ᠤᠬᠢᠶᠠᠯᠠᠭ᠎ᠠ ᠶᠢᠨ ᠡᠳ᠋ ᠬᠢᠭᠡᠳ ᠠᠭᠤᠰᠬᠢᠨ ᠡᠪᠡᠳᠴᠢᠨ
ᠨᠡᠶᠢᠲᠡᠯᠡᠭᠰᠡᠨ ᠴᠠᠭ᠄
2017/11/7
        ᠬᠠᠮᠤᠬ ᠤᠨ ᠰᠢᠨ᠎ᠡ ᠰᠤᠳᠤᠯᠭᠠᠨ ᠳᠤ ᠤᠯᠵᠤ ᠮᠡᠳᠡᠭᠰᠡᠨ ᠢᠶᠠᠷ᠂ ᠤᠬᠢᠶᠠᠯᠠᠭ᠎ᠠ ᠶᠢᠨ ᠡᠳ᠋ ᠬᠡᠷᠡᠭᠯᠡᠬᠦ ᠨᠢ ᠠᠭᠤᠰᠬᠢᠨ ᠡᠪᠡᠳᠴᠢᠨ ᠳᠤ ᠨᠡᠷᠪᠡᠭᠳᠡᠬᠦ ᠲᠦᠭᠰᠢᠬᠦᠷᠢ ᠶᠢ ᠨᠡᠮᠡᠭᠳᠡᠬᠦᠯᠦᠨ᠎ᠡ᠃ ᠰᠤᠳᠤᠯᠭᠠᠨ ᠳᠤ ᠭᠡᠯᠡᠬᠦ ᠪᠠᠷ ᠴᠠᠶᠢᠷᠠᠭᠤᠯᠬᠤ ᠡᠳ᠋᠂ ᠠᠷᠢᠭᠤᠳᠬᠠᠬᠤ ᠰᠢᠩᠭᠡᠨ ᠦᠷᠬᠦᠯᠵᠢ ᠬᠡᠷᠡᠭᠯᠡᠪᠡᠯ ᠤᠳᠠᠭᠠᠨ ᠴᠢᠨᠠᠷᠳᠠᠢ ᠠᠭᠤᠰᠬᠢᠨ ᠤ ᠪᠦᠭᠯᠡᠷᠡᠯ ᠪᠤᠯᠬᠤ ᠨᠤᠷᠮ᠎ᠠ 32% ᠢᠶᠠᠷ ᠲᠡᠭᠡᠭᠰᠢᠯᠡᠬᠦᠯᠳᠡᠭ᠃     ᠳᠤᠰ ᠰᠤᠳᠤᠯᠭᠠᠨ ᠢ ᠹᠷᠠᠨᠼᠢ ᠶᠢᠨ ᠤᠯᠤᠰ ᠤᠨ ᠡᠷᠡᠬᠦᠯ ᠬᠠᠮᠠᠭᠠᠯᠠᠯ ᠬᠢᠭᠡᠳ ᠠᠨᠠᠭᠠᠬᠤ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠭᠠᠳᠠᠳ ᠬᠢᠵᠡᠢ᠃ ᠰᠤᠳᠤᠯᠭᠠᠳᠠᠳ 5.5 ᠲᠦᠮᠡᠨ ᠡᠮᠡᠭᠳᠡᠢ ᠰᠤᠪᠢᠯᠠᠬᠴᠢ ᠪᠠᠷ ᠰᠤᠳᠤᠯᠭᠠᠨ ᠤ ᠨᠢᠭᠤᠷᠯᠠᠯ ᠪᠤᠯᠭᠠᠨ᠂ ᠲᠡᠳᠡᠨ ᠤ ᠡᠯ᠎ᠡ ᠵᠦᠢᠯ ᠤᠨ ᠠᠷᠢᠭᠤᠳᠬᠠᠬᠤ ᠡᠳ᠋ ᠲᠠᠢ ᠬᠦᠷᠦᠯᠴᠡᠭᠰᠡᠨ ᠭᠡᠮᠵᠢᠶ᠎ᠡ ᠶᠢ ᠤᠢᠢᠯᠠᠭᠠᠬᠤ ᠶᠢᠨ ᠬᠠᠮᠳᠤ ᠡᠳᠡᠭᠡᠷ ᠬᠦᠷᠦᠯᠴᠡᠭᠡ ᠬᠢᠭᠡᠳ ᠤᠳᠠᠭᠠᠨ ᠴᠢᠨᠠᠷᠳᠠᠢ ᠠᠭᠤᠰᠬᠢᠨ ᠤ ᠪᠦᠭᠯᠡᠷᠡᠯ ᠤᠨ ᠬᠤᠭᠤᠷᠤᠨᠳᠤᠬᠢ ᠬᠤᠯᠪᠤᠭ᠎ᠠ ᠶᠢ ᠰᠤᠳᠤᠯᠵᠠᠢ᠃ 2009 ᠤᠨ ᠳᠤ ᠳᠤᠰ ᠰᠤᠳᠤᠯᠭᠠᠨ ᠡᠬᠢᠯᠡᠬᠦ ᠦᠶᠡᠰ ᠰᠤᠳᠤᠯᠭᠠᠨ ᠳᠤ ᠤᠷᠤᠯᠴᠠᠭᠰᠠᠨ ᠠᠵᠢᠯ ᠤᠨ ᠪᠠᠶᠢᠷᠢᠨ ᠳᠠᠭᠠᠨ ᠪᠠᠶᠢᠭᠰᠠᠨ ᠰᠤᠪᠢᠯᠠᠬᠴᠢᠳ ᠴᠦᠮ ᠡᠷᠡᠬᠦᠯ ᠴᠢᠬᠢᠷᠠᠭ ᠪᠠᠶᠢᠪᠠ᠃ ᠭᠡᠶ᠎ᠡ 8 ᠵᠢᠯ ᠤᠨ ᠳᠠᠷᠠᠭ᠎ᠠ᠂ 663 ᠰᠤᠪᠢᠯᠠᠬᠴᠢ ᠤᠳᠠᠭᠠᠨ ᠴᠢᠨᠠᠷᠳᠠᠢ ᠠᠭᠤᠰᠬᠢᠨ ᠤ ᠪᠦᠭᠯᠡᠷᠡᠯ ᠲᠠᠢ ᠪᠤᠯᠤᠭᠰᠠᠨ ᠢᠶᠠᠷ ᠤᠨᠤᠰᠢᠯᠠᠭᠳᠠᠪᠠ᠃ ᠰᠤᠳᠤᠯᠭᠠᠳᠠᠳ ᠡᠳᠡᠭᠡᠷ ᠰᠤᠪᠢᠯᠠᠭᠴᠢ ᠶᠢᠨ ᠴᠠᠶᠢᠷᠠᠭᠤᠯᠬᠤ ᠡᠳ᠋ ᠂ ᠠᠷᠢᠭᠤᠳᠬᠠᠬᠤ ᠰᠢᠩᠭᠡᠨ ᠲᠠᠢ ᠬᠦᠷᠦᠯᠴᠡᠬᠦ ᠪᠠᠶᠢᠳᠠᠯ ᠳᠤ ᠦᠨᠡᠯᠡᠯᠳᠡ ᠵᠠᠳᠠᠯᠤᠯᠳᠠ ᠬᠢᠬᠦ ᠶᠢᠨ ᠬᠠᠮᠳᠤ ᠳᠠᠮᠠᠬᠢ ᠳᠠᠳᠠᠬᠤ᠂ ᠨᠠᠰᠤ ᠵᠢᠯ᠂ ᠮᠠᠬᠠᠪᠤᠳ ᠪᠠ ᠠᠷᠠᠰᠤᠳᠠᠨ ᠶᠠᠰᠤᠳᠠᠨ ᠵᠡᠷᠭᠡ ᠶᠢᠨ ᠰᠤᠳᠤᠯᠭᠠᠨ ᠤ ᠦᠷ᠎ᠡ ᠳ᠋ᠦᠩ ᠢ ᠨᠦᠯᠦᠭᠡᠯᠡᠵᠦ ᠮᠡᠳᠡᠬᠦ ᠤᠯᠠᠨ ᠡᠯᠧᠮᠧᠨ᠋ᠲ ᠢ ᠭᠠᠷᠭᠠᠭᠰᠠᠨ ᠤ ᠳ᠋ᠦᠩ ᠳᠤ ᠡᠮᠨᠡᠯᠭᠡ ᠶᠢᠨ ᠬᠤᠷᠢᠶᠠᠨ ᠤ ᠠᠷᠢᠭᠤᠳᠬᠠᠬᠤ᠂ ᠤᠬᠢᠶᠠᠯᠠᠭ᠎ᠠ ᠳᠤ ᠦᠷᠬᠦᠯᠵᠢ ᠭᠡᠷᠡᠭᠯᠡᠳᠡᠭ ᠴᠠᠶᠢᠷᠠᠭᠤᠯᠬᠤ ᠡᠳ᠋᠂ ᠳᠠᠪᠬᠤᠷ  ᠬᠦᠴᠢᠯᠳᠦ᠋ᠷᠦᠭᠴᠢᠳᠦ ᠤᠰᠤ᠂ ᠰᠫᠢᠷᠲ ᠵᠡᠷᠭᠡ ᠨᠢ ᠴᠦᠮ ᠤᠳᠠᠭᠠᠨ ᠴᠢᠨᠠᠷᠳᠠᠢ ᠠᠭᠤᠰᠬᠢᠨ ᠤ ᠪᠦᠭᠯᠡᠷᠡᠯ ᠲᠠᠢ ᠬᠤᠯᠪᠤᠭ᠎ᠠ ᠲᠠᠢ ᠪᠠᠶᠢᠵᠤ᠂ ᠡᠪᠡᠳᠴᠢᠯᠡᠬᠦ ᠨᠤᠷᠮ᠎ᠠ ᠶᠢ 24% ~ 32% ᠢᠶᠠᠷ ᠨᠡᠮᠡᠭᠳᠡᠬᠦᠯᠳᠡᠭ ᠢ ᠢᠯᠡᠷᠡᠬᠦᠯᠵᠡᠢ᠃          ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠠᠴᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号