11 ᠰᠠᠷ᠎ᠠ ᠶᠢᠨ 9 ᠤ ᠡᠳᠦᠷ᠂ ᠤᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ ᠬᠦᠭᠵᠢᠯᠳᠤ ᠦᠨᠳᠦᠰᠦᠲᠡᠨ ᠱᠠᠰᠢᠨ ᠰᠣᠷᠲᠠᠬᠤᠨ ᠤ ᠲᠤᠪᠴᠢᠶ᠎ᠠ᠂ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠲᠤᠪᠴᠢᠶ᠎ᠠ᠂ ᠳᠣᠲᠣᠭᠠᠳᠤ ᠶᠢ ᠬᠠᠮᠠᠭᠠᠯᠠᠬᠤ ᠳᠤᠪᠴᠢᠶ᠎ᠠ ᠵᠢᠴᠢ ᠠᠶᠤᠯᠭᠦᠶ ᠦᠢᠯᠡᠳᠪᠦᠷᠢᠯᠡᠯ ᠤᠨ | ᠬᠢᠨᠠᠯᠲᠠ ᠲᠠᠯᠪᠢᠬᠤ ᠲᠤᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠢ ᠳᠠᠭᠠᠭᠤᠯᠵᠤ ᠪᠦᠭᠦ | ᠬᠤᠰᠢᠭᠤᠨ ᠤ ᠱᠠᠰᠢᠨ ᠰᠤᠷᠲᠠᠬᠤᠨ ᠤ ᠠᠵᠢᠯᠯᠠᠭ᠎ᠠ ᠬᠢᠬᠦ ᠲᠠᠯᠠᠪᠤᠷ ᠤᠨ ᠠᠶᠣᠯᠭᠦᠢ ᠦᠢᠯᠡᠳᠪᠦᠷᠢᠯᠡᠯ ᠤᠨ ᠠᠵᠢᠯ ᠳᠤ | ᠪᠠᠶᠢᠴᠠᠭᠠᠯᠲᠠ ᠬᠢᠪᠡ᠃ | ᠬᠦᠭᠵᠢᠯᠳᠤ ᠤᠷᠢᠳ ᠬᠤᠵᠢᠳ ᠯᠠᠯᠤ ᠶᠢᠨ ᠰᠦᠮ᠎ᠡ ᠂ ᠱᠠᠰᠢᠨ ᠦᠨᠳᠦᠰᠦᠨ ᠰᠦᠮ᠎ᠡ ᠵᠡᠷᠭᠡ ᠭᠠᠵᠠᠷ ᠲᠤ | ᠬᠦᠷᠴᠦ᠂ ᠠᠶᠣᠯᠭᠦᠢ ᠦᠢᠯᠡᠳᠪᠦᠷᠢᠯᠡᠯ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠤᠨ ᠨᠠᠶᠢᠳᠠᠪᠦᠷᠢᠵᠢᠭᠤᠯᠣᠯᠲᠠ᠂ | ᠠᠮᠤᠷ ᠲᠦᠪᠰᠢᠨ ᠤ ᠪᠠᠲᠤᠯᠠᠭ᠎ᠠ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠱᠠᠰᠢᠨ ᠰᠤᠷᠲᠠᠬᠤᠨ ᠤ ᠠᠵᠢᠯᠯᠠᠭᠠᠨ ᠤ | ᠭᠠᠵᠠᠷ ᠲᠤ ᠬᠠᠤᠯᠢ ᠶᠣᠰᠣᠭᠠᠷ ᠱᠠᠰᠢᠨ ᠰᠤᠷᠲᠠᠬᠤᠨ ᠤ ᠠᠵᠢᠯᠯᠠᠭ᠎ᠠ ᠥᠷᠨᠢᠭᠦᠯᠬᠦ ᠬᠡᠷᠡᠭᠲᠡᠶ ᠭᠡᠵᠣ ᠱᠠᠭᠠᠷᠳᠠᠭᠰᠠᠨ ᠤ | ᠬᠠᠮᠲᠤ᠂ ᠱᠠᠰᠢᠨ ᠰᠤᠷᠲᠠᠬᠤᠨ ᠤ ᠠᠵᠢᠯᠯᠠᠭᠠᠨ ᠤ ᠭᠠᠵᠠᠷ ᠤᠨ ᠬᠦᠷᠢᠶ᠎ᠡ ᠬᠡᠪᠴᠢᠶ᠎ᠡ ᠪᠣᠯᠤᠨ ᠪᠠᠲᠤᠯᠠᠭ᠎ᠠ ᠶᠢᠨ | ᠴᠢᠳᠠᠪᠤᠷᠢ ᠶᠢ ᠦᠨᠳᠦᠰᠦᠯᠡᠨ᠂ ᠡᠯ᠎ᠡ ᠵᠦᠢᠯ ᠤᠨ ᠠᠶᠤᠯᠭᠦᠶ ᠶᠢᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠳᠠᠯᠳᠠ ᠠᠶᠣᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠣ ᠴᠡᠭᠴᠡᠯᠡᠨ | ᠰᠠᠶᠢᠵᠢᠷᠠᠭᠤᠯᠬᠤ ᠬᠡᠷᠡᠭᠲᠡᠶ᠂ ᠰᠤᠯᠠᠷᠠᠬᠤ ᠪᠣᠳᠣᠯ ᠢ ᠢᠯᠠᠨ ᠳᠠᠪᠠᠵᠣ᠂ ᠭᠠᠯ ᠤᠨ ᠠᠶᠣᠯ ᠤᠨ ᠬᠠᠮᠢᠶᠠᠷᠣᠯᠲᠠ ᠶᠢ | ᠦᠨᠡᠨ ᠬᠦ ᠴᠢᠩᠭᠠᠳᠬᠠᠵᠤ ᠂ ᠱᠠᠰᠢᠨ ᠰᠤᠷᠲᠠᠬᠤᠨ ᠤ ᠪᠠᠶᠠᠷ ᠤᠨ ᠡᠳᠦᠷ ᠤᠨ ᠠᠵᠢᠯᠯᠠᠭ᠎ᠠ ᠪᠠ ᠲᠤᠮᠤ ᠬᠡᠯᠪᠡᠷᠢ ᠶᠢᠨ | ᠱᠠᠰᠢᠨ ᠰᠤᠷᠲᠠᠬᠤᠨ ᠤ ᠠᠵᠢᠯᠯᠠᠭᠠᠨ ᠤ ᠠᠮᠤᠷ ᠲᠦᠪᠰᠢᠨ ᠢ ᠪᠠᠲᠣᠯᠠᠵᠣ᠂ ᠭᠡᠨᠡᠳᠡᠯ ᠤᠨ ᠬᠡᠷᠡᠭ ᠭᠠᠷᠬᠤ ᠶᠢ ᠡᠷᠡᠰ | ᠬᠤᠷᠢᠭᠯᠠᠬᠤ ᠬᠡᠷᠡᠭᠲᠡᠶ᠃ | ᠬᠦᠭᠵᠢᠯᠳᠤ ᠴᠢᠬᠤᠯᠠᠴᠢᠯᠠᠭᠰᠠᠨ ᠨᠢ᠂ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ | ᠬᠠᠷᠢᠭᠤᠴᠠᠯᠭ᠎ᠠ ᠲᠠᠢ ᠪᠠᠷ ᠭᠠᠵᠠᠷ ᠢᠶᠠᠨ ᠬᠠᠮᠠᠭᠠᠯᠠᠬᠤ ︾ ᠵᠠᠷᠴᠢᠮ ᠶᠣᠰᠣᠭᠠᠷ᠂ ᠱᠠᠰᠢᠨ ᠰᠤᠷᠲᠠᠬᠤᠨ ᠤ | ᠠᠵᠢᠯᠯᠠᠭᠠᠨ ᠤ ᠭᠠᠵᠠᠷ ᠲᠤ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠵᠤ᠂ ᠬᠤᠯᠪᠣᠭᠳᠠᠯ ᠪᠦᠬᠦᠢ | ᠲᠥᠬᠦᠷᠵᠢᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠵᠢᠭᠠᠨ ᠰᠤᠷᠭᠠᠬᠤ ᠪᠠᠭᠰᠢ ᠠᠵᠢᠯᠲᠠᠳ ᠤᠨ | ᠠᠮᠤᠷ ᠲᠦᠪᠰᠢᠨ ᠤ ᠲᠣᠬᠠᠢ ᠪᠤᠯᠪᠠᠰᠣᠷᠠᠯ ᠢ ᠰᠢᠮᠳᠠᠭᠤᠯᠣᠨ ᠬᠢᠵᠣ᠂ ᠡᠯ᠎ᠡ ᠲᠦᠷᠦᠯ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠪᠣᠯᠤᠨ ᠭᠡᠨᠡᠳᠲᠡ ᠭᠠᠷᠤᠭᠰᠠᠨ ᠬᠡᠷᠡᠭ ᠢ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠱᠠᠰᠢᠨ ᠤ ᠠᠵᠢᠯᠳᠠᠨ ᠪᠠ ᠱᠠᠰᠢᠨ ᠰᠢᠲᠦᠳᠡᠭ ᠣᠯᠠᠨ ᠲᠦᠮᠡᠨ ᠤ ᠠᠮᠢ ᠨᠠᠰᠦ ᠪᠠ ᠡᠳ᠋ | ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠳᠣᠯᠠᠬᠤ ᠬᠡᠷᠡᠭᠲᠡᠢ ᠭᠡᠪᠡ᠃ |