰ ᠤᠨ ᠡᠪ ᠬᠠᠮᠲᠤ | ᠨᠡᠮ ᠤᠨ ᠳᠦᠷᠢᠮ︾ ᠲᠤᠪᠬᠢᠮᠠᠯ ᠢ 3442 ᠲᠦᠮᠡᠨ ᠬᠤᠪᠢ ᠲᠠᠷᠬᠠᠭᠠᠵᠤ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠠᠷᠪᠠ ᠶᠢᠰᠦᠳᠦᠭᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠮᠡᠲ᠋ᠤᠷᠢᠶᠠᠯ ᠤᠨ ᠡᠮᠭᠢᠳᠭᠡᠯ︾ ᠢ 442 ᠲᠦᠮᠡᠨ ᠬᠤᠪᠢ ᠲᠠᠷᠬᠠᠭᠠᠵᠤ᠂ ︽ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠮᠡᠳᠡᠭᠦᠯᠦᠯᠲᠠ ᠶᠢᠨ ᠬᠠᠪᠰᠤᠷᠤᠮᠵᠢ ᠶᠢᠨ ᠮᠠᠲ᠋ᠤᠷᠢᠶᠠᠯ︾ ᠢ 493 ᠲᠦᠮᠡᠨ ᠬᠤᠪᠢ ᠲᠠᠷᠬᠠᠭᠠᠵᠠᠢ᠃ | ᠨᠠᠮ ᠤᠨ ᠪᠠᠶᠢᠭᠤᠯᠤᠯᠲᠠ ᠶᠢᠨ ᠤᠩᠰᠢᠬᠤ ᠮᠠᠲ᠋ᠤᠷᠢᠶᠠᠯ ᠤᠨ ᠬᠪᠯᠡᠯ ᠤᠨ ᠬᠤᠷᠢᠶ᠎ᠠ ᠪᠤᠯᠤᠨ ᠰᠤᠷᠤᠯᠴᠠᠬᠤ ᠬᠡᠪᠯᠡᠯ ᠤᠨ | ᠬᠤᠷᠢᠶ᠎ᠠ ᠠᠴᠠ ᠬᠠᠮᠲᠤᠷᠠᠨ ᠬᠡᠪᠯᠡᠭᠰᠡᠨ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠮᠡᠳᠡᠭᠦᠯᠦᠯᠲᠠ ᠶᠢ | ᠰᠤᠷᠤᠯᠴᠠᠬᠤ ᠬᠠᠪᠰᠤᠷᠤᠮᠵᠢ ᠶᠢᠨ ᠵᠠᠭᠤᠨ ᠠᠰᠠᠭᠤᠯᠲᠠ︾ ᠶᠢ 438 ᠲᠦᠮᠡᠨ ᠬᠤᠪᠢ ᠲᠠᠷᠬᠠᠭᠠᠨ᠂ ᠨᠠᠮ ᠤᠨ | ᠪᠠᠶᠢᠭᠤᠯᠤᠯᠲᠠ ᠶᠢᠨ ᠤᠩᠰᠢᠬᠤ ᠮᠠᠲ᠋ᠤᠷᠢᠶᠠᠯ ᠤᠨ ᠬᠡᠪᠯᠡᠯ ᠤᠨ ᠬᠤᠷᠢᠶᠠᠨ ᠠᠴᠠ ᠬᠡᠪᠯᠡᠭᠰᠡᠨ ︽ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠨᠠᠮ ᠤᠨ ᠳᠦᠷᠢᠮ ᠤᠨ ᠵᠠᠰᠠᠪᠤᠷᠢᠯᠠᠬᠤ ᠲᠦᠰᠦᠯ ᠢ ᠰᠤᠷᠤᠯᠴᠠᠬᠤ ᠠᠰᠠᠭᠤᠯᠲᠠ | ᠬᠠᠷᠢᠭᠤᠯᠲᠠ︾ ᠶᠢ 270 ᠲᠦᠮᠡᠨ ᠬᠤᠪᠢ ᠲᠠᠷᠬᠠᠭᠠᠵᠠᠢ᠃ | ᠢᠷᠡᠯᠳᠡ᠄ ᠰᠢᠨᠬᠤᠸᠠ ᠬᠤᠷᠢᠶ᠎ᠠ |