ᠦᠭᠡᠬᠦ ᠭᠡᠵᠦ ᠶᠠᠷᠢᠮᠠᠭᠴᠠ ᠬᠦᠮᠦᠰ ᠶᠠᠭᠤᠨ ᠤ ᠡᠮᠦᠨ᠎ᠠ ᠮᠠᠷᠢᠶᠠᠯᠠᠬᠤ ᠶᠢ ᠰᠠᠨᠠᠵᠤ ᠤᠯᠳᠠᠭ᠂ ᠮᠠᠷᠢᠶᠠᠯᠠᠬᠤ ᠶᠢᠨ | ᠤᠯᠠᠮ ᠢᠶᠠᠷ ᠡᠷᠡᠭᠦᠯ ᠮᠡᠨᠳᠦ ᠶᠢ ᠨᠦᠯᠤᠭᠡᠯᠡᠨ᠎ᠠ ᠭᠡᠳᠡᠭ ᠢ ᠰᠠᠨᠠᠵᠤ ᠤᠯᠳᠠᠭ᠃ ᠭᠡᠪᠡᠴᠦ ᠦᠭᠡᠬᠦ ᠬᠡᠮᠡᠬᠦ ᠰᠢᠮ᠎ᠠ | ᠳᠡᠵᠢᠭᠡᠯ ᠤᠨ ᠡᠯᠧᠮᠧᠨ᠋ᠲ ᠬᠦᠮᠦᠨ ᠳᠤ ᠳᠤᠳᠠᠭᠳᠠᠵᠤ ᠪᠤᠯᠬᠤ ᠦᠭᠡᠢ ᠪᠠᠷ ᠪᠠᠷᠠᠬᠤ ᠦᠭᠡᠢ᠂ ᠵᠠᠷᠢᠮ ᠦᠭᠡᠬᠦ ᠶᠢᠨ | ᠵᠦᠢᠯ ᠨᠢ ᠡᠷᠡᠭᠦᠯ ᠮᠡᠨᠳᠦ ᠳᠤ ᠤᠨᠴᠠᠭᠠᠢ ᠳᠤᠰᠠᠳᠠᠢ ᠪᠠᠶᠢᠳᠠᠭ ᠢ ᠴᠤ ᠮᠡᠳᠡᠬᠦ ᠴᠢᠬᠤᠯᠠᠲᠠᠢ᠃ ᠵᠢᠱᠢᠶᠡᠯᠠᠪᠡᠯ ᠤᠮᠧᠭ᠎ᠠ | 6 ᠦᠭᠡᠬᠦᠨ ᠬᠦᠴᠢᠯ ᠭᠡᠬᠦ ᠮᠡᠳᠦ᠃ ᠠᠮᠧᠷᠢᠺᠠ ᠶᠢᠨ ᠲᠦᠹᠴ ᠶᠡᠭᠡ ᠰᠤᠷᠭᠠᠭᠤᠯᠢ᠂ ᠰᠢᠳ᠋ᠨᠢ ᠶᠢᠨ ᠵᠦᠷᠵ ᠪᠦᠬᠦ | ᠪᠦᠮᠪᠦᠷᠴᠡᠭ ᠤᠨ ᠡᠷᠡᠭᠦᠯ ᠡᠩᠬᠡ ᠶᠢᠨ ᠰᠤᠳᠤᠯᠭᠠᠨ ᠤ ᠭᠠᠵᠠᠷ ᠵᠡᠷᠭᠡ ᠪᠠᠶᠢᠭᠤᠯᠤᠮᠵᠢ ᠶᠢᠨ ᠬᠠᠮᠤᠭ ᠤᠨ ᠰᠢᠨ᠎ᠠ | ᠰᠤᠳᠤᠯᠭᠠᠨ ᠳᠤ᠂ ᠤᠮᠧᠭ᠎ᠠ 6 ᠬᠠᠨᠤᠮᠠᠯ ᠪᠤᠰᠤ ᠦᠭᠡᠬᠦᠨ ᠬᠦᠴᠢᠯ ᠨᠢ 2 ᠬᠡᠯᠪᠡᠷᠢ ᠶᠢᠨ ᠰᠢᠬᠢᠷ ᠰᠢᠵᠢᠩ | ᠡᠪᠡᠳᠴᠢᠨ ᠢ ᠰᠡᠷᠭᠡᠶᠢᠯᠡᠬᠦ ᠳᠤ ᠠᠰᠢᠬᠳᠠᠢ ᠭᠡᠳᠡᠭ ᠢ ᠢᠯᠡᠷᠡᠭᠦᠯᠦᠭᠰᠡᠨ ᠪᠠᠶᠢᠨ᠎ᠠ᠃ | ᠤᠮᠧᠭ᠎ᠠ 6 ᠳᠤᠳᠠᠭᠤ ᠦᠭᠡᠬᠦᠨ ᠬᠦᠴᠢᠯ ᠨᠢ ᠨᠠᠷᠠᠨ ᠬᠤᠸᠠᠷ ᠤᠨ ᠦᠷ᠎ᠡ ᠵᠡᠷᠭᠡ ᠤᠯᠠᠨ ᠵᠦᠢᠯ ᠤᠨ ᠰᠠᠮᠤᠷ | ᠵᠢᠮᠢᠰ ᠪᠠ ᠰᠢᠷ᠎ᠠ ᠪᠤᠷᠴᠠᠭ ᠲᠤ ᠠᠭᠤᠯᠳᠠᠭ᠃ ᠡᠨᠡ ᠲᠦᠷᠦᠯ ᠤᠨ ᠦᠭᠡᠭᠦᠨ ᠬᠦᠴᠢᠯ ᠤᠯᠠᠨ ᠵᠦᠢᠯ ᠪᠠᠶᠢᠳᠠᠭ᠂ | ᠳᠤᠳᠠᠭᠤ ᠦᠭᠡᠬᠦᠨ ᠬᠦᠴᠢᠯ ᠪᠤᠯ ᠭᠤᠤᠯ ᠪᠤᠯᠬᠤ ᠨᠢᠭᠡ ᠵᠦᠢᠯ ᠨᠢ ᠪᠤᠯᠤᠨ᠎ᠠ᠃ ᠪᠤᠰᠤᠳ ᠦᠭᠡᠬᠦᠨ ᠬᠦᠴᠢᠯ ᠠᠴᠠ | ᠢᠯᠭᠠᠭᠳᠠᠬᠤ ᠳᠠᠯ᠎ᠠ ᠨᠢ ᠭᠡᠪᠡᠯ᠂ ᠳᠤᠳᠠᠭᠤ ᠦᠭᠡᠬᠦᠨ ᠬᠦᠴᠢᠯ ᠨᠢ ᠬᠦᠮᠦᠨ ᠤ ᠪᠡᠶ᠎ᠡ ᠳᠤ ᠨᠡᠶᠢᠯᠡᠭᠵᠢᠨ ᠪᠦᠲᠦᠵᠦ | ᠳᠡᠶᠢᠯᠳᠡᠭ ᠦᠭᠡᠢ᠂ ᠵᠦᠪᠬᠡᠨ ᠢᠳᠡᠭᠡᠨ ᠢᠶᠠᠷ ᠨᠦᠬᠦᠪᠦᠷᠢᠯᠡᠬᠦ ᠭᠡᠷᠡᠭ ᠲᠠᠢ ᠪᠠᠶᠢᠳᠠᠭ ᠪᠦᠭᠡᠳ ᠡᠷᠭᠡᠪᠰᠢ | ᠨᠦᠬᠦᠪᠦᠷᠢᠯᠡᠬᠦ ᠴᠢᠬᠤᠯᠠᠳᠠᠢ ᠦᠭᠡᠬᠦᠨ ᠬᠦᠴᠢᠯ ᠪᠤᠯᠤᠨ᠎ᠠ᠃ | ᠳᠡᠭᠡᠷ᠎ᠡ ᠳᠤᠷᠠᠳᠤᠭᠰᠠᠨ ᠰᠤᠳᠤᠯᠭᠠᠨ ᠨᠢ ᠪᠦᠬᠦ ᠪᠦᠮᠪᠦᠷᠴᠡᠭ ᠤᠨ 10 ᠤᠯᠤᠰ ᠤᠨ 20 ᠳᠦᠷᠦᠯ ᠤᠨ | ᠦᠷᠭᠡᠨ ᠬᠡᠪᠴᠢᠶ᠎ᠠ ᠪᠦᠬᠦᠢ ᠰᠤᠳᠤᠯᠭᠠᠨ ᠤ ᠳᠤᠭ᠎ᠠ ᠪᠠᠷᠢᠮᠳᠠ ᠳᠤ ᠵᠠᠳᠠᠯᠤᠯᠳᠠ ᠬᠢᠭᠰᠡᠨ ᠪᠠᠶᠢᠨ᠎ᠠ᠂ ᠡᠳᠡᠭᠡᠷ ᠳᠤᠭ᠎ᠠ | ᠪᠠᠷᠢᠮᠳᠠ ᠶᠢ ᠭᠠᠷᠭᠠᠬᠤ ᠳᠤ 4 ᠳᠦᠮᠡᠨ ᠡᠷᠡᠭᠦᠯ ᠬᠦᠮᠦᠨ ᠳᠤ ᠪᠠᠶᠢᠴᠠᠭᠠᠯᠳᠠ ᠬᠢᠭᠰᠡᠨ ᠪᠦᠭᠡᠳ ᠳᠡᠳᠡᠨ ᠤ ᠢᠳᠡᠭᠡᠨ | ᠤᠮᠳᠠᠭᠠᠨ ᠤ ᠳᠠᠳᠬᠠᠯ ᠵᠡᠷᠭᠡ ᠳᠤ ᠶᠠᠮᠠᠷ ᠴᠤ ᠳᠤᠰᠬᠠᠢ ᠱᠠᠭᠠᠷᠳᠠᠯᠭ᠎ᠠ ᠳᠠᠯᠪᠢᠬᠰᠠᠨ ᠦᠭᠡᠢ ᠪᠠᠶᠢᠵᠠᠢ᠃ | ᠰᠤᠳᠤᠯᠭᠠᠨ ᠢ ᠳᠠᠭᠤᠰᠬᠤ ᠪᠤᠯᠳᠠᠯ᠎ᠠ᠂ 4000 ᠭᠠᠷᠤᠢ ᠬᠦᠮᠦᠨ ᠨᠢ 2 ᠭᠡᠯᠪᠡᠷᠢ ᠶᠢᠨ ᠰᠢᠬᠢᠷ ᠰᠢᠵᠢᠩ | ᠡᠪᠡᠳᠴᠢᠨ ᠳᠤ ᠨᠡᠷᠪᠡᠭᠳᠡᠭᠰᠡᠨ ᠪᠠᠶᠢᠨ᠎ᠠ᠃ ᠳᠡᠭᠡᠭᠡᠳ ᠴᠢᠰᠦᠨ ᠳᠠᠬᠢ ᠳᠤᠳᠠᠭᠤ ᠦᠭᠡᠭᠦᠨ ᠬᠦᠴᠢᠯ ᠤᠨ | ᠠᠭᠤᠯᠤᠭᠳᠠᠴᠠ ᠨᠢ ᠦᠨᠳᠦᠷ ᠬᠦᠮᠦᠰ ᠠᠴᠠ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠭᠰᠡᠨ | ᠨᠤᠷᠮ᠎ᠠ ᠨᠢ ᠴᠢᠰᠦᠨ ᠳᠠᠬᠢ ᠳᠤᠳᠠᠭᠤ ᠦᠭᠡᠭᠦᠨ ᠬᠦᠴᠢᠯ ᠤᠨ ᠠᠭᠤᠯᠤᠭᠳᠠᠴᠠ ᠨᠢ ᠳᠤᠤᠷ᠎ᠠ ᠪᠠᠶᠢᠭ᠎ᠠ | ᠬᠦᠮᠦᠰ ᠤᠨ ᠬᠢ ᠠᠴᠠ 35% ᠳᠤᠤᠷ᠎ᠠ ᠪᠠᠶᠢᠭ᠎ᠠ ᠶᠢ ᠰᠤᠳᠤᠯᠭᠠᠳᠠᠳ ᠬᠤᠷᠢᠶᠠᠩᠭᠤᠢᠢᠯᠠᠵᠤ ᠭᠠᠷᠭᠠᠭᠰᠠᠨ ᠪᠠᠶᠢᠨ᠎ᠠ᠃ | ᠳᠤᠰ ᠰᠤᠳᠤᠯᠭᠠᠨ ᠤ ᠦᠷ᠎ᠡ ᠳ᠋ᠦᠩ ᠢ ᠤᠢᠢᠷ᠎ᠠ ᠶᠢᠨ ᠬᠤᠭᠤᠴᠠᠭᠠᠨ ᠤ ︽ᠤᠳᠠᠨ ᠨᠠᠪᠴᠢᠨ ᠬᠢᠳᠤᠭ᠎ᠠ — ᠰᠢᠬᠢᠷ | ᠰᠢᠵᠢᠩ ᠡᠪᠡᠳᠴᠢᠨ ᠪᠠ ᠳᠤᠳᠤᠭᠠᠳᠤ ᠱᠦᠭᠦᠷᠡᠯ ᠤᠨ ᠰᠤᠳᠤᠯᠭᠠᠨ︾ ᠰᠡᠳᠭᠦᠯ ᠳᠤ ᠨᠡᠶᠢᠳᠡᠯᠡᠵᠡᠢ᠃ ᠡᠯ᠎ᠠ | ᠵᠦᠢᠯ ᠤᠨ ᠰᠠᠮᠤᠷ ᠵᠢᠮᠢᠰ᠂ ᠰᠢᠷ᠎ᠠ ᠪᠤᠷᠴᠠᠭ ᠵᠡᠷᠭᠡ ᠶᠢᠨ ᠳᠤᠳᠠᠭᠤ ᠦᠭᠡᠭᠦᠨ ᠬᠦᠴᠢᠯ ᠡᠯᠪᠡᠭ ᠠᠭᠤᠯᠤᠭᠰᠠᠨ | ᠢᠳᠡᠭᠡᠨ ᠢᠯᠡᠭᠦᠦ ᠢᠳᠡᠵᠦ᠂ ᠬᠤᠭᠤᠯᠠ ᠬᠢᠬᠦ ᠳᠡᠭᠡᠨ ᠰᠢᠷ᠎ᠠ ᠪᠤᠷᠴᠠᠭ ᠤᠨ ᠳᠤᠰᠤ᠂ ᠨᠠᠷᠠᠨ ᠬᠤᠸᠠᠷ ᠤᠨ ᠦᠷ᠎ᠡ ᠶᠢᠨ | ᠳᠤᠰᠤ ᠭᠡᠷᠡᠭᠯᠡᠵᠦ ᠪᠠᠶᠢᠪᠠᠯ ᠰᠢᠬᠢᠷ ᠰᠢᠵᠢᠩ ᠡᠪᠡᠳᠴᠢᠨ ᠢ ᠵᠤᠬᠢᠬᠤ ᠬᠡᠮᠵᠢᠶᠡᠨ ᠳᠤ ᠰᠡᠷᠭᠡᠶᠢᠯᠡᠵᠦ ᠳᠡᠶᠢᠯᠦᠨ᠎ᠠ ᠭᠡᠵᠦ | ᠰᠤᠳᠤᠯᠭᠠᠳᠠᠳ ᠰᠠᠨᠠᠭᠤᠯᠤᠭᠰᠠᠨ ᠪᠠᠶᠢᠨ᠎ᠠ᠃ | ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ |