ᠤᠩᠨᠢᠭᠤᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ‌‍ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠤ ᠲᠦᠯᠦᠭᠡᠯᠡᠭᠴᠢᠳ ‍ᠤᠨ‌‍ᠰᠠᠨᠠᠭᠤᠯᠭ᠎ᠠ ᠰᠢᠬᠦᠮᠵᠢ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠮᠠᠳᠠᠬᠦᠯᠦᠯᠳᠠ
ᠨᠡᠶᠢᠲᠡᠯᠡᠭᠰᠡᠨ ᠴᠠᠭ᠄
2017/2/13
      ᠤᠩᠨᠢᠭᠤᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ‌‍ᠤᠨ  ᠶᠡᠭᠡ  ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠤ ᠲᠦᠯᠦᠭᠡᠯᠡᠭᠴᠢᠳ ᠤᠨ ᠰᠠᠨᠠᠭᠤᠯᠭ᠎ᠠ ᠰᠢᠬᠦᠮᠵᠢ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠮᠠᠳᠠᠬᠦᠯᠦᠯᠳᠠ                                   ︵2017 ᠤᠨ ᠤ 2 ᠰᠠᠷ᠎ᠠ︶                            ᠬᠤᠰᠢᠭᠤᠨ ᠤ ᠵᠠᠰᠠᠭ ᠤᠨ ᠤᠷᠳᠤᠨ ᠤ ᠠᠯᠪᠠᠨ ᠬᠡᠷᠲᠦᠯᠦᠭᠡᠯᠡᠭᠴᠢᠳ ᠡ᠄      ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠲᠤᠤᠷ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ  ᠬᠤᠷᠠᠯᠳᠤᠭᠠᠨ ᠵᠢᠴᠢ ᠦᠩᠭᠡᠷᠡᠭᠰᠡᠨ ᠬᠡᠳᠦᠨ ᠤᠳᠠᠭ᠎ᠠ ᠶᠢᠨ ᠬᠤᠷᠠᠯᠳᠤᠭᠠᠨ ᠤ ᠲᠦᠯᠦᠭᠡᠯᠡᠭᠴᠢᠳ ᠤᠨ ᠰᠠᠨᠠᠭᠤᠯᠭ᠎ᠠ ᠰᠢᠬᠦᠮᠵᠢ ᠪᠠ ᠰᠠᠨᠠᠯ ︵ᠲᠤᠤᠷ᠎ᠠ ᠲᠦᠬᠦᠮᠴᠢᠯᠠᠭᠡᠳ ᠰᠠᠨᠠᠭᠤᠯᠭ᠎ᠠ ᠬᠡᠨ᠎ᠠ︶ ᠢ ᠰᠢᠢᠳᠪᠤᠷᠢᠯᠡᠭᠰᠡᠨ ᠪᠠᠶᠢᠳᠠᠯ ᠤᠨ ᠮᠠᠳᠠᠬᠦᠯᠦᠯᠳᠠ ᠲᠤᠤᠷᠠᠬᠢ ᠮᠠᠳᠤ᠄      ᠨᠢᠭᠡ᠂ ᠰᠠᠨᠠᠭᠤᠯᠭ᠎ᠠ ᠶᠢ ᠰᠢᠢᠳᠪᠤᠷᠢᠯᠡᠭᠰᠡᠨ ᠪᠠᠶᠢᠳᠠᠯ      ᠬᠤᠰᠢᠭᠤᠨ ᠤ ᠵᠠᠰᠠᠭ ᠤᠨ ᠤᠷᠳᠤᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠠᠴᠠ ᠲᠤᠰᠢᠶᠠᠨ ᠬᠢᠯᠭᠡᠭᠰᠡᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ ᠠᠴᠠ ᠲᠦᠷᠪᠠᠳᠤᠭᠡᠷ ᠤᠳᠠᠭᠠᠨ ᠤ ᠬᠤᠷᠠᠯᠳᠤᠭᠠᠨ ᠪᠤᠯᠳᠠᠯᠠᠬᠢ ᠲᠦᠯᠦᠭᠡᠯᠡᠭᠴᠢᠳ ᠤᠨ ᠰᠠᠨᠠᠭᠤᠯᠭ᠎ᠠ 454  ᠵᠦᠢᠯ ᠬᠤᠷᠢᠶᠠᠨ ᠤᠯᠵᠠᠢ᠂ 2015 ᠤᠨ ᠤ 11 ᠰᠠᠷᠠᠶᠢᠨ ᠰᠠᠬᠦᠯᠴᠢ ᠪᠤᠯᠳᠠᠯ᠎ᠠ ᠰᠠᠨᠠᠭᠤᠯᠭ᠎ᠠ ᠳᠤ ᠲᠤᠷᠠᠳᠤᠬᠰᠠᠨ ᠠᠰᠠᠭᠤᠳᠠᠯ ᠢ ᠨᠢᠭᠡᠨᠳᠠ ᠰᠢᠢᠳᠪᠤᠷᠢᠯᠡᠭᠰᠡᠨ ᠪᠠ ᠲᠦᠯᠦᠪᠯᠡᠭᠡ  ᠳᠤ ᠤᠷᠤᠭᠤᠯᠵᠤ ᠢᠳᠡᠭ ᠠᠯᠬᠤᠮ ᠢᠶᠠᠷ ᠰᠢᠢᠳᠪᠤᠷᠢᠯᠠᠵᠤ ᠪᠠᠶᠢᠬᠤ 321 ᠵᠦᠢᠯ᠂ ᠶᠠᠷᠦᠩᠭᠡᠢ ᠲᠤᠭ᠎ᠠ ᠶᠢᠨ 70.7% ᠶᠢ ᠡᠵᠡᠯᠠᠨ᠎ᠠ᠃ ᠰᠠᠨᠠᠭᠤᠯᠭ᠎ᠠ ᠳᠤ ᠲᠤᠷᠠᠳᠤᠬᠰᠠᠨ ᠠᠰᠠᠭᠤᠳᠠᠯ ᠨᠢ ᠤᠯᠤᠰ ᠤᠨ ᠤᠳᠤ ᠪᠠᠷ ᠬᠡᠷᠡᠭᠵᠢᠬᠦᠯᠵᠤ ᠪᠠᠶᠢᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠲᠤᠬᠳᠠᠭᠠᠯ ᠪᠠ ᠤᠳᠤᠬᠠᠨ ᠤ ᠨᠦᠬᠦᠴᠠᠯ ᠤᠨ ᠬᠢᠵᠠᠭᠠᠷᠯᠠᠯ  ᠠᠴᠠ ᠵᠦᠪᠬᠡᠨ ᠰᠠᠬᠦᠯᠠᠷ ᠰᠢᠢᠳᠪᠤᠷᠢᠯᠠᠬᠦ 133 ᠵᠦᠢᠯ᠂ ᠶᠠᠷᠦᠩᠭᠡᠢ ᠲᠤᠭᠠᠨ ᠤ 29.3% ᠢ ᠡᠵᠡᠯᠠᠨ᠎ᠠ᠃ ᠤᠳᠤ᠂ ᠲᠦᠯᠦᠪᠯᠡᠭᠡ ᠳᠤ ᠤᠷᠤᠵᠤ ᠢᠳᠡᠭ ᠠᠯᠬᠤᠮ ᠢᠶᠠᠷ ᠰᠢᠢᠳᠪᠤᠷᠢᠯᠠᠵᠤ ᠪᠠᠶᠢᠬᠤ ᠰᠠᠨᠠᠭᠤᠯᠭ᠎ᠠ ᠲᠤᠳᠤᠷ᠎ᠠ ᠪᠠᠰᠠ 27 ᠵᠦᠢᠯ ᠢ ᠨᠢᠭᠡᠨᠳᠡ ᠰᠢᠢᠳᠪᠤᠷᠢᠯᠡᠭᠰᠡᠨ ᠪᠤᠶᠤ ᠦᠨᠳᠤᠰᠤᠨ ᠳᠡᠭᠡᠨ ᠰᠢᠢᠳᠪᠤᠷᠢᠯᠡᠭᠰᠡᠨ ᠳᠤ ᠰᠢᠯᠵᠢᠭᠡᠳ ᠪᠠᠶᠢᠨ᠎ᠠ᠃      2016 ᠤᠨ ᠳᠤ ᠬᠤᠰᠢᠭᠤᠨ ᠵᠠᠰᠠᠭ ᠤᠨ ᠤᠷᠳᠤᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠰᠢᠶᠠᠨ ᠬᠢᠯᠭᠡᠭᠰᠡᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ 136 ᠵᠦᠢᠯ ᠢ ᠬᠤᠷᠢᠶᠠᠨ ᠤᠯᠵᠠᠢ᠃ ᠠᠭᠤᠯᠭ᠎ᠠ ᠶᠢ ᠨᠢ ᠦᠨᠳᠤᠰᠤᠯᠠᠵᠤ ᠬᠤᠪᠢᠶᠠᠪᠠᠯ 6 ᠲᠦᠷᠦᠯ᠄ ᠮᠠᠯ ᠲᠠᠷᠢᠶᠠᠯᠠᠩ ᠤᠰᠤᠨ ᠠᠰᠢᠬᠯᠠᠯᠳᠠ ᠶᠢᠨ ᠲᠠᠯ᠎ᠠ ᠶᠢᠨ 43 ᠵᠦᠢᠯ᠂ ᠵᠠᠮ ᠬᠠᠷᠢᠯᠴᠠᠭ᠎ᠠ ᠴᠠᠬᠢᠯᠭᠠᠨ ᠬᠦᠴᠦᠨ ᠤ ᠲᠠᠯ᠎ᠠ ᠶᠢᠨ 15 ᠵᠦᠢᠯ᠂ ᠰᠢᠨᠵᠢᠯᠡᠭᠡ ᠮᠠᠷᠭᠡᠵᠢᠯ ᠰᠤᠶᠤᠯ ᠰᠤᠷᠭᠠᠨ ᠬᠦᠮᠦᠵᠢᠯ ᠡᠷᠡᠬᠦᠯ ᠬᠠᠮᠠᠭᠠᠯᠠᠯ ᠤᠨ ᠲᠠᠯ᠎ᠠ ᠶᠢᠨ 32 ᠵᠦᠢᠯ᠂ ᠡᠳ᠋ ᠤᠨ ᠵᠠᠰᠠᠭ ᠮᠦᠩᠬᠦᠨ ᠬᠦᠢᠯᠭᠡᠭᠡ ᠢᠳᠡᠭᠡᠮᠵᠢ ᠶᠢᠨ ᠲᠠᠯ᠎ᠠ ᠶᠢᠨ 8 ᠵᠦᠢᠯ᠂ ᠬᠤᠳᠠ ᠶᠢᠨ ᠪᠦᠳᠦᠭᠡᠨ ᠪᠠᠶᠢᠭᠤᠯᠤᠯᠳᠠ ᠬᠤᠳᠠ ᠶᠢᠨ ᠬᠠᠮᠢᠶᠠᠷᠤᠯᠳᠠ ᠶᠢᠨ ᠲᠠᠯ᠎ᠠ ᠶᠢᠨ 18 ᠵᠦᠢᠯ᠂ ᠪᠤᠰᠤᠳ ᠲᠠᠯ᠎ᠠ ᠶᠢᠨ 20 ᠵᠦᠢᠯ᠂ ᠲᠤᠰᠪᠤᠷᠢ ᠰᠠᠨᠠᠭᠤᠯᠭ᠎ᠠ ᠶᠢᠨ ᠶᠠᠷᠦᠩᠭᠡᠢ ᠲᠤᠭᠠᠨ ᠤ 31.6%᠂ 11.1%᠂ 23.5%᠂ 5.9%᠂ 13.2%᠂ 14.7% ᠶᠢ ᠡᠵᠡᠯᠠᠨ᠎ᠠ᠃ ᠡᠳᠡᠭᠡᠷ ᠰᠠᠨᠠᠭᠤᠯᠭ᠎ᠠ ᠨᠢ ᠡᠯ᠎ᠡ ᠲᠠᠭᠠᠭᠠᠵᠤ ᠬᠢᠭᠰᠡᠨ ᠪᠠᠶᠢᠭᠤᠯᠭ᠎ᠠ ᠶᠢᠨ ᠬᠠᠮᠳᠤ ᠶᠢᠨ ᠴᠢᠷᠮᠠᠶᠢᠯᠭ᠎ᠠ ᠲᠤᠤᠷ᠎ᠠ᠂ ᠤᠳᠤ ᠨᠢᠭᠡᠨᠳᠡ ᠪᠦᠬᠦᠨ ᠢ ᠬᠠᠷᠢᠭᠤᠯᠳᠠ ᠦᠭᠴᠤ ᠲᠠᠭᠤᠰᠪᠠ᠃ ᠰᠠᠨᠠᠭᠤᠯᠭ᠎ᠠ ᠳᠤ ᠲᠤᠷᠠᠳᠤᠬᠰᠠᠨ ᠠᠰᠠᠭᠤᠳᠠᠯ ᠢ ᠨᠢᠭᠡᠨᠳᠡ ᠰᠢᠢᠳᠪᠤᠷᠢᠯᠡᠭᠰᠡᠨ ᠪᠠ ᠶᠠᠭ ᠰᠠᠶᠢᠬᠠᠨ ᠰᠢᠢᠳᠪᠤᠷᠢᠯᠠᠵᠤ ᠪᠠᠶᠢᠬᠤ 108 ᠵᠦᠢᠯ᠂ ᠰᠠᠨᠠᠭᠤᠯᠭ᠎ᠠ ᠶᠢᠨ ᠶᠠᠷᠦᠩᠭᠡᠢ ᠲᠤᠭᠠᠨ ᠤ 79.4%᠂ ᠰᠠᠨᠠᠭᠤᠯᠭ᠎ᠠ ᠳᠤ ᠲᠤᠷᠠᠳᠤᠬᠰᠠᠨ ᠠᠰᠠᠭᠤᠳᠠᠯ ᠨᠢ ᠤᠯᠤᠰ ᠤᠨ ᠤᠳᠤ ᠪᠠᠷ ᠬᠡᠷᠡᠭᠵᠢᠬᠦᠯᠵᠤ ᠪᠠᠶᠢᠭ᠎ᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠲᠤᠬᠳᠠᠭᠠᠯ ᠪᠠ ᠤᠳᠤᠬᠠᠨ ᠤ ᠨᠦᠬᠦᠴᠠᠯ ᠤᠨ ᠬᠢᠵᠠᠭᠠᠷᠯᠠᠯ ᠠᠴᠠ ᠪᠤᠯᠵᠤ ᠵᠦᠪᠬᠡᠨ ᠰᠠᠬᠦᠯᠠᠷ ᠰᠢᠢᠳᠪᠤᠷᠢᠯᠠᠬᠦ 28 ᠵᠦᠢᠯ᠂ ᠶᠠᠷᠦᠩᠭᠡᠢ ᠲᠤᠭᠠᠨ ᠤ 20.6% ᠶᠢ ᠡᠵᠡᠯᠠᠨ᠎ᠠ᠃ ᠬᠠᠷᠢᠭᠤ ᠲᠤᠰᠬᠠᠯ ᠤᠨ ᠪᠠᠶᠢᠳᠠᠯ ᠠᠴᠠ ᠦᠵᠠᠪᠠᠯ ᠲᠦᠯᠦᠭᠡᠯᠡᠭᠴᠢᠳ ᠰᠢᠢᠳᠪᠤᠷᠢᠯᠡᠭᠰᠡᠨ ᠪᠠᠶᠢᠳᠠᠯ ᠳᠤ ᠬᠠᠨᠤᠮᠵᠢᠳᠠᠢ ᠪᠠᠶᠢᠬᠤ ᠪᠠ ᠦᠨᠳᠤᠰᠤᠨ ᠳᠡᠭᠡᠨ ᠬᠠᠨᠤᠮᠵᠢᠳᠠᠢ ᠪᠠᠶᠢᠨ᠎ᠠ᠃      ︵ᠨᠢᠭᠡ︶ ᠨᠢᠭᠡᠨᠳᠡ ᠰᠢᠢᠳᠪᠤᠷᠢᠯᠡᠭᠰᠡᠨ ᠪᠠ ᠶᠠᠭ ᠰᠠᠶᠢᠬᠠᠨ ᠰᠢᠢᠳᠪᠤᠷᠢᠯᠠᠵᠤ ᠪᠠᠶᠢᠭ᠎ᠠ 108 ᠵᠦᠢᠯ᠂ ᠵᠢᠱᠢᠶᠠᠯᠠᠪᠠᠯ᠄      ᠰᠢᠨᠠᠰᠦ᠋ᠮ᠎ᠠ ᠶᠢᠨ ᠲᠦᠯᠦᠭᠡᠯᠡᠭᠴᠢ ᠶᠢᠨ ᠪᠦᠯᠬᠦᠮ ᠤᠨ ᠸᠠᠩ ᠽᠢ ᠰᠢᠥᠸᠠᠢ ᠵᠠᠷᠭᠡ 5 ᠲᠦᠯᠦᠭᠡᠯᠡᠭᠴᠢ ᠶᠢᠨ ᠲᠤᠷᠠᠳᠤᠬᠰᠠᠨ ︽ᠠᠷᠪᠠ ᠶᠢ ᠪᠦᠷᠬᠦᠬᠦᠯᠬᠦ︾ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠭ ᠤᠨ ᠬᠠᠮᠢᠶᠠᠷᠤᠯᠳᠠ ᠬᠠᠮᠠᠭᠠᠯᠠᠯᠳᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠭᠤᠯᠭ᠎ᠠ᠃ ︽ᠠᠷᠪᠠ ᠶᠢ ᠪᠦᠷᠬᠦᠬᠦᠯᠬᠦ︾ ᠢᠨᠵᠧᠨᠧᠷᠷᠢᠭ ᠢ ᠬᠡᠷᠡᠭᠵᠢᠬᠦᠯᠦᠭᠰᠡᠨ ᠠᠴᠠ ᠨᠠᠰᠢ ᠬᠤᠰᠢᠭᠤᠨ ᠵᠠᠰᠠᠭ ᠤᠨ ᠤᠷᠳᠤᠨ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠪᠠᠨ ᠪᠠᠳᠤᠳᠬᠠᠬᠤ   ᠶᠢᠨ ᠲᠦᠯᠦᠭᠡ ᠤᠯᠠᠨ ᠲᠦᠷᠦᠯ ᠤᠨ ᠠᠷᠭ᠎ᠠ ᠬᠡᠮᠵᠢᠶ᠎ᠠ ᠠᠪᠴᠤ ᠢᠨᠵᠧᠨᠧᠷᠢᠭ  ᠤᠨ ᠪᠦᠳᠦᠭᠡᠨ ᠪᠠᠶᠢᠭᠤᠯᠤᠯᠳᠠ ᠶᠢ ᠬᠠᠮᠢᠶᠠᠷᠴᠤ ᠬᠠᠮᠠᠭᠠᠯᠠᠬᠤ ᠬᠦᠴᠦᠯᠠᠴᠠ ᠪᠠᠨ ᠴᠢᠩᠭᠠᠳᠬᠠᠪᠠ᠃ ᠨᠢᠭᠡ ᠳᠤ᠂ ᠲᠤᠬᠳᠠᠴᠠ ᠶᠢ ᠰᠢᠨᠠᠳᠭᠡᠵᠤ᠂ ᠠᠵᠤ ᠠᠬᠤᠶᠢᠯᠠᠯ ᠢ ᠬᠠᠮᠢᠶᠠᠷᠬᠤ ᠲᠠᠯᠳᠠ ᠬᠦᠴᠦᠨ ᠢ ᠲᠠᠳᠠᠨ ᠭᠠᠷᠭᠠᠪᠠ᠃ PPP ᠪᠠ ᠨᠠᠶᠢᠳᠠ ᠪᠠᠷ ᠢᠶᠠᠨ ᠪᠠᠯᠠ ᠴᠤᠬᠯᠠᠭᠤᠯᠬᠤ ᠵᠠᠬᠪᠤᠷ ᠤᠨ ᠬᠡᠯᠪᠠᠷᠢ ᠪᠠᠷ ᠪᠦᠳᠦᠭᠡᠨ ᠪᠠᠶᠢᠭᠤᠯᠤᠬᠰᠠᠨ ᠲᠦᠷᠦᠯ ᠵᠦᠢᠯ  ᠳᠤ᠂ ᠪᠠᠯᠠ ᠮᠦᠩᠬᠦ ᠭᠠᠷᠭᠠᠬᠰᠠᠨ ᠲᠠᠯ᠎ᠠ ᠲᠠᠢ ᠬᠠᠮᠢᠶᠠᠷᠤᠨ ᠬᠠᠮᠠᠭᠠᠯᠠᠬᠤ ᠵᠢᠯ ᠬᠤᠭᠤᠴᠠᠭ᠎ᠠ ᠶᠢ ᠨᠢ ᠲᠤᠳᠤᠷᠬᠠᠢ ᠲᠤᠬᠳᠠᠭᠠᠵᠤ᠂ ᠬᠠᠮᠢᠶᠠᠷᠤᠨ ᠬᠠᠮᠠᠭᠠᠯᠠᠬᠤ ᠵᠢᠯ ᠤᠨ ᠬᠤᠭᠤᠴᠠᠭ᠎ᠠ ᠳᠤ ᠴᠢᠨᠠᠷ ᠴᠢᠨᠰᠠᠭ᠎ᠠ ᠶᠢᠨ ᠠᠰᠠᠭᠤᠳᠠᠯ ᠡᠬᠦᠰᠪᠠᠯ ᠪᠠᠯᠠ ᠮᠦᠩᠬᠦ ᠭᠠᠷᠭᠠᠬᠰᠠᠨ ᠲᠠᠯ᠎ᠠ ᠨᠢ ᠬᠠᠷᠢᠭᠤᠴᠠᠵᠤ᠂ ᠰᠠᠯᠪᠢᠨ ᠵᠠᠰᠠᠬᠤ ᠪᠤᠶᠤ ᠲᠠᠬᠢᠨ ᠪᠠᠶᠢᠭᠤᠯᠤᠨ᠎ᠠ᠃ ᠨᠤᠭᠤᠭᠠᠷᠠᠭᠤᠯᠬᠤ ᠢᠨᠵᠧᠨᠧᠷᠢᠭ ᠲᠤ ︽0-5-3-2︾ ᠤᠨ ᠵᠤᠭᠤᠰ ᠦᠭᠬᠦ ᠠᠷᠭ᠎ᠠ ᠬᠡᠯᠪᠠᠷᠢ ᠶᠢ ᠠᠪᠴᠤ᠂ ᠠᠵᠤ ᠠᠬᠤᠶᠢᠯᠠᠯ ᠳᠤ ᠬᠢᠵᠠᠭᠠᠷᠯᠠᠯ ᠶᠠᠪᠤᠭᠤᠯᠵᠤ᠂ ᠴᠢᠬᠢ ᠮᠤᠳᠤᠨ ᠤ ᠡᠳᠡᠭᠡᠷᠠᠯᠳᠠ ᠶᠢᠨ ᠨᠤᠷᠮ᠎ᠠ ᠶᠢ ᠬᠦᠢᠴᠠᠳ ᠪᠠᠳᠠᠷᠠᠭᠤᠯᠪᠠ᠃ ᠬᠤᠶᠠᠷ ᠲᠤ᠂ ᠲᠦᠷᠢᠮ ᠲᠤᠬᠳᠠᠭᠠᠯ ᠤᠨ ᠪᠦᠳᠦᠭᠡᠨ ᠪᠠᠶᠢᠭᠤᠯᠤᠯᠳᠠ ᠶᠢ ᠲᠠᠬᠦᠯᠳᠠᠷᠵᠢᠬᠦᠯᠵᠤ᠂ ᠲᠤᠰᠬᠤᠨ ᠤ ᠲᠦᠷᠢᠮ ᠠᠷᠠᠳ ᠤᠨ ᠬᠡᠷ᠎ᠡ ᠶᠢ ᠴᠢᠩᠭᠠᠳᠬᠠᠪᠠ᠃ ︽ᠤᠩᠨᠢᠭᠤᠳ ᠬᠤᠰᠢᠭᠤᠨ ᠤ ﹇ᠠᠷᠪᠠ ᠶᠢ ᠪᠦᠷᠬᠦᠬᠦᠯᠬᠦ﹈ ᠢᠨᠵᠧᠨᠧᠷᠢᠭ ᠤᠨ ᠤᠷᠳᠤ ᠬᠤᠭᠤᠴᠠᠭᠠᠨ ᠤ ᠬᠦᠴᠦᠨ ᠲᠠᠢ ᠬᠠᠮᠢᠶᠠᠷᠴᠤ ᠬᠠᠮᠠᠭᠠᠯᠠᠬᠤ ᠠᠷᠭ᠎ᠠ︾ ᠶᠢ ᠰᠤᠳᠤᠯᠤᠨ ᠲᠤᠬᠳᠠᠭᠠᠵᠤ᠂ ︽ᠡᠬᠦᠳᠠᠨ ᠡᠮᠦᠨᠠᠬᠢ ᠭᠤᠷᠪᠠ ᠶᠢ ᠲᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠶᠡᠭᠡ ᠬᠦᠴᠦᠨ ᠢᠶᠠᠷ ᠲᠦᠯᠬᠢᠨ ᠬᠡᠷᠡᠭᠵᠢᠬᠦᠯᠵᠤ᠂ ᠲᠤᠰᠬᠤᠨ   ᠤ ᠲᠦᠷᠢᠮ ᠠᠷᠠᠳ ᠤᠨ ᠬᠡᠷ᠎ᠡ ᠶᠢ ᠪᠠᠶᠢᠭᠤᠯᠵᠤ᠂ ᠢᠨᠵᠧᠨᠧᠷᠢᠭ ᠤᠨ ᠰᠠᠬᠦᠯᠠᠷᠬᠢ ᠬᠠᠮᠢᠶᠠᠷᠤᠯᠳᠠ ᠶᠢ ᠰᠢᠨᠵᠢᠯᠠᠬᠦ ᠤᠬᠠᠭᠠᠨᠴᠢ ᠴᠢᠨᠠᠷ ᠲᠠᠢ ᠲᠦᠷᠢᠮᠵᠢᠬᠦᠨ ᠪᠠᠶᠢᠬᠤ ᠶᠢ ᠪᠠᠳᠤᠯᠠᠪᠠ᠃ ᠭᠤᠷᠪᠠ ᠳᠤ᠂ ᠬᠠᠮᠢᠶᠠᠷᠤᠯᠳᠠ ᠶᠢᠨ ᠬᠦᠴᠦᠨ ᠢ ᠲᠠᠬᠦᠯᠳᠠᠷᠵᠢᠬᠦᠯᠵᠤ ᠬᠠᠤᠯᠢ ᠬᠡᠷᠡᠭᠵᠢᠬᠦᠯᠬᠦ ᠬᠦᠴᠦᠯᠠᠴᠠ ᠪᠠᠨ ᠴᠢᠩᠭᠠᠳᠬᠠᠪᠠ᠃ ᠰᠤᠮᠤ ᠪᠠᠯᠭᠠᠰᠤ ᠪᠦᠷᠢ ᠳᠤ ᠴᠦᠮ ᠪᠠᠯᠭᠠᠰᠤ ᠲᠤᠰᠬᠤᠨ ᠤ ᠶᠠᠷᠦᠩᠭᠡᠶᠢᠯᠠᠨ ᠬᠠᠤᠯᠢ ᠬᠡᠷᠡᠭᠵᠢᠬᠦᠯᠬᠦ ᠲᠤᠮᠳᠠ ᠠᠩᠬᠢ ᠶᠢ ᠪᠠᠶᠢᠭᠤᠯᠵᠤ᠂ ᠡᠳᠦᠷ ᠲᠤᠳᠤᠮ ᠤᠨ ᠬᠢᠨᠠᠨ ᠵᠠᠬᠢᠷᠬᠤ᠂ ᠲᠦᠪᠯᠠᠷᠠᠬᠦᠯᠦᠨ ᠴᠡᠭᠴᠠᠯᠠᠬᠦ᠂ ᠭᠠᠵᠠᠷ ᠤᠷᠤᠨ ᠬᠤᠭᠤᠷᠤᠨᠳᠤ ᠪᠠᠨ ᠬᠠᠷᠢᠯᠴᠠᠨ ᠰᠤᠯᠢᠯᠴᠠᠵᠤ ᠬᠠᠤᠯᠢ ᠬᠡᠷᠡᠭᠵᠢᠬᠦᠯᠬᠦ ᠵᠠᠷᠭᠡ ᠠᠷᠭ᠎ᠠ ᠬᠡᠯᠪᠠᠷᠢ ᠶᠢ ᠠᠪᠴᠤ ᠪᠠᠯᠭᠠᠰᠤ ᠲᠤᠰᠬᠤᠨ ᠳᠤ ᠬᠠᠮᠢᠶᠠᠷᠤᠯᠳᠠ ᠶᠠᠪᠤᠭᠤᠯᠪᠠ᠃     ᠰᠢᠨᠠᠰᠦ᠋ᠮ᠎ᠠ ᠰᠤᠮᠤ ᠶᠢᠨ ᠲᠦᠯᠦᠭᠡᠯᠡᠭᠴᠢᠳ ᠤᠨ ᠪᠦᠯᠬᠦᠮ ᠤᠨ ᠬᠠᠨ ᠬᠠᠢ ᠯᠢᠩ ᠵᠠᠷᠭᠡ ᠲᠦᠯᠦᠭᠡᠯᠡᠭᠴᠢ ᠶᠢᠨ ᠲᠤᠷᠠᠳᠤᠬᠰᠠᠨ ︽ᠳ᠋ᠠᠰᠢᠩ ᠲᠠᠷᠢᠶᠠᠯᠠᠩ ᠤᠨ ᠲᠠᠯᠠᠪᠠᠢ ᠶᠢᠨ ᠭᠤᠤᠯ ᠵᠠᠬᠡᠯᠢ ᠵᠠᠮ ᠢ ᠦᠷᠭᠡᠳᠭᠡᠬᠦ ᠲᠤᠬᠠᠢ ᠰᠠᠨᠠᠭᠤᠯᠭ᠎ᠠ ︾᠃ ᠳ᠋ᠠᠰᠢᠩ ᠲᠠᠷᠢᠶᠠᠯᠠᠩ ᠤᠨ ᠲᠠᠯᠠᠪᠠᠢ ᠶᠢᠨ ᠬᠤᠳᠠ ᠪᠠᠯᠭᠠᠰᠤᠨ ᠤ ᠶᠠᠷᠦᠩᠭᠡᠶᠢᠯᠡᠭᠰᠡᠨ ᠤᠶᠢᠯᠠᠴᠢᠯᠡᠭᠡᠨ ᠤ ᠴᠢᠳᠠᠯ ᠢ ᠲᠠᠭᠡᠭᠰᠢᠯᠠᠬᠦᠯᠵᠤ᠂ ᠠᠵᠤ ᠠᠬᠤᠢ ᠨᠠᠶᠢᠭᠡᠮ ᠤᠨ ᠬᠦᠭᠵᠢᠯᠳᠠ ᠪᠠ ᠠᠷᠠᠳ ᠤᠯᠠᠨ ᠤ ᠬᠤᠪᠢ ᠪᠠᠶ᠎ᠠ ᠶᠢᠨ ᠠᠮᠦᠷ ᠲᠦᠪᠰᠢᠨ ᠢ ᠠᠬᠢᠭᠤᠯᠬᠤ ᠶᠢᠨ ᠲᠦᠯᠦᠭᠡ᠂ ︽ᠳ᠋ᠠᠰᠢᠩ  ᠲᠠᠷᠢᠶᠠᠯᠠᠩ ᠤᠨ ᠲᠠᠯᠠᠪᠠᠢ ᠶᠢᠨ ᠵᠢᠵᠢᠭ ᠬᠤᠳᠠ ᠪᠠᠯᠭᠠᠰᠤᠨ  ᠤ ᠲᠦᠯᠦᠪᠵᠢᠬᠦᠯᠭᠡ︾ ᠶᠢᠨ ᠱᠠᠭᠠᠷᠳᠠᠯᠭ᠎ᠠ ᠶᠤᠰᠤᠭᠠᠷ᠂ 2016 ᠤᠨ ᠳᠤ ᠳ᠋ᠠᠰᠢᠩ ᠲᠠᠷᠢᠶᠠᠯᠠᠩ ᠤᠨ ᠲᠠᠯᠠᠪᠠᠢ ᠶᠢᠨ ᠭᠤᠤᠯ ᠵᠡᠬᠡᠯᠢ ᠶᠢ ᠦᠷᠭᠡᠳᠭᠡᠬᠦ ᠢᠨᠵᠧᠨᠧᠷᠢᠭ ᠢ ᠲᠦᠯᠦᠪᠵᠢᠬᠦᠯᠭᠡ ᠳᠤ ᠤᠷᠤᠭᠤᠯᠵᠤ᠂ 5 ᠰᠠᠷ᠎ᠠ ᠳᠤ ᠡᠬᠢᠯᠠᠨ ᠪᠦᠳᠦᠭᠡᠨ ᠪᠠᠶᠢᠭᠤᠯᠪᠠ᠃ ᠤᠳᠤᠬᠠᠠ ᠳᠤ ᠢᠨᠵᠧᠨᠧᠷᠢᠭ ᠨᠢ ᠨᠢᠭᠡᠨᠳᠡ ᠪᠠᠶᠢᠭᠤᠯᠵᠤ ᠲᠠᠭᠤᠰᠤᠭᠠᠳ ᠬᠡᠷᠡᠭᠯᠠᠯᠳᠠ ᠳᠤ ᠤᠷᠤᠪᠠ᠃      ᠴᠢᠶᠤ᠋ ᠤ ᠲᠸᠤ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠵᠤᠤ ᠴᠢᠤᠸᠠᠨ ᠰᠢᠨ ᠲᠦᠯᠦᠭᠡᠯᠡᠭᠴᠢ ᠶᠢᠨ ᠲᠤᠷᠠᠳᠤᠬᠰᠠᠨ ︽ᠵᠠᠰᠠᠭ ᠤᠨ ᠤᠷᠳᠤᠨ ᠤ ᠬᠤᠳᠠᠯᠳᠤᠨ ᠠᠪᠬᠤ ᠠᠷᠭ᠎ᠠ ᠶᠢ ᠲᠠᠬᠦᠯᠳᠠᠷᠵᠢᠬᠦᠯᠵᠤ᠂ ᠬᠤᠳᠠᠯᠳᠤᠨ ᠠᠪᠬᠤ ᠴᠢᠨᠠᠷ ᠴᠢᠨᠰᠠᠭ᠎ᠠ ᠶᠢ ᠪᠠᠳᠤᠯᠠᠬᠤ ᠲᠤᠬᠠᠢ ᠰᠠᠨᠠᠭᠤᠯᠭ᠎ᠠ︾᠃ ᠬᠤᠰᠢᠭᠤᠨ ᠵᠠᠰᠠᠭ ᠤᠨ ᠤᠷᠳᠤᠨ ᠲᠦᠪᠯᠠᠷᠠᠬᠦᠯᠦᠨ ᠬᠤᠳᠠᠯᠳᠤᠨ ᠠᠪᠬᠤ ᠠᠷᠭ᠎ᠠ ᠶᠢ ᠬᠡᠷᠡᠭᠵᠢᠬᠦᠯᠦᠭᠰᠡᠨ ᠠᠴᠠ ᠨᠠᠰᠢ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠤᠨ ᠤᠷᠳᠤᠨ ᠤ ᠬᠤᠳᠠᠯᠳᠤᠨ ᠠᠪᠬᠤ ᠬᠠᠤᠯᠢ ᠶᠢᠨ ᠬᠡᠷᠡᠭᠵᠢᠬᠦᠯᠬᠦ ᠵᠤᠷᠪᠤᠰ︾ ᠤᠨ ᠬᠠᠮᠢᠶ᠎ᠠ ᠪᠦᠬᠦᠢ ᠲᠤᠬᠳᠠᠭᠠᠯ ᠢ ᠡᠷᠡᠰ ᠴᠢᠩᠭ᠎ᠠ ᠬᠡᠷᠡᠭᠵᠢᠬᠦᠯᠵᠤ᠂ ︽ᠤᠩᠨᠢᠭᠤᠳ ᠬᠤᠰᠢᠭᠤᠨ ᠤ ᠵᠠᠰᠠᠭ ᠤᠨ ᠤᠷᠳᠤᠨ ᠤ ᠢᠨᠵᠧᠨᠧᠷᠢᠭ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠪᠠᠯᠠ ᠤᠷᠤᠭᠤᠯᠬᠤ᠂ ᠡᠳ᠋ ᠪᠠᠷᠠᠭ᠎ᠠ ᠵᠢᠴᠢ ᠤᠶᠢᠯᠠᠴᠢᠯᠠᠭᠡᠨ ᠤ ᠲᠦᠷᠦᠯ ᠵᠦᠢᠯ ᠤᠨ ᠪᠠᠷᠢᠯᠭ᠎ᠠ ᠶᠢᠨ ᠲᠠᠭᠠᠭᠠᠴᠢᠯᠠᠯᠳᠠ ᠡᠯᠰᠠᠬᠦ ᠬᠠᠮᠢᠶᠠᠷᠤᠯᠳᠠ ᠶᠢᠨ ᠲᠦᠷ ᠬᠡᠷᠡᠭᠵᠢᠬᠦᠯᠬᠦ ᠠᠷᠭ᠎ᠠ︾ ︵ᠲᠤᠤᠷ᠎ᠠ ᠲᠦᠬᠦᠮᠴᠢᠯᠠᠭᠡᠳ ︽ᠲᠦᠷ ᠬᠡᠷᠡᠭᠵᠢᠬᠦᠯᠬᠦ ᠠᠷᠭ᠎ᠠ︾  ︶ ᠶᠢ ᠵᠤᠬᠢᠴᠠᠯᠳᠤᠭᠤᠯᠤᠨ ᠨᠠᠶᠢᠳᠠᠯᠠᠵᠤ᠂ ᠬᠤᠳᠠᠯᠳᠤᠨ ᠠᠪᠬᠤ ᠠᠷᠭ᠎ᠠ ᠬᠡᠯᠪᠠᠷᠢ ᠪᠠ ᠲᠠᠭᠠᠭᠠᠴᠢᠯᠠᠯᠳᠠ ᠲᠤᠬᠳᠠᠭᠠᠬᠤ᠂ ᠪᠠᠷᠢᠮᠵᠢᠶ᠎ᠠ ᠲᠤᠬᠳᠠᠭᠠᠬᠤ ᠠᠷᠭ᠎ᠠ ᠶᠢ ᠪᠤᠢ ᠪᠤᠯᠭᠠᠵᠤ᠂ ᠬᠢᠨᠠᠨ ᠵᠦᠪᠰᠢᠶᠠᠷᠠᠬᠦ ᠠᠴᠠ ᠰᠢᠯᠭᠠᠨ ᠬᠤᠷᠢᠶᠠᠬᠤ ᠪᠤᠯᠳᠠᠯ᠎ᠠ ᠴᠢᠩᠭ᠎ᠠ ᠲᠤᠬᠳᠠᠭᠠᠯ ᠭᠠᠷᠭᠠᠪᠠ᠃ 2016 ᠤᠨ ᠤ ᠵᠢᠷᠭᠤᠳᠤᠭᠠᠷ ᠤᠳᠠᠭᠠᠨ ᠤ ᠬᠤᠰᠢᠭᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯᠳᠤᠭᠠᠨ ᠨᠢ ︽ᠲᠦᠷ ᠬᠡᠷᠡᠭᠵᠢᠬᠦᠯᠬᠦ ᠠᠷᠭ᠎ᠠ︾ ᠳᠤ ᠵᠠᠰᠠᠯᠳᠠ ᠪᠠ ᠲᠠᠬᠦᠯᠳᠠᠷᠵᠢᠬᠦᠯᠦᠯᠳᠠ ᠬᠢᠵᠤ᠂ ᠬᠦᠮᠦᠨ ᠠᠴᠠ ᠪᠤᠯᠤᠬᠰᠠᠨ ᠠᠯᠢᠪᠠ ᠨᠦᠯᠦᠭᠡᠯᠡᠬᠦ ᠡᠯᠧᠮᠧᠨ᠋ᠲ ᠢ ᠦᠭᠡᠶᠢᠰᠭᠡᠵᠤ᠂ ᠢᠯᠠ ᠲᠤᠳᠤ᠂ ᠲᠦᠪ ᠭᠤᠤᠯᠴᠢ ᠪᠠᠶᠢᠵᠤ᠂ ᠲᠠᠭᠠᠭᠠᠴᠢᠯᠠᠯᠳᠠ ᠤᠯᠬᠤ ᠶᠢᠨ ᠲᠤᠬᠢᠷᠠᠮᠵᠢᠳᠠᠢ ᠬᠠᠩᠰᠢ ᠪᠠ ᠬᠤᠳᠠᠯᠳᠤᠨ ᠠᠪᠬᠤ ᠲᠠᠸᠠᠷ ᠤᠨ ᠴᠢᠨᠠᠷ ᠴᠢᠨᠰᠠᠭ᠎ᠠ ᠶᠢ ᠪᠠᠳᠤᠯᠠᠪᠠ᠃     ᠴᠢᠤᠸᠠᠨ ᠨᠢᠩ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ ᠤᠨ ᠲᠦᠯᠦᠭᠡᠯᠡᠭᠴᠢ ᠶᠢᠨ ᠪᠦᠯᠬᠦᠮ ᠤᠨ ᠰᠦᠩ ᠬᠦᠸᠧ ᠹᠧᠨ ᠵᠠᠷᠭᠡ 13 ᠲᠦᠯᠦᠭᠡᠯᠡᠭᠴᠢ ᠶᠢᠨ ᠲᠤᠷᠠᠳᠤᠬᠰᠠᠨ ︽ᠬᠠᠰ ᠯᠤᠤ ᠵᠠᠮ ᠪᠠ ᠦ᠋ ᠴᠢ ᠱᠤᠭᠤᠮ  ᠤᠨ ᠠᠭᠤᠯᠵᠠᠷ ᠬᠡᠰᠡᠭ ᠢ ᠬᠠᠳᠠᠭᠤᠷᠠᠭᠤᠯᠬᠤ ᠲᠤᠬᠠᠢ ᠰᠠᠨᠠᠭᠤᠯᠭ᠎ᠠ︾᠃  2016  ᠤᠨ ᠳᠤ ᠬᠤᠰᠢᠭᠤᠨ ᠤ ᠵᠠᠰᠠᠭ ᠤᠨ ᠤᠷᠳᠤᠨ ᠨᠢ ᠬᠠᠰ ᠯᠤᠤ ᠵᠠᠮ ᠪᠠ ᠦ᠋ ᠴᠢ ᠱᠤᠭᠤᠮ ᠤᠨ ᠠᠭᠤᠯᠵᠠᠷ ᠬᠡᠰᠡᠭ ᠢ ᠬᠠᠳᠠᠭᠤᠷᠠᠭᠤᠯᠬᠤ ᠢᠨᠵᠧᠨᠧᠷᠢᠭ ᠢ ᠲᠦᠯᠦᠪᠯᠡᠭᠡ ᠳᠤ ᠤᠷᠤᠭᠤᠯᠵᠤ᠂ ᠬᠠᠳᠠᠭᠤᠷᠠᠭᠤᠯᠬᠤ ᠶᠠᠷᠦᠩᠭᠡᠢ ᠤᠷᠳᠤ ᠨᠢ 904 ᠮᠧᠲᠷ᠂ ᠰᠢᠨ᠎ᠠ  ᠪᠠᠷ ᠪᠠᠶᠢᠭᠤᠯᠤᠬᠰᠠᠨ ᠤᠰᠤ ᠵᠠᠯᠠᠬᠤ ᠬᠤᠭᠤᠯᠠᠢ 924 ᠮᠧᠲᠷ᠂ ᠬᠤᠶᠠᠷ ᠲᠠᠯ᠎ᠠ ᠶᠢᠨ ᠶᠠᠪᠠᠭᠠᠨ ᠵᠠᠮ ᠢ ᠨᠢ ᠲᠠᠪᠢᠰᠴᠤ᠂ ᠲᠤᠰ ᠢᠨᠵᠧᠨᠧᠷᠢᠭ ᠨᠢ 7 ᠰᠠᠷ᠎ᠠ ᠶᠢᠨ ᠲᠤᠮᠳᠠᠴᠢ ᠠᠴᠠ ᠡᠬᠢᠯᠠᠨ ᠪᠦᠲᠦᠭᠡᠨ ᠪᠠᠶᠢᠭᠤᠯᠵᠦ᠂ 9 ᠰᠠᠷ᠎ᠠ  ᠶᠢᠨ ᠲᠤᠮᠳᠠᠴᠢ ᠪᠠᠷ ᠪᠠᠷᠢᠯᠭ᠎ᠠ ᠲᠠᠭᠤᠰᠴᠤ ᠠᠰᠢᠬᠯᠠᠯᠳᠠ ᠳᠤ ᠤᠷᠤᠪᠠ᠃     ᠪᠤᠷᠤᠬᠤᠳᠠ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠶᠢᠨ ᠯᠢᠶᠠᠨ ᠲᠦᠯᠦᠭᠡᠯᠡᠭᠴᠢ ᠶᠢᠨ ᠲᠤᠷᠠᠳᠤᠬᠰᠠᠨ ︽ᠪᠤᠷᠤᠬᠤᠳᠠ ᠪᠠᠯᠭᠠᠰᠤᠨ ᠤ ᠴᠠᠭᠡᠨ ᠭᠠᠴᠠᠭ᠎ᠠ ᠶᠢᠨ ᠲᠤᠤᠷ ᠰᠦᠯᠵᠢᠶ᠎ᠠ ᠶᠢᠨ ᠰᠤᠷᠠᠭ ᠵᠠᠩᠬᠢ ᠶᠢᠨ ᠲᠠᠯ᠎ᠠ ᠶᠢᠨ ᠰᠠᠨᠠᠭᠤᠯᠭ᠎ᠠ ᠶᠢᠨ ᠲᠤᠬᠠᠢ︾᠃ 2012 ᠤᠨ ᠳᠤ᠂ ᠲᠤᠮᠳᠠᠳᠤ ᠤᠯᠤᠰ ᠤᠨ ᠨᠢᠭᠡᠳᠦᠭᠰᠡᠨ ᠬᠤᠯᠪᠤᠭ᠎ᠠ  ᠶᠢᠨ ᠤᠩᠨᠢᠭᠤᠳ ᠬᠤᠰᠢᠭᠤᠨ ᠤ ᠬᠤᠪᠢᠶᠠᠷᠢ ᠺᠤᠮᠫᠠᠨᠢ ᠨᠢ ᠪᠤᠷᠤᠬᠤᠳᠠ ᠪᠠᠯᠭᠠᠰᠤᠨ ᠤ ᠴᠠᠭᠡᠨ ᠭᠠᠴᠠᠭ᠎ᠠ ᠶᠢᠨ ᠦᠷᠭᠡᠨ ᠪᠦᠰᠠ ᠶᠢ ᠲᠤᠰᠬᠠᠢ ᠲᠦᠷᠦᠯ ᠤᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠭ ᠲᠤ ᠤᠷᠤᠭᠤᠯᠵᠤ᠂ ᠢᠨᠵᠧᠨᠧᠷᠢᠭ ᠨᠢ 2013 ᠤᠨ ᠳᠤ ᠪᠠᠶᠢᠭᠤᠯᠵᠤ ᠲᠠᠭᠤᠰᠤᠭᠠᠳ ᠨᠠᠪᠳᠠᠷᠠᠵᠤ ᠬᠡᠷᠡᠭᠯᠠᠪᠠ᠃ 2016 ᠤᠨ ᠤ ᠡᠬᠢᠨ  ᠳᠤ᠂ ᠲᠤᠮᠳᠠᠳᠤ ᠤᠯᠤᠰ ᠤᠨ ᠨᠢᠭᠡᠳᠦᠮᠠᠯ ᠬᠤᠯᠪᠤᠭ᠎ᠠ ᠶᠢᠨ ᠤᠩᠨᠢᠭᠤᠳ ᠬᠤᠰᠢᠭᠤᠨ ᠤ ᠬᠤᠪᠢᠶᠠᠷᠢ ᠺᠤᠮᠫᠠᠨᠢ ᠨᠢ ᠴᠠᠭᠡᠨ ᠭᠠᠴᠠᠭ᠎ᠠ ᠶᠢᠨ ᠰᠠᠭᠤᠭᠠᠯᠢ ᠠᠷᠠᠳ ᠲᠦᠪᠯᠠᠷᠡᠭᠰᠡᠨ ᠤᠷᠤᠨ ᠳᠤ ᠬᠤᠶᠠᠳᠤᠭᠠᠷ ᠤᠳᠠᠭᠠᠨ ᠤ ᠢᠨᠵᠧᠨᠧᠷᠢᠭ ᠢ ᠦᠷᠬᠦᠯᠵᠢᠯᠠᠨ ᠵᠠᠯᠭᠠᠪᠠ᠃ ᠤᠳᠤ ᠪᠤᠯᠳᠠᠯ᠎ᠠ ᠬᠤᠶᠠᠳᠤᠭᠠᠷ ᠤᠳᠠᠭᠠᠨ ᠤ ᠵᠠᠯᠭᠠᠬᠤ ᠢᠨᠵᠧᠨᠧᠷᠢᠭ ᠨᠢᠭᠡᠨᠳᠡ ᠲᠠᠭᠤᠰᠴᠤ᠂ ᠴᠠᠭᠡᠨ ᠭᠠᠴᠠᠭ᠎ᠠ ᠶᠢᠨ ᠡᠮᠦᠨ᠎ᠠ ᠠᠶᠢᠯ ᠤᠨ ᠤᠶᠢᠷᠠᠯᠴᠠᠬᠢ ᠠᠷᠠᠳ ᠤᠨ ᠦᠷᠭᠡᠨ ᠪᠦᠰᠠ ᠵᠠᠯᠭᠠᠬᠤ ᠱᠠᠭᠠᠷᠳᠠᠯᠭ᠎ᠠ ᠶᠢ ᠰᠢᠢᠳᠪᠤᠷᠢᠯᠠᠪᠠ᠃ ᠡᠬᠦᠨ ᠤ ᠵᠠᠷᠭᠡᠪᠠᠷ᠂ ᠨᠢᠭᠡᠳᠦᠭᠰᠡᠨ ᠬᠤᠯᠪᠤᠭ᠎ᠠ ᠶᠢᠨ ᠺᠤᠮᠫᠠᠨᠢ ᠶᠢᠨ ᠴᠠᠭᠡᠨ ᠭᠠᠴᠠᠭ᠎ᠠ ᠶᠢᠨ ᠦᠷᠭᠡᠨ ᠪᠦᠰᠠ ᠶᠢᠨ ᠪᠦᠷᠬᠦᠴᠠ ᠨᠢᠭᠡᠨᠳᠡ ᠬᠡᠪᠴᠢᠶᠠᠵᠢᠵᠤ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠰᠦᠯᠵᠢᠶ᠎ᠠ ᠶᠢᠨ ᠱᠠᠭᠠᠷᠳᠠᠯᠭ᠎ᠠ ᠶᠢ ᠦᠨᠳᠤᠰᠤᠨ ᠳᠤᠨᠢ ᠬᠠᠩᠭᠠᠪᠠ᠃      ᠢ ᠡᠾᠧ ᠬᠦᠩ ᠪᠠᠯᠭᠠᠰᠤ ᠶᠢᠨ ᠲᠦᠯᠦᠭᠡᠯᠡᠭᠴᠢ ᠶᠢᠨ ᠪᠦᠯᠬᠦᠮ ᠤᠨ ᠭᠤᠤ ᠶᠢᠤ ᠯᠢᠶᠠᠩ ᠵᠠᠷᠭᠡ 5 ᠲᠦᠯᠦᠭᠡᠯᠡᠭᠴᠢ ᠶᠢᠨ ᠲᠤᠷᠠᠳᠤᠬᠰᠠᠨ ︽ᠢ ᠡᠾᠧ ᠬᠦᠩ ᠤᠨ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠢ ᠵᠠᠰᠠᠵᠤ ᠴᠡᠭᠴᠠᠯᠠᠬᠦ ᠲᠤᠬᠠᠢ ᠰᠠᠨᠠᠭᠤᠯᠭ᠎ᠠ︾᠃ ᠢ ᠡᠾᠧ ᠬᠦᠩ ᠪᠠᠯᠭᠠᠰᠤᠨ ᠳᠤ ᠤᠳᠤ ᠪᠠᠶᠢᠬᠤ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ 56 ᠪᠠᠶᠢᠵᠤ᠂ ᠴᠦᠮ 2007 ᠤᠨ ᠠᠴᠠ ᠡᠮᠦᠨ᠎ᠠ ᠪᠠᠶᠢᠭᠤᠯᠵᠠᠢ᠃ ᠤᠷᠴᠢᠮ  ᠤᠨ ᠵᠢᠯ ᠠᠴᠠ ᠨᠠᠰᠢ᠂ ᠢ ᠡᠾᠧ ᠬᠦᠩ ᠪᠠᠯᠭᠠᠰᠤᠨ ᠤ ᠵᠠᠰᠠᠭ ᠤᠨ ᠤᠷᠳᠤᠨ ᠨᠢ ᠬᠤᠰᠢᠭᠤᠨ ᠤ ᠤᠷᠴᠢᠨ ᠲᠤᠭᠤᠷᠢᠨ ᠢ ᠬᠠᠮᠠᠭᠠᠯᠠᠬᠤ᠂ ᠤᠯᠤᠰ ᠤᠨ ᠭᠠᠵᠠᠷ ᠰᠢᠷᠦᠢ᠂ ᠠᠶᠤᠯᠬᠦᠢ ᠤᠶᠢᠯᠠᠳᠪᠤᠷᠢᠯᠠᠯ ᠳᠤ ᠬᠢᠨᠠᠯᠳᠠ ᠲᠠᠯᠪᠢᠬᠤ᠂ ᠲᠠᠷᠢᠶᠠᠯᠠᠩ ᠤᠨ ᠴᠠᠬᠢᠯᠭᠠᠨ ᠤᠰᠤᠨ ᠠᠰᠢᠬᠯᠠᠯᠳᠠ ᠵᠠᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠬᠢᠯᠢ ᠲᠤᠳᠤᠷᠠᠬᠢ ᠴᠢᠯᠠᠭᠤᠨ ᠮᠠᠲ᠋ᠧᠷᠢᠶᠠᠯ ᠢ ᠪᠤᠯᠪᠠᠰᠤᠷᠠᠭᠤᠯᠬᠤ ᠠᠵᠤ ᠠᠬᠤᠶᠢᠯᠠᠯ ᠤᠨ ᠡᠯ᠎ᠡ ᠲᠦᠷᠦᠯ ᠤᠨ ᠭᠠᠷᠳᠠᠮ᠂ ᠠᠮᠦᠷ ᠲᠦᠪᠰᠢᠨ ᠤᠶᠢᠯᠠᠳᠪᠤᠷᠢᠯᠠᠯ ᠵᠠᠷᠭᠡ ᠲᠠᠯ᠎ᠠ ᠪᠠᠷ ᠪᠦᠬᠦ ᠲᠠᠯ᠎ᠠ ᠶᠢᠨ ᠪᠠᠶᠢᠴᠠᠭᠠᠯᠳᠠ ᠬᠢᠵᠤ᠂ ᠬᠡᠰᠡᠭ ᠪᠦᠯᠦᠭ ᠬᠠᠤᠯᠢ ᠠᠴᠠ ᠵᠦᠷᠢᠴᠠᠵᠤ ᠡᠵᠡᠩᠨᠠᠵᠤ ᠪᠠᠶᠢᠬᠰᠠᠨ ᠠᠵᠤ ᠠᠬᠤᠶᠢᠯᠠᠯ ᠢ ᠬᠠᠭᠠᠪᠠ᠃ ᠬᠤᠶᠢᠰᠢᠳᠠ ᠬᠤᠰᠢᠭᠤᠨ ᠤ ᠵᠠᠰᠠᠭ ᠤᠨ ᠤᠷᠳᠤᠨ ᠬᠤᠯᠪᠤᠭᠠᠯᠠᠨ ᠬᠠᠤᠯᠢ ᠬᠡᠷᠡᠭᠵᠢᠬᠦᠯᠬᠦ ᠬᠦᠴᠦᠯᠠᠴᠠ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠠᠵᠤ ᠠᠬᠤᠶᠢᠯᠠᠯ ᠤᠨ ᠤᠶᠢᠯᠠᠳᠪᠤᠷᠢᠯᠠᠯ ᠢ ᠲᠠᠰᠤᠷᠠᠯᠳᠠ ᠦᠭᠡᠢ ᠲᠦᠷᠢᠮᠵᠢᠬᠦᠯᠵᠤ᠂ ᠡᠯ᠎ᠡ ᠲᠦᠷᠦᠯ ᠤᠨ ᠭᠠᠷᠳᠠᠮ  ᠢ ᠲᠠᠬᠦᠯᠳᠠᠷᠵᠢᠬᠦᠯᠵᠤ᠂ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠢ ᠵᠠᠰᠠᠵᠤ ᠴᠡᠭᠴᠠᠯᠠᠬᠦ ᠠᠵᠢᠯ ᠢ ᠰᠠᠶᠢᠳᠤᠷ ᠬᠢᠨ᠎ᠠ᠃     ᠬᠠᠶᠢᠯᠠᠰᠤ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠲᠠᠮᠦᠷᠪᠠᠭᠠᠨ᠎ᠠ ᠵᠠᠷᠭᠡ 6 ᠲᠦᠯᠦᠭᠡᠯᠡᠭᠴᠢ ᠶᠢᠨ ᠲᠤᠷᠠᠳᠤᠬᠰᠠᠨ ︽ᠪᠠᠭᠰᠢ ᠰᠤᠷᠤᠬᠴᠢ ᠶᠢᠨ ᠠᠮᠦᠷ ᠲᠦᠪᠰᠢᠨ ᠪᠠ ᠰᠤᠷᠭᠠᠭᠤᠯᠢ ᠪᠠᠶᠢᠭᠤᠯᠤᠬᠳᠠᠬᠰᠠᠨ 60 ᠵᠢᠯ ᠤᠨ ᠤᠢ ᠶᠢ ᠪᠠᠯᠭᠡᠯᠡᠬᠦ ᠶᠢ ᠪᠠᠳᠤᠯᠠᠵᠤ ᠬᠠᠶᠢᠯᠠᠰᠤ ᠮᠤᠩᠭᠤᠯ ᠲᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠠᠬᠦ ᠨᠦᠬᠦᠴᠠᠯ ᠢ ᠰᠠᠶᠢᠵᠢᠷᠠᠭᠤᠯᠬᠤ ᠲᠤᠬᠠᠢ ᠰᠠᠨᠠᠭᠤᠯᠭ᠎ᠠ︾᠃ ᠤᠷᠴᠢᠮ ᠤᠨ ᠵᠢᠯ ᠠᠴᠠ ᠨᠠᠰᠢ᠂ ᠬᠠᠶᠢᠯᠠᠰᠤ ᠶᠢᠨ ᠮᠤᠩᠭᠤᠯ ᠦᠨᠳᠤᠰᠤᠳᠠᠨ ᠤ ᠲᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠯᠠᠪᠳᠠᠭᠤᠨ  ᠢᠶᠠᠷ  ᠲᠠᠭᠡᠭᠰᠢᠯᠡᠭᠰᠡᠨ ᠪᠠ ᠪᠦᠬᠦ ᠬᠤᠰᠢᠭᠤᠨ ᠤ ᠰᠤᠷᠭᠠᠭᠤᠯᠢ ᠶᠢᠨ ᠪᠠᠶᠢᠷᠢᠯᠠᠭᠤᠯᠤᠯᠳᠠ ᠶᠢᠨ ᠲᠤᠬᠢᠷᠠᠭᠤᠯᠤᠯᠳᠠ ᠶᠢ ᠲᠠᠭᠠᠯᠳᠤᠨ᠂ ᠰᠤᠷᠤᠬᠴᠢ ᠶᠢᠨ ᠬᠦᠮᠦᠨ ᠤ ᠲᠤᠭ᠎ᠠ ᠵᠢᠯ ᠲᠠᠷᠠᠭᠠᠯᠠᠨ ᠲᠠᠭᠡᠭᠰᠢᠯᠠᠬᠦ ᠬᠠᠨᠳᠤᠰᠢ ᠲᠠᠢ᠃ ᠰᠤᠷᠭᠠᠭᠤᠯᠢ ᠡᠷᠬᠢᠯᠠᠬᠦ ᠨᠦᠬᠦᠴᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠰᠤᠷᠭᠠᠭᠤᠯᠢ ᠶᠢᠨ ᠰᠤᠷᠤᠬᠴᠢ ᠪᠠᠭᠰᠢᠨᠠᠷ ᠤᠨ ᠰᠤᠷᠤᠯᠴᠠᠯᠭ᠎ᠠ ᠠᠮᠢᠳᠤᠷᠠᠯ ᠤᠨ ᠨᠦᠬᠦᠴᠠᠯ ᠢ ᠲᠠᠭᠡᠭᠰᠢᠯᠠᠬᠦᠯᠬᠦ ᠨᠢ ᠪᠠᠴᠢᠮ ᠲᠤᠯᠭᠠᠮ᠎ᠠ ᠪᠠᠶᠢᠨ᠎ᠠ᠃ 2016 ᠤᠨ ᠳᠤ ᠬᠤᠰᠢᠭᠤᠨ ᠤ ᠵᠠᠰᠠᠭ ᠤᠨ ᠤᠷᠳᠤᠨ ᠨᠢ ᠲᠤᠰᠬᠠᠢ ᠲᠦᠰᠦᠪᠯᠨᠨ ᠵᠢᠷᠤᠬᠯᠠᠬᠤ ᠺᠤᠮᠫᠠᠨᠢ ᠶᠢ ᠤᠷᠢᠵᠤ ᠬᠠᠶᠢᠯᠠᠰᠤ ᠮᠤᠩᠭᠤᠯ ᠲᠤᠮᠳᠠᠳᠤ ᠰᠤᠷᠭᠠᠭᠤᠯᠢ ᠳᠤ ᠪᠦᠬᠦᠯᠢ ᠴᠤᠬᠴᠠ ᠶᠢᠨ ᠵᠢᠷᠤᠭ ᠲᠦᠯᠦᠪᠵᠢᠬᠦᠯᠭᠡ ᠬᠢᠪᠠ᠃ ᠤᠳᠤ ᠪᠤᠯᠳᠠᠯ᠎ᠠ ᠪᠠᠷᠢᠯᠭ᠎ᠠ ᠶᠢᠨ ᠲᠠᠯᠠᠪᠠᠢ 4000 ᠲᠡᠭᠰᠢ ᠲᠦᠷᠪᠠᠯᠵᠢᠨ ᠮᠧᠲᠷ ᠤᠨ ᠰᠤᠷᠤᠬᠴᠢ ᠶᠢᠨ ᠪᠠᠶᠢᠷᠢ ᠶᠢᠨ ᠠᠰᠠᠷ ᠤᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠪᠠᠷᠢᠬᠤ ᠵᠢᠷᠤᠭ ᠨᠢᠭᠡᠨᠳᠡ ᠲᠦᠯᠦᠪᠯᠠᠵᠤ ᠵᠢᠷᠤᠬᠯᠠᠵᠤ ᠲᠠᠭᠤᠰᠤᠭᠠᠳ ᠶᠠᠭ ᠰᠠᠶᠢᠬᠠᠨ ᠡᠳ᠋ ᠤᠨ ᠵᠠᠰᠠᠭ ᠤᠨ ᠬᠢᠨᠠᠨ ᠦᠨᠠᠯᠠᠬᠦ ᠪᠠ ᠰᠦᠯᠵᠢᠶ᠋ᠨᠨ ᠲᠠᠭᠡᠷ᠎ᠡ ᠪᠠᠷᠢᠯᠭ᠎ᠠ ᠶᠢᠨ ᠲᠠᠭᠠᠭᠠᠴᠢᠯᠠᠯᠳᠠ ᠡᠯᠰᠠᠬᠦ ᠠᠵᠢᠯ ᠶᠠᠪᠤᠬᠳᠠᠵᠤ ᠪᠠᠶᠢᠨ᠎ᠠ᠃ ᠪᠠᠷᠢᠯᠭ᠎ᠠ ᠶᠢᠨ ᠲᠠᠯᠠᠪᠠᠢ ᠨᠢ 3400 ᠲᠡᠭᠰᠢ ᠲᠦᠷᠪᠠᠯᠵᠢᠨ ᠮᠧᠲᠷ ᠤᠨ ᠪᠠᠭ᠎ᠠ ᠰᠤᠷᠭᠠᠭᠤᠯᠢ ᠶᠢᠨ ᠬᠡᠰᠡᠭ ᠤᠨ ᠵᠢᠭᠠᠨ ᠰᠤᠷᠭᠠᠬᠤ ᠠᠰᠠᠷ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠶᠠᠭ ᠰᠠᠶᠢᠬᠠᠨ ᠲᠦᠷᠦᠯ ᠵᠦᠢᠯ ᠪᠠᠶᠢᠭᠤᠯᠬᠤ ᠶᠢ ᠬᠢᠨᠠᠨ ᠵᠦᠪᠰᠢᠶᠠᠷᠠᠬᠦ ᠪᠠ ᠪᠠᠷᠢᠯᠭ᠎ᠠ ᠪᠠᠷᠢᠬᠤ ᠵᠢᠷᠤᠭ ᠢ ᠵᠢᠷᠤᠵᠤ ᠲᠦᠯᠦᠪᠯᠠᠬᠦ ᠵᠠᠷᠭᠡ ᠡᠮᠦᠨᠠᠬᠢ ᠬᠤᠭᠤᠴᠠᠭᠠᠨ ᠤ ᠠᠵᠢᠯ ᠢ ᠬᠢᠵᠤ ᠪᠠᠶᠢᠨ᠎ᠠ᠃ ᠪᠠᠭᠰᠢ ᠶᠢᠨ ᠲᠦᠷ ᠰᠠᠭᠤᠬᠤ ᠪᠠᠶᠢᠷᠢ  ᠶᠢᠨ ᠠᠰᠠᠷ ᠤᠨ ᠲᠦᠷᠦᠯ ᠵᠦᠢᠯ ᠢ ᠨᠢᠬᠡᠨᠳᠡ ᠬᠢᠵᠠᠭᠠᠷ ᠤᠷᠤᠨ ᠤ ᠶᠠᠳᠠᠭᠤ ᠬᠦᠴᠢᠷᠳᠠᠢ ᠤᠷᠤᠨ ᠤ ᠬᠦᠳᠡᠭᠡ ᠲᠤᠰᠬᠤᠨ ᠤ ᠰᠤᠷᠭᠠᠭᠤᠯᠢ ᠶᠢᠨ ᠲᠦᠷ ᠰᠠᠭᠤᠬᠤ ᠪᠠᠶᠢᠷᠢ ᠶᠢᠨ ᠪᠦᠳᠦᠭᠡᠨ ᠪᠠᠶᠢᠭᠤᠯᠤᠯᠳᠠ ︵ᠬᠤᠶᠠᠳᠤᠭᠠᠷ ᠬᠤᠭᠤᠴᠠᠭ᠎ᠠ︶ ᠶᠢᠨ ᠲᠦᠯᠦᠪᠵᠢᠬᠦᠯᠭᠡ ᠶᠢᠨ ᠲᠦᠷᠦᠯ ᠵᠦᠢᠯ ᠳᠤ ᠤᠷᠤᠭᠤᠯᠵᠤ᠂ ᠲᠠᠭᠡᠳᠤ ᠱᠠᠳᠤᠨ ᠤ ᠰᠠᠯᠠᠭ᠎ᠠ ᠮᠦᠴᠢᠷ ᠤᠨ ᠴᠤᠬᠤᠯᠠᠪᠤᠷᠢ ᠶᠢ ᠤᠯᠤᠬᠰᠠᠨ ᠤ ᠲᠠᠷᠠᠭ᠎ᠠ ᠬᠡᠷᠡᠭᠵᠢᠬᠦᠯᠬᠦ ᠪᠤᠯᠤᠨ᠎ᠠ᠃      ᠴᠢᠤᠸᠠᠨ ᠨᠢᠩ ᠵᠠᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ ᠤᠨ ᠲᠦᠯᠦᠭᠡᠯᠡᠭᠴᠢ ᠶᠢᠨ ᠪᠦᠯᠬᠦᠮ ᠤᠨ ᠰᠢᠥᠢ ᠬᠦᠢ ᠬᠤᠸᠠ ᠲᠦᠯᠦᠭᠡᠯᠡᠭᠴᠢ ᠶᠢᠨ ᠲᠤᠷᠠᠳᠤᠬᠰᠠᠨ ︽ᠢᠳᠡᠭᠡᠨ ᠤ ᠵᠦᠢᠯ ᠤᠨ ᠡᠷᠡᠬᠦᠯ ᠬᠠᠮᠠᠭᠠᠯᠠᠯ ᠠᠮᠦᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠬᠤ ᠲᠤᠬᠠᠢ ᠰᠠᠨᠠᠭᠤᠯᠭ᠎ᠠ︾᠃ ᠢᠳᠡᠭᠡᠨ ᠤ ᠠᠮᠦᠷ ᠲᠦᠪᠰᠢᠨ ᠤ ᠠᠰᠠᠭᠤᠳᠠᠯ ᠨᠢ ᠦᠷᠭᠡᠨ ᠤᠯᠠᠨ ᠲᠦᠮᠠᠨ ᠤ ᠬᠤᠪᠢ ᠪᠠᠶ᠎ᠠ ᠶᠢᠨ ᠡᠷᠡᠬᠦᠯ ᠴᠢᠬᠢᠷᠠᠭ ᠪᠠ ᠠᠮᠢ ᠨᠠᠰᠤᠨ ᠤ ᠠᠮᠦᠷ ᠲᠦᠪᠰᠢᠨ ᠲᠠᠢ ᠬᠤᠯᠪᠤᠬᠳᠠᠵᠤ᠂ ᠨᠠᠶᠢᠭᠡᠮ ᠤᠨ ᠡᠶ᠎ᠡ ᠵᠤᠬᠢᠴᠠᠩᠭᠤᠢ ᠶᠡᠭᠡ ᠲᠠᠯ᠎ᠠ ᠲᠠᠢ ᠬᠤᠯᠪᠤᠬᠳᠠᠨ᠎ᠠ᠃ ᠤᠷᠴᠢᠮ  ᠤᠨ ᠵᠢᠯ ᠠᠴᠠ ᠨᠠᠰᠢ᠂ ᠬᠤᠰᠢᠭᠤᠨ ᠤ ᠵᠠᠰᠠᠭ ᠤᠨ ᠤᠷᠳᠤᠨ ᠨᠢ ᠢᠳᠡᠭᠡᠨ ᠤ ᠠᠮᠦᠷ ᠲᠦᠪᠰᠢᠨ ᠠᠰᠠᠭᠤᠳᠠᠯ ᠢ ᠲᠠᠭᠡᠳᠤ ᠬᠡᠮᠵᠢᠶ᠎ᠠ ᠪᠠᠷ ᠴᠢᠬᠤᠯᠠᠴᠢᠯᠠᠨ ᠦᠵᠠᠵᠤ᠂ ᠨᠢᠭᠡᠳᠦᠯᠳᠡᠢ ᠡᠷᠭᠡᠳᠤ ᠬᠢᠨᠠᠨ ᠬᠠᠮᠢᠶᠠᠷᠬᠤ ᠪᠠᠶᠢᠭᠤᠯᠤᠮᠵᠢ ᠶᠢ ᠪᠠᠶᠢᠭᠤᠯᠬᠤ᠂ ᠬᠠᠤᠯᠢ ᠶᠢᠨ ᠮᠠᠳᠡᠯᠭᠡ ᠶᠢ ᠤᠬᠠᠭᠤᠯᠬᠤ᠂ ᠠᠶᠤᠯ ᠲᠦᠭᠰᠢᠬᠦᠷᠢ ᠬᠡᠮ ᠰᠤᠭᠤᠭ ᠢ ᠪᠠᠶᠢᠴᠠᠭᠠᠬᠤ ᠶᠢ ᠵᠤᠬᠢᠶᠠᠨ ᠪᠠᠶᠢᠭᠤᠯᠵᠤ ᠦᠷᠨᠢᠬᠦᠯᠬᠦ᠂ ᠰᠢᠨᠵᠢᠯᠠᠬᠦ ᠤᠬᠠᠭᠠᠨᠴᠢ ᠪᠠᠷ ᠲᠦᠭᠰᠢᠬᠦᠷᠢ ᠶᠢ ᠬᠢᠨᠠᠨ ᠬᠡᠮᠵᠢᠬᠦ᠂ ᠨᠡᠬᠡᠮᠵᠢᠯᠠᠵᠤ ᠮᠦᠷᠳᠡᠭᠦ ᠰᠢᠰᠲ᠋ᠧᠮ ᠢ ᠪᠠᠶᠢᠭᠤᠯᠬᠤ ᠠᠷᠭ᠎ᠠ ᠪᠠᠷ ᠲᠠᠮᠵᠢᠵᠤ ᠢᠳᠡᠭᠡᠨ ᠤ ᠠᠮᠦᠷ ᠲᠦᠪᠰᠢᠨ ᠤ ᠬᠢᠨᠠᠨ ᠬᠠᠮᠢᠶᠠᠷᠤᠯᠳᠠ  ᠶᠢᠨ ᠠᠵᠢᠯ ᠢ ᠲᠠᠰᠤᠷᠠᠯᠳᠠ ᠦᠭᠡᠢ ᠴᠢᠩᠭᠠᠳᠬᠠᠪᠠ᠃ 2016 ᠤᠨ ᠳᠤ ᠢᠳᠡᠭᠡᠨ ᠤ ᠤᠶᠢᠯᠠᠳᠪᠤᠷᠢᠯᠠᠯ ᠤᠨ ᠡᠵᠡᠩᠨᠠᠯᠳᠠ ᠶᠢᠨ ᠨᠢᠭᠡᠴᠢ ᠶᠢ ᠨᠠᠶᠢᠳᠠ 6000 ᠢᠯᠠᠬᠦᠦ ᠤᠳᠠᠭ᠎ᠠ ᠪᠠᠶᠢᠴᠠᠭᠠᠵᠤ᠂ ᠳᠦᠷᠢᠮ ᠢ ᠵᠦᠷᠢᠴᠡᠭᠰᠡᠨ‌ᠠᠵᠢᠯᠠᠭ᠎ᠠ 89 ᠤᠳᠠᠭ᠎ᠠ ᠶᠢ ᠵᠠᠯᠠᠷᠠᠭᠤᠯᠵᠤ᠂ ᠬᠠᠤᠯᠢ ᠠᠴᠠ ᠵᠦᠷᠢᠴᠡᠭᠰᠡᠨ ᠠᠵᠢᠯᠯᠠᠭ᠎ᠠ 6 ᠶᠢ ᠬᠡᠷᠡᠭ ᠪᠤᠯᠭᠠᠨ ᠲᠤᠷᠭᠠᠵᠦ ᠰᠶᠢᠳᠭᠡᠵᠡᠢ᠃ ᠢᠳᠡᠭᠡᠨ ᠤᠮᠳᠠᠭᠠᠨ ᠤ ᠠᠮᠤᠷ ᠲᠦᠪᠰᠢᠨ ᠢ ᠬᠡᠮᠵᠢᠶᠡᠯᠡᠵᠦ ᠳᠡᠰ ᠬᠤᠪᠢᠶᠠᠨ 795 ᠶᠢ ᠦᠨᠡᠯᠡᠨ ᠳᠤᠭᠲᠠᠭᠠᠵᠠᠢ᠃ 237 ᠲᠦᠷᠦᠯ ᠤᠨ ᠬᠡᠦᠬᠡᠳ ᠤᠨ ᠢᠳᠡᠭᠡᠨ ᠤ ᠶᠠᠰᠦ ᠴᠢᠨᠠᠷ ᠤᠨ ᠵᠠᠩᠬᠢ ᠶᠢ ᠴᠤᠭᠯᠠᠭᠤᠯᠬᠤ ᠪᠠ ᠬᠢᠨᠠᠨ ᠳᠤᠭᠲᠠᠭᠠᠵᠠᠢ᠃ ᠭᠤᠤᠯᠳᠠᠯᠭ᠎ᠠ ᠲᠠᠢ ᠢᠳᠡᠭᠡᠨ ᠤ ᠦᠯᠢᠭᠡᠷ 223 ᠪᠠᠭᠴᠠ ᠶᠢ ᠰᠤᠭᠤᠯᠤᠨ ᠪᠠᠶᠢᠴᠠᠭᠠᠵᠠᠢ᠃ ᠤᠯᠠᠷᠢᠯ ᠤᠨ ᠴᠢᠨᠠᠷᠲᠦ ᠢᠳᠡᠭᠡᠨ ᠡᠮ ᠤᠨ ᠵᠤᠶᠢᠯ ᠤᠨ ᠠᠮᠤᠷ ᠲᠦᠪᠰᠢᠨ ᠢ ᠤᠬᠠᠭᠤᠯᠬᠤ ᠰᠤᠷᠠᠭ ᠵᠠᠩᠬᠢ᠂ ᠤᠷᠢᠳᠴᠢᠯᠠᠨ ᠰᠠᠷᠠᠮᠵᠢᠯᠠᠬᠦᠯᠬᠦ ᠰᠠᠨᠠᠭᠤᠯᠤᠮᠵᠢ᠂ ᠢᠯᠡᠴᠢᠯᠡᠬᠦ ᠰᠤᠷᠠᠭ ᠵᠠᠩᠬᠢ 27 ᠵᠤᠷᠪᠤᠰ ᠢ ᠨᠡᠶᠢᠲᠡᠯᠡᠪᠡ᠃ ᠳᠡᠭᠡᠳᠦ ᠱᠠᠲᠦ ᠲᠠᠢ ᠬᠠᠮᠵᠢᠯᠴᠠᠵᠤ ᠰᠤᠭᠤᠯᠤᠨ ᠪᠠᠶᠢᠴᠠᠭᠠᠭᠰᠠᠨ ᠢᠳᠡᠭᠡᠨ 480 ᠪᠠᠭᠴᠠ᠂ 16 ᠪᠠᠭᠴᠠ ᠬᠢᠷᠢ ᠲᠡᠡᠩᠴᠬᠦ ᠦᠭᠡᠢ ᠢᠳᠡᠭᠡᠨ ᠢ   ᠶᠠᠯᠠᠳᠠᠵᠦ ᠲᠤᠷᠭᠤᠭᠠᠪᠠ᠃     ᠴᠢᠶᠤᠤ ᠲᠸᠤ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠪᠤᠤ ᠭᠤᠸᠠᠩ ᠶᠤᠤ ᠵᠠᠷᠭᠡ 11 ᠲᠦᠯᠦᠭᠡᠯᠡᠭᠴᠢ ᠶᠢᠨ ᠲᠤᠷᠠᠳᠤᠬᠰᠠᠨ ︽ᠴᠢᠶᠤᠤ ᠲᠸᠤ ᠪᠠᠯᠭᠠᠰᠤᠨ ᠳᠤ ᠤᠶᠢᠯᠠᠳᠪᠤᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠤᠶᠢᠯᠠᠰ ᠤᠨ ᠪᠠᠩᠬᠢ ᠶᠢᠨ ᠡᠵᠡᠩᠨᠠᠬᠦ ᠰᠦᠯᠵᠢᠶ᠎ᠠ ᠴᠡᠭ ᠢ ᠪᠠᠶᠢᠭᠤᠯᠬᠤ ᠲᠤᠬᠠᠢ ᠰᠠᠨᠠᠭᠤᠯᠭ᠎ᠠ︾᠃ ᠤᠶᠢᠯᠠᠳᠪᠤᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠤᠶᠢᠯᠠᠰ ᠤᠨ ᠪᠠᠩᠬᠢ ᠶᠢᠨ ᠤᠩᠨᠢᠭᠤᠳ ᠬᠤᠰᠢᠭᠤᠨ ᠤ ᠰᠠᠯᠪᠤᠷᠢ ᠪᠠᠩᠬᠢ ᠲᠠᠢ ᠨᠠᠪᠳᠠᠷᠠᠯᠴᠡᠭᠰᠡᠨ ᠤ ᠲᠠᠷᠠᠭ᠎ᠠ᠂ ᠤᠩᠨᠢᠭᠤᠳ ᠬᠤᠰᠢᠭᠤᠨ ᠤ ᠰᠠᠯᠪᠤᠷᠢ ᠪᠠᠩᠬᠢ ᠨᠢ ᠲᠠᠭᠡᠷ᠎ᠡ ᠱᠠᠳᠤᠨ ᠤ ᠰᠠᠯᠠᠭ᠎ᠠ ᠮᠦᠴᠢᠷ ᠲᠡᠭᠡᠨ ᠴᠢᠶᠤᠤ ᠲᠸᠤ ᠪᠠᠯᠭᠠᠰᠤᠨ ᠳᠤ ᠡᠵᠡᠩᠨᠠᠬᠦ ᠰᠦᠯᠵᠢᠶ᠎ᠠ ᠴᠡᠭ ᠪᠠᠶᠢᠭᠤᠯᠬᠤ ᠶᠢ ᠢᠳᠡᠪᠬᠢᠳᠠᠢ ᠮᠠᠳᠠᠬᠦᠯᠪᠠ᠃ ᠰᠤᠳᠤᠯᠬᠤ ᠶᠢ ᠲᠠᠮᠵᠢᠭᠠᠳ᠂ ᠲᠠᠷᠢᠶᠠᠯᠠᠩ ᠤᠨ ᠤᠶᠢᠯᠠᠰ ᠤᠨ ᠪᠠᠩᠬᠢ ᠨᠢ ᠴᠢᠶᠤᠤ ᠲᠸᠤ ᠪᠠᠯᠭᠠᠰᠤᠨ ᠳᠤ ᠮᠦᠩᠬᠦᠨ ᠬᠦᠢᠯᠭᠡᠭᠡᠨ ᠤ ᠲᠠᠷᠢᠶᠠᠴᠢᠨ ᠳᠤ ᠲᠦᠬᠦᠮ ᠦᠵᠠᠬᠦᠯᠬᠦ ᠲᠦᠬᠦᠮ ᠲᠠᠯᠭᠡᠬᠦᠷ ᠪᠠᠶᠢᠭᠤᠯᠬᠤ  ᠶᠢ ᠠᠩᠬ᠎ᠠ ᠠᠯᠬᠤᠮ ᠵᠦᠪᠰᠢᠶᠠᠷᠠᠵᠤ᠂ ᠭᠤᠤᠯ ᠨᠢ ᠦᠪᠠᠰᠤᠪᠠᠨ ᠠᠵᠢᠯᠯᠠᠬᠤ ᠤᠶᠢᠯᠠᠴᠢᠯᠡᠭᠡ᠂ ᠮᠦᠩᠬᠦᠨ ᠬᠦᠢᠯᠭᠡᠭᠡᠨ  ᠤ ᠺᠠᠷᠲ ᠡᠷᠬᠢᠯᠠᠬᠦ᠂ ᠵᠤᠭᠤᠰ ᠬᠠᠳᠠᠭᠠᠯᠠᠬᠤ᠂ ᠵᠤᠭᠤᠰ ᠠᠪᠬᠤ᠂ ᠲᠠᠩᠰᠠ ᠰᠢᠯᠵᠢᠬᠦᠯᠬᠦ ᠵᠠᠷᠭᠡ ᠠᠵᠢᠯ ᠢ ᠪᠠᠭᠳᠠᠭᠠᠬᠰᠠᠨ ᠮᠦᠩᠬᠦᠨ ᠬᠦᠢᠯᠭᠡᠭᠡᠨ ᠤ ᠤᠶᠢᠯᠠᠴᠢᠯᠡᠭᠡ ᠶᠢ ᠬᠠᠩᠭᠠᠨ᠎ᠠ᠃ ᠤᠳᠤᠬᠠᠨ ᠳᠤ᠂ ᠨᠢᠬᠡᠨᠳᠡ ᠰᠦᠯᠵᠢᠶᠠᠨ  ᠤ ᠴᠡᠭ ᠤᠨ ᠪᠠᠶᠢᠷᠢ ᠰᠤᠩᠭᠤᠬᠤ ᠲᠦᠰᠦᠯ ᠢᠶᠠᠨ ᠤᠯᠠᠭᠠᠨᠬᠠᠳᠠ ᠬᠤᠳᠠ ᠵᠢᠴᠢ ᠦᠪᠠᠷᠳᠡᠭᠡᠨ ᠵᠠᠰᠠᠬᠤ ᠤᠷᠤᠨ ᠤ ᠰᠠᠯᠪᠤᠷᠢ ᠪᠠᠩᠬᠢ ᠳᠤ ᠮᠠᠳᠠᠬᠦᠯᠵᠤ ᠵᠦᠪᠰᠢᠶᠠᠷᠠᠯ ᠢ ᠤᠯᠤᠬᠰᠠᠨ ᠤ ᠲᠠᠷᠠᠭ᠎ᠠ ᠬᠡᠷᠡᠭᠵᠢᠬᠦᠯᠦᠨ᠎ᠠ᠃ ᠤᠶᠢᠯᠠᠳᠪᠤᠷᠢ ᠬᠤᠳᠠᠯᠳᠤᠭᠠᠨ ᠤ ᠪᠠᠩᠬᠢ ᠶᠢᠨ ᠤᠯᠠᠭᠠᠨᠬᠠᠳᠠ ᠳᠤ ᠰᠠᠯᠪᠤᠷᠢ ᠪᠠᠩᠬᠢ ᠤᠭ ᠨᠢ ᠲᠦᠯᠦᠪᠯᠡᠭᠰᠡᠨ ᠢᠶᠠᠷ ᠬᠠᠷᠠᠴᠢᠨ ᠬᠤᠰᠢᠭᠤ ᠪᠠ ᠨᠢᠩᠴᠧᠩ ᠰᠢᠶᠠᠨ ᠳᠤ ᠲᠤᠰ ᠪᠦᠷᠢ ᠨᠢᠭᠡ ᠭᠤᠤᠯ ᠬᠤᠳᠠ ᠪᠠᠯᠭᠠᠰᠤ ᠪᠠ ᠭᠤᠤᠯ ᠰᠢᠶᠠᠩ ᠪᠠᠯᠭᠠᠰᠤᠨ ᠳᠤ ᠦᠪᠠᠰᠤᠪᠠᠨ ᠠᠵᠢᠯᠯᠠᠬᠤ ᠤᠶᠢᠯᠠᠴᠢᠯᠡᠭᠡᠨ ᠤ ᠰᠦᠯᠵᠢᠶᠠᠨ ᠤ ᠴᠡᠭ ᠤᠨ ᠲᠤᠷᠰᠢᠬᠤ ᠴᠡᠭ ᠤᠨ ᠠᠵᠢᠯ  ᠢ ᠦᠷᠨᠢᠬᠦᠯᠵᠤ᠂ ᠲᠤᠷᠰᠢᠯᠳᠠ ᠶᠢᠨ ᠴᠡᠭ ᠠᠮᠵᠢᠯᠳᠠ ᠤᠯᠤᠬᠰᠠᠨ ᠤ ᠲᠠᠷᠠᠭ᠎ᠠ ᠪᠦᠬᠦ ᠬᠤᠳᠠ ᠶᠢᠨ ᠬᠦᠷᠢᠶ᠎ᠠ ᠬᠡᠪᠴᠢᠶᠠᠨ ᠳᠤ ᠠᠯᠬᠤᠮ ᠠᠯᠬᠤᠮ ᠢᠶᠠᠷ ᠲᠠᠯᠭᠡᠷᠡᠬᠦᠯᠦᠨ᠎ᠠ᠂ ᠲᠤᠬᠠᠢ ᠳᠤᠨᠢ ᠲᠤᠰ ᠰᠠᠨᠠᠭᠤᠯᠭ᠎ᠠ ᠳᠤ ᠲᠤᠷᠠᠳᠤᠬᠰᠠᠨ ᠠᠰᠠᠭᠤᠳᠠᠯ ᠪᠦᠳᠦᠮᠵᠢᠳᠠᠢ ᠰᠢᠢᠳᠪᠤᠷᠢᠯᠡᠭᠳᠡᠬᠦ ᠪᠤᠯᠤᠨ᠎ᠠ᠃      ᠵᠢᠶᠧ ᠹᠠᠩ ᠢᠩᠽᠢ ᠰᠢᠶᠠᠩ ᠤᠨ ᠲᠦᠯᠦᠭᠡᠯᠡᠭᠴᠢ ᠶᠢᠨ ᠪᠦᠯᠬᠦᠮ ᠤᠨ ᠬᠤ᠋ ᠶᠠᠨ ᠷᠤ᠋ ᠲᠦᠯᠦᠭᠡᠯᠡᠭᠴᠢ ᠶᠢᠨ ᠲᠤᠷᠠᠳᠤᠬᠰᠠᠨ ︽ᠬᠦᠯᠦᠰᠤᠨ ᠠᠵᠢᠯᠴᠢᠨ ᠤ ᠴᠠᠯᠢᠩ ᠢ ᠤᠳᠠᠭᠠᠰᠢᠷᠠᠭᠤᠯᠵᠤ ᠦᠷᠢᠳᠤᠬᠦ ᠠᠰᠠᠭᠤᠳᠠᠯ ᠢ ᠰᠢᠢᠳᠪᠤᠷᠢᠯᠠᠬᠦ ᠲᠤᠬᠠᠢ ᠰᠠᠨᠠᠭᠤᠯᠭ᠎ᠠ︾᠃ ᠤᠷᠴᠢᠮ ᠤᠨ ᠵᠢᠯ ᠳᠤ᠂ ᠠᠵᠤ ᠠᠬᠤᠢ ᠲᠤᠷᠤᠬᠰᠢᠯᠠᠬᠤ ᠲᠠᠷᠤᠯᠳᠠ ᠨᠡᠮᠡᠭᠳᠡᠬᠦ᠂ ᠵᠠᠷᠢᠮ ᠬᠦᠯᠦᠰᠤᠨ ᠠᠵᠢᠯᠴᠢᠨ ᠬᠦᠳᠠᠯᠮᠤᠷᠢ ᠶᠢᠨ ᠬᠠᠤᠯᠢ ᠴᠠᠭᠠᠵᠠ ᠶᠢᠨ ᠤᠬᠠᠮᠰᠠᠷ ᠪᠠᠭ᠎ᠠ ᠵᠠᠷᠭᠡ ᠨᠦᠯᠦᠭᠡ ᠶᠢ ᠬᠦᠷᠳᠠᠵᠤ᠂ ᠬᠦᠯᠦᠰᠤᠨ ᠠᠵᠢᠯᠴᠢᠨ ᠤ ᠴᠠᠯᠢᠩ ᠢ ᠤᠳᠠᠭᠠᠰᠢᠷᠠᠭᠤᠯᠵᠤ ᠦᠷᠢᠳᠤᠬᠦ ᠦᠵᠡᠭᠳᠡᠯ ᠮᠥᠨ ᠡᠬᠦᠰᠴᠤ ᠪᠠᠶᠢᠨ᠎ᠠ᠃ ᠡᠨᠡᠬᠦ ᠠᠰᠠᠭᠤᠳᠠᠯ ᠳᠤ ᠬᠠᠨᠳᠤᠭᠤᠯᠵᠤ᠂ ᠬᠤᠰᠢᠭᠤᠨ ᠤ ᠵᠠᠰᠠᠭ ᠤᠨ ᠤᠷᠳᠤᠨ ᠤᠯᠠᠨ ᠵᠦᠢᠯ  ᠤᠨ ᠠᠷᠭ᠎ᠠ ᠬᠡᠮᠵᠢᠶ᠎ᠠ ᠠᠪᠴᠤ ᠬᠦᠯᠦᠰᠤᠨ ᠠᠵᠢᠯᠴᠢᠨ ᠤ ᠬᠠᠤᠯᠢ ᠳᠤ ᠨᠠᠶᠢᠴᠡᠭᠰᠡᠨ ᠡᠷᠭᠡ ᠠᠰᠢᠭ ᠢ ᠪᠠᠳᠤᠯᠠᠵᠤ ᠪᠠᠶᠢᠨ᠎ᠠ᠃ ᠵᠢᠱᠢᠶᠠᠯᠠᠪᠠᠯ᠄ ᠡᠯ᠎ᠡ ᠠᠵᠢᠯ ᠲᠦᠷᠦᠯ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠴᠠᠯᠢᠩ  ᠢ ᠪᠠᠳᠤᠯᠠᠬᠤ ᠵᠤᠭᠤᠰ ᠤᠨ ᠲᠦᠷᠢᠮ ᠢ ᠴᠢᠩᠭ᠎ᠠ ᠶᠠᠪᠤᠬᠳᠠᠭᠤᠯᠵᠤ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠠᠵᠤ ᠠᠬᠤᠶᠢᠯᠠᠯ ᠬᠦᠢᠴᠡᠳ ᠲᠤᠭᠠᠨ ᠤ ᠴᠠᠯᠢᠩ ᠢ ᠪᠠᠳᠤᠯᠠᠬᠤ ᠵᠤᠭᠤᠰ ᠲᠤᠰᠢᠶᠠᠬᠰᠠᠨ ᠤ ᠬᠤᠶᠢᠨ᠎ᠠ ᠠᠵᠢᠯ ᠡᠬᠢᠯᠠᠬᠦ ᠮᠡᠳᠡᠬᠦᠯᠦᠯᠳᠠ ᠶᠢ ᠬᠢᠨᠠᠨ ᠵᠦᠪᠰᠢᠶᠠᠷᠠᠵᠤ᠂ ᠠᠵᠢᠯᠯᠠᠬᠤ ᠵᠦᠪᠰᠢᠶᠠᠷᠠᠯ ᠤᠨ ᠦᠨᠠᠮᠯᠠᠯ ᠢ ᠲᠠᠷᠬᠠᠭᠠᠨ᠎ᠠ᠃ ᠬᠦᠳᠠᠯᠮᠤᠷᠢ  ᠶᠢ ᠪᠠᠳᠤᠯᠠᠵᠤ ᠬᠠᠤᠯᠢ ᠶᠢ ᠰᠠᠬᠢᠬᠰᠠᠨ ᠢᠳᠡᠭᠡᠮᠵᠢ ᠶᠢᠨ ᠲᠠᠩᠰᠠ ᠶᠢ ᠪᠠᠶᠢᠭᠤᠯᠵᠤ᠂ ᠬᠠᠷ᠎ᠠ ᠨᠠᠷᠠᠰ ᠤᠨ ᠲᠦᠷᠢᠮ ᠢ ᠬᠡᠷᠡᠭᠵᠢᠬᠦᠯᠵᠤ᠂ ᠬᠡᠮᠵᠢᠶᠠᠯᠠᠬᠦ ᠪᠠᠷᠢᠮᠵᠢᠶ᠎ᠠ ᠶᠢ ᠲᠤᠳᠤᠷᠬᠠᠶᠢᠯᠠᠵᠤ᠂ ᠲᠦᠷᠢᠮ ᠲᠤᠬᠳᠠᠭᠠᠯ ᠢ ᠪᠦᠷᠢᠯᠳᠤᠬᠦᠯᠦᠨ᠎ᠠ᠃ ᠬᠠᠷᠢᠭᠤᠴᠠᠯᠭ᠎ᠠ ᠶᠢᠨ ᠭᠤᠤᠯ ᠴᠤᠬᠴᠠ ᠶᠢ ᠲᠤᠳᠤᠷᠬᠠᠶᠢᠯᠠᠵᠤ᠂ ᠲᠠᠷᠤᠯᠳᠠ ᠪᠠ ᠬᠠᠷᠢᠭᠤᠴᠠᠯᠭ᠎ᠠ ᠶᠢ ᠲᠠᠰ ᠲᠠᠰ ᠢᠶᠠᠷ ᠨᠠᠶᠢᠳᠠᠪᠤᠷᠢᠵᠢᠭᠤᠯᠤᠨ᠎ᠠ᠃ ᠤᠬᠠᠭᠤᠯᠬᠤ ᠪᠠ ᠪᠠᠶᠢᠴᠠᠭᠠᠬᠤ ᠬᠦᠴᠦᠨ ᠢᠶᠠᠨ ᠨᠡᠮᠡᠭᠳᠡᠬᠦᠯᠵᠤ᠂ ᠬᠦᠯᠦᠰᠤᠨ ᠠᠵᠢᠯᠴᠢᠨ  ᠤ ᠬᠠᠤᠯᠢ ᠳᠤ ᠨᠠᠶᠢᠴᠡᠭᠰᠡᠨ ᠡᠷᠭᠡ ᠠᠰᠢᠭ ᠬᠠᠮᠠᠭᠠᠯᠠᠬᠳᠠᠬᠤ ᠶᠢ ᠪᠠᠳᠤᠯᠠᠨ᠎ᠠ᠃      ︵ᠬᠤᠶᠠᠷ︶ ᠤᠯᠤᠰ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠲᠤᠬᠳᠠᠭᠠᠯ ᠪᠠ ᠤᠳᠤᠬᠠᠨ ᠤ ᠨᠦᠬᠦᠴᠠᠯ ᠤᠨ ᠬᠢᠵᠠᠭᠠᠷᠯᠠᠯ ᠠᠴᠠ ᠵᠦᠪᠬᠡᠨ ᠬᠤᠶᠢᠰᠢᠳᠠ ᠰᠢᠢᠳᠪᠤᠷᠢᠯᠠᠬᠦ 28 ᠵᠦᠢᠯ᠃ ᠵᠢᠱᠢᠶᠠᠯᠠᠪᠠᠯ᠄     ᠽᠢ ᠴᠧᠩ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ ᠤᠨ ᠲᠦᠯᠦᠭᠡᠯᠡᠭᠴᠢ ᠶᠢᠨ ᠪᠦᠯᠬᠦᠮ ᠤᠨ ᠸᠠᠩ ᠶᠦᠨ ᠶᠢᠩ ᠲᠦᠯᠦᠭᠡᠯᠡᠭᠴᠢ ᠶᠢᠨ ᠳᠤᠷᠠᠳᠤᠭᠰᠠᠨ ︽ᠲᠤᠰᠬᠤᠨ ᠤ ᠵᠦᠪᠯᠡᠯ ᠤᠨ ᠬᠡᠰᠢᠭᠦᠨ ᠲᠥᠰᠢᠶᠠᠯ ᠠᠴᠠ ᠪᠠᠨ ᠰᠠᠯᠤᠭᠰᠠᠨ ᠤ ᠰᠡᠭᠦᠯᠡᠷᠬᠢ ᠤᠯᠭᠤᠮᠵᠢ ᠶᠢᠨ ᠠᠰᠠᠭᠤᠳᠠᠯ ᠤᠨ ᠲᠤᠬᠠᠢ ᠰᠠᠨᠠᠭᠤᠯᠭ᠎ᠠ︾᠃ ᠤᠳᠤᠬᠠᠨ ᠳᠤ ᠲᠤᠰᠬᠤᠨ  ᠤ ᠨᠠᠮ ᠤᠨ ᠡᠬᠦᠷ ᠤᠨ ᠱᠦᠵᠢ ᠪᠠ ᠲᠤᠰᠬᠤᠨ ᠤ ᠲᠠᠷᠤᠭ᠎ᠠ ᠲᠤᠰᠢᠶᠠᠯ ᠠᠴᠠ ᠪᠠᠨ ᠰᠠᠯᠤᠬᠰᠠᠨ ᠤ ᠰᠠᠬᠦᠯᠠᠷ᠂ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂ ᠦᠪᠠᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠬᠤᠯᠪᠤᠭᠠᠯᠠᠨ ᠲᠠᠷᠬᠠᠭᠠᠬᠰᠠᠨ ︽ᠬᠦᠳᠡᠭᠡ ᠲᠤᠰᠬᠤᠨ ᠮᠠᠯᠵᠢᠬᠤ ᠤᠷᠤᠨ  ᠤ ᠦᠨᠳᠤᠰᠤᠨ ᠱᠠᠳᠤᠨ ᠤ ᠰᠠᠭᠤᠷᠢ ᠪᠠᠳᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠠᠳᠡᠭᠳᠡᠯ︾ ᠤᠨ ᠵᠤᠷᠢᠭ ᠰᠠᠨᠠᠭ᠎ᠠ ᠶᠢ ᠦᠨᠳᠤᠰᠤᠯᠠᠵᠤ᠂ ᠵᠠᠯᠭ᠎ᠠ ᠪᠠᠷ 2 ᠵᠢᠯ ᠠᠴᠠ ᠲᠠᠭᠡᠭᠰᠢ ᠪᠤᠶᠤ ᠨᠠᠶᠢᠳᠠ 15 ᠵᠢᠯ ᠠᠴᠠ ᠲᠠᠭᠡᠭᠰᠢ ᠲᠤᠰᠢᠶᠠᠯ ᠡᠬᠦᠷᠭᠡᠯᠡᠭᠰᠡᠨ᠂ ᠡᠷᠡᠭᠳᠡᠢ 60 ᠪᠦᠬᠦᠯᠢ ᠨᠠᠰᠤ᠂ ᠡᠮᠡᠭᠳᠡᠢ 55 ᠪᠦᠬᠦᠯᠢ ᠨᠠᠰᠤᠨ ᠤ ᠬᠦᠮᠦᠰ ᠲᠦᠷᠦ ᠶᠢᠨ ᠪᠤᠳᠤᠯᠭ᠎ᠠ ᠶᠢᠨ ᠴᠢᠨᠠᠷᠳᠠᠢ ᠠᠮᠢᠳᠤᠷᠠᠯ ᠤᠨ ᠲᠤᠰᠠᠯᠠᠮᠵᠢ ᠶᠢ ᠬᠦᠷᠳᠡᠵᠤ ᠪᠤᠯᠤᠨ᠎ᠠ᠃ ᠬᠡᠪᠠᠴᠤ ᠭᠠᠴᠠᠭ᠎ᠠ ᠲᠤᠰᠬᠤᠨ ᠤ ᠵᠦᠪᠯᠠᠯ ᠤᠨ ᠪᠤᠰᠤᠳ ᠬᠡᠰᠢᠬᠦᠨ ᠠᠵᠢᠯ ᠠᠴᠠ ᠪᠠᠨ ᠰᠠᠯᠤᠬᠰᠠᠨ ᠤ ᠰᠠᠬᠦᠯᠠᠷᠬᠢ ᠤᠯᠭᠤᠮᠵᠢ  ᠶᠢᠨ ᠲᠠᠯ᠎ᠠ ᠶᠢᠨ ᠲᠦᠷᠦ ᠶᠢᠨ ᠪᠤᠳᠤᠯᠭ᠎ᠠ ᠶᠢ ᠨᠠᠶᠢᠳᠡᠯᠡᠭᠰᠡᠨ ᠦᠭᠡᠢ᠃ ᠲᠠᠷᠠᠭ᠎ᠠ ᠠᠯᠬᠤᠮ ᠳᠤ ᠪᠢᠳᠠ ᠢᠳᠡᠪᠬᠢᠳᠠᠢ  ᠪᠠᠷ ᠲᠠᠭᠡᠳᠤ ᠱᠠᠳᠤᠨ ᠤ ᠰᠠᠯᠠᠭ᠎ᠠ ᠮᠦᠴᠢᠷ ᠲᠤ ᠬᠠᠮᠢᠶ᠎ᠠ ᠪᠦᠬᠦᠢ ᠪᠠᠶᠢᠳᠠᠯ ᠢ ᠮᠠᠳᠠᠬᠦᠯᠬᠦ ᠪᠠ ᠪᠠᠯᠠ ᠮᠦᠩᠬᠦ ᠶᠢ ᠲᠠᠮᠠᠴᠠᠨ ᠤᠯᠵᠤ᠂ ᠰᠠᠨᠠᠭᠤᠯᠭ᠎ᠠ ᠳᠤ ᠲᠤᠷᠠᠳᠤᠬᠰᠠᠨ ᠠᠰᠠᠭᠤᠳᠠᠯ ᠢ ᠡᠷᠳᠡ ᠰᠢᠢᠳᠪᠤᠷᠢᠯᠠᠬᠦ ᠪᠠᠷ ᠴᠢᠷᠮᠠᠶᠢᠨ᠎ᠠ᠃     ᠵᠢᠶᠧ ᠹᠠᠩ ᠢᠩᠽᠢ ᠰᠢᠶᠠᠩ ᠤᠨ ᠲᠦᠯᠦᠭᠡᠯᠡᠭᠴᠢ ᠶᠢᠨ ᠪᠦᠯᠬᠦᠮ ᠤᠨ ᠲᠢᠶᠠᠨ ᠶᠢᠨ ᠹᠠ ᠲᠦᠯᠦᠭᠡᠯᠡᠭᠴᠢ  ᠶᠢᠨ ᠲᠤᠷᠠᠳᠤᠬᠰᠠᠨ ︽ᠵᠢᠶᠧ ᠹᠠᠩ ᠢᠩᠽᠢ ᠰᠢᠶᠠᠩ ᠳᠤ ᠰᠢᠬᠦᠬᠦ ᠲᠢᠩᠬᠢᠮ ᠪᠤᠶᠤ ᠲᠦᠷ ᠴᠠᠭ ᠤᠨ ᠰᠢᠬᠦᠬᠦ ᠲᠢᠩᠬᠢᠮ ᠪᠠᠶᠢᠭᠤᠯᠬᠤ ᠲᠤᠬᠠᠢ ᠰᠠᠨᠠᠭᠤᠯᠭ᠎ᠠ︾᠃ ᠲᠠᠭᠡᠷ᠎ᠡ ᠱᠠᠳᠤᠨ ᠤ ᠨᠢᠭᠡᠳᠦᠯᠳᠠᠢ ᠲᠤᠬᠢᠷᠠᠭᠤᠯᠤᠯᠳᠠ ᠶᠤᠰᠤᠭᠠᠷ᠂ 2016 ᠤᠨ ᠳᠤ ᠰᠢᠬᠦᠬᠦ ᠬᠤᠷᠢᠶ᠎ᠠ ᠬᠠᠤᠯᠢ ᠴᠠᠭᠠᠵᠠ ᠶᠢᠨ ᠤᠷᠤᠨ ᠲᠤᠭ᠎ᠠ ᠶᠢ ᠦᠭᠡᠷᠡᠴᠢᠯᠠᠬᠦ ᠠᠵᠢᠯ ᠢ ᠦᠷᠨᠢᠬᠦᠯᠵᠤ᠂ ᠪᠠᠶᠢᠭᠤᠯᠤᠮᠵᠢ᠂ ᠠᠵᠢᠯᠳᠠᠨ ᠪᠦᠷ ᠬᠤᠪᠢᠷᠠᠯᠳᠠ ᠡᠬᠦᠰᠪᠠ᠃ ᠰᠢᠨ᠎ᠠ ᠪᠠᠶᠢᠭᠤᠯᠤᠮᠵᠢ ᠪᠠᠶᠢᠭᠤᠯᠬᠤ ᠮᠠᠳᠠᠬᠦᠯᠦᠨ ᠵᠦᠪᠰᠢᠶᠠᠷᠠᠬᠦ ᠶᠠᠪᠤᠴᠠ ᠨᠢᠭᠡᠨᠳᠡ ᠬᠠᠤᠯᠢ ᠶᠤᠰᠤᠭᠠᠷ ᠵᠤᠬᠰᠤᠪᠠ᠃ ᠲᠦᠷ ᠵᠠᠭᠤᠷ᠎ᠠ ᠪᠠᠶᠢᠭᠤᠯᠬᠤ ᠨᠦᠬᠦᠴᠠᠯ ᠬᠦᠷᠦᠯᠴᠠᠬᠦ ᠦᠭᠡᠢ᠃ ᠵᠢᠶᠧ ᠹᠠᠩ ᠢᠩᠽᠢ ᠰᠢᠶᠠᠩ ᠤᠨ ᠬᠦᠮᠦᠨ ᠠᠮᠠ ᠤᠯᠠᠨ᠂ ᠲᠠᠯᠠᠪᠠᠢ ᠶᠡᠭᠡ᠂ ᠬᠡᠷᠡᠭ ᠵᠠᠷᠭᠤ ᠠᠷᠪᠢᠨ ᠪᠤᠳᠠᠳᠠᠢ ᠪᠠᠶᠢᠳᠠᠯ ᠳᠤ ᠬᠠᠨᠳᠤᠭᠤᠯᠵᠤ᠂ ᠬᠤᠰᠢᠭᠤᠨ ᠤ ᠰᠢᠬᠦᠬᠦ ᠬᠤᠷᠢᠶ᠎ᠠ ᠲᠤᠭᠤᠷᠢᠨ ᠰᠢᠬᠦᠨ ᠲᠠᠰᠤᠯᠬᠤ ᠲᠠᠷᠭᠡ ᠠᠵᠢᠯᠯᠠᠬᠰᠠᠨ ᠤ ᠲᠠᠷᠠᠭ᠎ᠠ ᠲᠤᠬᠳᠠᠬᠰᠠᠨ ᠬᠤᠭᠤᠴᠠᠭ᠎ᠠ ᠲᠠᠢ ᠪᠠᠷ ᠵᠢᠶᠧ ᠹᠠᠩ ᠢᠩᠽᠢ ᠰᠢᠶᠠᠩ ᠳᠤ ᠬᠦᠷᠴᠤ ᠲᠤᠭᠤᠷᠢᠨ ᠰᠢᠬᠦᠨ ᠲᠠᠰᠤᠯᠬᠤ ᠠᠵᠢᠯ ᠦᠷᠨᠢᠬᠦᠯᠦᠨ᠎ᠠ᠃      ᠤᠳᠠᠨᠳᠤᠬᠤᠢ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠮᠠᠤ ᡁᠢ ᠶᠢᠩ ᠵᠠᠷᠭᠡ 6 ᠲᠦᠯᠦᠭᠡᠯᠡᠭᠴᠢ  ᠶᠢᠨ ᠲᠤᠷᠠᠳᠤᠬᠰᠠᠨ ︽ᠤᠳᠠᠨᠳᠤᠬᠤᠢ ᠪᠠᠯᠭᠠᠰᠤ ᠪᠠ ᠪᠤᠷᠤᠬᠤᠳᠠ ᠪᠠᠯᠭᠠᠰᠤ ᠲᠤᠭᠤᠷᠢᠭ ᠤᠨ ᠨᠠᠶᠢᠳᠠ ᠶᠢᠨ ᠮᠠᠰᠢᠨ ᠲᠠᠷᠭᠡ ᠶᠢ ᠨᠠᠪᠳᠠᠷᠠᠬᠦᠯᠬᠦ ᠲᠤᠬᠠᠢ ᠰᠠᠨᠠᠭᠤᠯᠭ᠎ᠠ︾᠃ ᠮᠠᠨ ᠤ ᠬᠤᠰᠢᠭᠤ ︽12.5︾ ᠪᠠ ︽13.5︾ ᠤᠨ ᠬᠤᠭᠤᠴᠠᠭᠠᠨ ᠳᠤ᠂ ᠬᠤᠰᠢᠭᠤᠨ ᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠤᠨ 50 ᠺᠢᠯᠤᠮᠧᠲᠷ ᠤᠨ ᠨᠠᠶᠢᠳᠠ  ᠶᠢᠨ ᠮᠠᠰᠢᠨ ᠲᠠᠷᠭᠡ ᠶᠢᠨ ᠲᠤᠭᠤᠷᠢᠭ ᠢ ᠬᠦᠴᠦᠯᠠᠨ ᠪᠠᠶᠢᠭᠤᠯᠵᠠᠢ᠂ ᠤᠳᠠᠨᠳᠤᠬᠤᠢ ᠪᠠᠯᠭᠠᠰᠤ ᠠᠴᠠ ᠪᠤᠷᠤᠬᠤᠳᠠ ᠪᠠᠯᠭᠠᠰᠤ ᠲᠤᠭᠤᠷᠢᠭ ᠬᠦᠷᠬᠦ ᠬᠡᠳᠦᠨ ᠵᠤᠷᠪᠤᠰ ᠵᠠᠮ ᠤᠨ ᠤᠷᠳᠤ ᠨᠢ ᠪᠦᠷ 50 ᠺᠢᠯᠤᠮᠧᠲᠷ ᠠᠴᠠ ᠬᠡᠳᠦᠷᠠᠵᠤ᠂ ᠡᠳ᠋  ᠤᠨ ᠬᠦᠴᠦᠨ ᠤ ᠬᠢᠵᠠᠭᠠᠷᠯᠠᠯ ᠠᠴᠠ ᠪᠤᠯᠵᠤ᠂ ᠤᠳᠤᠬᠠᠨ ᠳᠤ ᠲᠤᠰᠬᠠᠢ ᠱᠤᠭᠤᠮ ᠤᠨ ᠨᠠᠶᠢᠳᠠ ᠶᠢᠨ ᠮᠠᠰᠢᠨ ᠲᠠᠷᠭᠡ  ᠶᠢ ᠨᠠᠪᠳᠠᠷᠠᠬᠦᠯᠵᠤ ᠲᠠᠶᠢᠯᠬᠦ ᠦᠭᠡᠢ᠃ ᠲᠤᠬᠠᠢ ᠶᠢᠨ ᠭᠠᠵᠠᠷ ᠤᠨ ᠵᠤᠭᠠᠴᠠᠯ ᠤᠨ ᠤᠶᠢᠯᠠᠰ ᠤᠨ ᠬᠦᠭᠵᠢᠯᠳᠠ ᠶᠢᠨ ᠤᠳᠤ ᠶᠢᠨ ᠪᠠᠶᠢᠳᠠᠯ ᠢ ᠦᠨᠳᠤᠰᠤᠯᠠᠪᠠᠯ᠂ 2017 ᠤᠨ ᠳᠤ ᠬᠤᠰᠢᠭᠤᠨ ᠤ ᠵᠠᠰᠠᠭ ᠤᠨ ᠤᠷᠳᠤᠨ ᠬᠤᠩ ᠱᠠᠨ ᠨᠠᠭᠤᠷ ᠤᠨ ᠵᠤᠭᠠᠴᠠᠯ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠬᠡᠷᠡᠭᠵᠢᠬᠦᠯᠬᠦ ᠪᠠᠷ ᠲᠦᠯᠦᠪᠯᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠬᠰᠠᠨ ᠤ ᠲᠠᠷᠠᠭ᠎ᠠ ᠲᠤᠬᠠᠢ ᠶᠢᠨ ᠭᠠᠵᠠᠷ ᠤᠨ ᠠᠷᠠᠳ ᠲᠦᠮᠠᠨ  ᠤ ᠭᠠᠳᠠᠬᠰᠢ ᠭᠠᠷᠬᠤ ᠳᠤ ᠲᠦᠬᠦᠮ ᠦᠵᠠᠬᠦᠯᠬᠦ ᠪᠠ ᠵᠤᠭᠠᠴᠠᠯ ᠤᠨ ᠤᠶᠢᠯᠠᠰ ᠤᠨ ᠬᠦᠭᠵᠢᠯᠳᠠ ᠳᠤ ᠢᠳᠡᠪᠬᠢᠳᠠᠢ ᠤᠶᠢᠯᠠᠳᠤᠯ ᠦᠵᠠᠬᠦᠯᠬᠦ ᠪᠤᠯᠤᠨ᠎ᠠ᠃     ᠴᠢᠶᠤᠤ ᠲᠸᠤ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠸᠠᠩ ᠬᠦᠸᠧ ᠹᠧᠨ ᠲᠦᠯᠦᠭᠡᠯᠡᠭᠴᠢ ᠶᠢᠨ ᠲᠤᠷᠠᠳᠤᠬᠰᠠᠨ ︽ᠲᠠᠷᠢᠶᠠᠯᠠᠩ ᠤᠨ ᠴᠠᠬᠢᠯᠭᠠᠨ ᠤ ᠰᠦᠢᠳᠭᠡᠯ ᠢ ᠦᠭᠡᠷᠡᠴᠢᠯᠠᠬᠦ ᠲᠤᠬᠠᠢ ᠰᠠᠨᠠᠭᠤᠯᠭ᠎ᠠ︾᠃ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠤ ᠬᠠᠤᠯᠢ︾ ᠪᠠ ︽ᠴᠠᠬᠢᠯᠭᠠᠨ ᠪᠤᠷᠤᠯᠠᠭᠤᠯᠬᠤ ᠦᠨ᠎ᠠ ᠬᠠᠩᠰᠢ ᠶᠢ ᠬᠠᠮᠢᠶᠠᠷᠬᠤ ᠲᠦᠷ ᠬᠡᠷᠡᠭᠵᠢᠬᠦᠯᠬᠦ ᠠᠷᠭ᠎ᠠ︾ ᠶᠢᠨ ᠬᠤᠯᠪᠤᠬᠳᠠᠯ ᠪᠦᠬᠦᠢ ᠲᠦᠷᠢᠮ ᠲᠤᠬᠳᠠᠭᠠᠯ ᠶᠤᠰᠤᠭᠠᠷ ᠮᠠᠨ ᠤ ᠤᠯᠤᠰ ᠴᠠᠬᠢᠯᠭᠠᠨ ᠪᠤᠷᠤᠯᠠᠭᠤᠯᠬᠤ ᠳᠤ ᠵᠠᠰᠠᠭ ᠤᠨ ᠤᠷᠳᠤᠨ ᠦᠨ᠎ᠠ ᠲᠤᠬᠳᠠᠭᠠᠵᠤ ᠨᠢᠭᠡᠳᠦᠯᠳᠠᠢ ᠲᠦᠷᠦ ᠶᠢᠨ ᠪᠤᠳᠤᠯᠭ᠎ᠠ᠂ ᠲᠠᠰ ᠬᠤᠪᠢᠶᠠᠨ ᠬᠠᠮᠢᠶᠠᠷᠬᠤ ᠶᠢ ᠬᠡᠷᠡᠭᠵᠢᠬᠦᠯᠵᠤ ᠪᠠᠶᠢᠨ᠎ᠠ᠃ ᠮᠠᠨ ᠤ ᠬᠤᠰᠢᠭᠤᠨ ᠤ ᠬᠦᠳᠡᠭᠡ ᠲᠤᠰᠬᠤᠨ ᠮᠠᠯᠵᠢᠬᠤ ᠤᠷᠤᠨ ᠤ ᠲᠠᠷᠢᠶ᠎ᠠ ᠤᠰᠤᠯᠠᠬᠤ ᠴᠠᠬᠢᠯᠭᠠᠨ ᠤ ᠦᠨ᠎ᠠ ᠬᠠᠩᠰᠢ ᠶᠢᠨ ᠪᠠᠷᠢᠮᠵᠢᠶ᠎ᠠ ᠪᠤᠯ ᠺᠢᠯᠤᠸᠠᠲ ᠪᠦᠷᠢ 0.75 ᠲᠦᠬᠦᠷᠢᠭ᠂ ᠤᠯᠠᠭᠠᠨᠬᠠᠳᠠ ᠬᠤᠳᠠ ᠶᠢᠨ ᠬᠦᠭᠵᠢᠬᠦᠯᠦᠯᠳᠠ ᠦᠭᠡᠷᠡᠴᠢᠯᠠᠯᠳᠠ ᠶᠢᠨ ᠲᠤᠪᠴᠢᠶᠠᠨ ᠤ ︽ᠡᠯ᠎ᠡ ᠬᠤᠰᠢᠭᠤ ᠰᠢᠶᠠᠨ ᠲᠤᠭᠤᠷᠢᠭ ᠤᠨ ᠲᠦᠷᠦᠯ ᠬᠤᠪᠢᠶᠠᠬᠰᠠᠨ ᠶᠠᠷᠦᠩᠭᠡᠢ ᠴᠠᠬᠢᠯᠭᠠᠨ ᠦᠨ᠎ᠠ ᠬᠠᠩᠰᠢ ᠶᠢ ᠲᠤᠬᠢᠷᠠᠭᠤᠯᠬᠤ ᠲᠤᠬᠠᠢ ᠮᠠᠳᠡᠭᠳᠡᠯ︾ ᠢᠶᠠᠷ ᠶᠠᠪᠤᠬᠳᠠᠭᠤᠯᠬᠤ ᠦᠨᠳᠤᠰᠤᠯᠠᠯ ᠪᠤᠯᠭᠠᠵᠤ᠂ ᠤᠳᠤᠬᠠᠨ ᠳᠤ ᠦᠨ᠎ᠠ ᠬᠠᠩᠰᠢ ᠲᠤᠬᠳᠠᠭᠠᠬᠤ ᠵᠢᠴᠢ ᠲᠤᠬᠢᠷᠠᠭᠤᠯᠬᠤ ᠡᠷᠭᠡ ᠬᠦᠴᠦᠨ ᠲᠠᠢ ᠰᠠᠯᠠᠭ᠎ᠠ ᠮᠦᠴᠢᠷ ᠪᠤᠯ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠤᠯᠤᠨ᠎ᠠ᠂ ᠬᠤᠰᠢᠭᠤᠨ ᠵᠠᠰᠠᠭ  ᠤᠨ ᠤᠷᠳᠤᠨ ᠴᠠᠬᠢᠯᠭᠠᠨ ᠤ ᠦᠨ᠎ᠠ ᠬᠠᠩᠰᠢ ᠶᠢ ᠲᠤᠬᠢᠷᠠᠭᠤᠯᠬᠤ ᠡᠷᠭᠡ ᠦᠭᠡᠢ᠂ ᠲᠠᠷᠠᠭ᠎ᠠ ᠠᠯᠬᠤᠮ ᠳᠤ ᠪᠢᠳᠠ ᠢᠳᠡᠪᠬᠢᠳᠠᠢ ᠪᠠᠷ ᠲᠠᠭᠡᠷ᠎ᠡ ᠱᠠᠳᠤᠨ ᠤ ᠰᠠᠯᠠᠭ᠎ᠠ ᠮᠦᠴᠢᠷ ᠲᠤ ᠲᠤᠰᠬᠠᠵᠤ᠂ ᠰᠠᠨᠠᠭᠤᠯᠭ᠎ᠠ ᠳᠤ ᠲᠤᠷᠠᠳᠤᠬᠰᠠᠨ ᠠᠰᠠᠭᠤᠳᠠᠯ ᠢ ᠡᠷᠳᠡᠭᠡᠨ ᠰᠢᠢᠳᠪᠤᠷᠢᠯᠠᠬᠦ ᠪᠠᠷ ᠴᠢᠷᠮᠠᠶᠢᠨ᠎ᠠ᠃     ᠬᠠᠶᠢᠯᠠᠰᠤ ᠪᠠᠯᠭᠠᠰᠤᠨ ᠤ ᠲᠦᠯᠦᠭᠡᠯᠡᠭᠴᠢ ᠶᠢᠨ ᠪᠦᠯᠬᠦᠮ ᠤᠨ ᠮᠦᠳᠠᠨ ᠲᠦᠯᠦᠭᠡᠯᠡᠭᠴᠢ ᠶᠢᠨ ᠲᠤᠷᠠᠳᠤᠬᠰᠠᠨ ︽ᠡᠷᠦᠭᠡ ᠪᠦᠷᠢ ᠨᠠᠬᠦᠷᠠᠰᠤ ᠶᠢᠨ ᠨᠦᠬᠦᠪᠤᠷᠢ ᠶᠢ ᠬᠦᠷᠳᠡᠭᠦ ᠲᠤᠬᠠᠢ ᠰᠠᠨᠠᠭᠤᠯᠭ᠎ᠠ︾᠃ ᠦᠪᠠᠷᠳᠡᠭᠡᠨ ᠵᠠᠰᠠᠬᠤ ᠤᠷᠤᠨ ᠵᠢᠴᠢ ᠤᠯᠠᠭᠠᠨᠬᠠᠳᠠ ᠬᠤᠳᠠ ᠶᠢᠨ ᠬᠤᠯᠪᠤᠬᠳᠠᠯ ᠪᠦᠬᠦᠢ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠤᠰᠤᠯᠠᠪᠠᠯ ᠂ ᠬᠤᠰᠢᠭᠤᠨ ᠤ ᠵᠠᠰᠠᠭ ᠤᠨ ᠤᠷᠳᠤᠨ ︽ᠤᠩᠨᠢᠭᠤᠳ ᠬᠤᠰᠢᠭᠤᠨ ᠤ ᠲᠤᠤᠷ᠎ᠠ ᠤᠷᠤᠯᠭ᠎ᠠ ᠲᠠᠢ ᠮᠠᠯᠴᠢᠨ ᠲᠠᠷᠢᠶᠠᠴᠢᠨ ᠳᠤ ᠡᠪᠤᠯ ᠤᠨ ᠤᠯᠠᠷᠢᠯ ᠲᠤᠯᠠᠭᠠᠴᠠᠬᠤ ᠳᠤ ᠬᠡᠷᠡᠭᠯᠠᠬᠦ ᠨᠠᠬᠦᠷᠠᠰᠤ ᠶᠢ ᠬᠠᠩᠭᠠᠬᠤ ᠠᠵᠢᠯ ᠢ ᠨᠠᠶᠢᠳᠠᠪᠤᠷᠢᠵᠢᠭᠤᠯᠬᠤ ᠲᠦᠰᠦᠯ︾ ᠢ ᠰᠤᠳᠤᠯᠤᠨ ᠲᠤᠬᠳᠠᠭᠠᠵᠤ᠂ ᠲᠦᠰᠦᠯ ᠳᠤ ᠲᠤᠳᠤᠷᠬᠠᠶᠢᠯᠠᠬᠰᠠᠨ ᠨᠠᠬᠦᠷᠠᠰᠤ ᠬᠠᠩᠭᠠᠬᠤ ᠡᠳᠡᠭᠡᠳ ᠪᠤᠯ ᠪᠠᠶᠢᠩᠭᠤ ᠰᠠᠭᠤᠭ᠎ᠠ ᠲᠤᠤᠷ᠎ᠠ ᠤᠷᠤᠯᠭ᠎ᠠ ᠲᠠᠢ ᠮᠠᠯᠴᠢᠨ ᠲᠠᠷᠢᠶᠠᠴᠢᠨ ᠡᠷᠦᠭᠡ᠂ ᠨᠦᠬᠦᠪᠤᠷᠢ  ᠶᠢᠨ ᠪᠠᠷᠢᠮᠵᠢᠶ᠎ᠠ ᠪᠤᠯ ᠡᠷᠦᠭᠡ ᠪᠦᠷᠢ 600 ᠲᠦᠬᠦᠷᠢᠭ᠂ ᠨᠠᠬᠦᠷᠠᠰᠤ ᠬᠠᠩᠭᠠᠬᠤ ᠡᠳᠡᠭᠡᠳ ᠢ ᠲᠤᠬᠳᠠᠭᠠᠬᠤ ᠳᠤ ᠲᠤᠤᠷ᠎ᠠ ᠪᠠᠳᠤᠯᠠᠭᠠᠳᠤ ᠡᠷᠦᠭᠡ᠂ ᠲᠠᠪᠤᠨ ᠪᠠᠳᠤᠯᠠᠭᠠᠳᠤ ᠡᠷᠦᠭᠡ ᠪᠠ ᠶᠠᠳᠠᠭᠤ ᠬᠦᠴᠢᠷᠳᠠᠢ ᠡᠷᠦᠭᠡ ᠶᠢ ᠪᠠᠳᠤᠯᠠᠬᠰᠠᠨ ᠰᠠᠭᠤᠷᠢᠨ ᠲᠠᠭᠡᠷ᠎ᠡ᠂ ᠪᠤᠰᠤᠳ ᠲᠤᠤᠷ᠎ᠠ ᠤᠷᠤᠯᠭ᠎ᠠ ᠲᠠᠢ ᠮᠠᠯᠴᠢᠨ ᠲᠠᠷᠢᠶᠠᠴᠢᠨ ᠤ ᠡᠷᠦᠭᠡ ᠭᠠᠴᠠᠭ᠎ᠠ ᠲᠤᠰᠬᠤᠨ ᠤ ᠮᠠᠯᠴᠢᠨ ᠲᠠᠷᠢᠶᠠᠴᠢᠨ ᠤ ᠦᠨᠠᠯᠠᠬᠦ ᠪᠠ ︽ᠭᠤᠷᠪᠠᠨ ᠵᠦᠪᠯᠠᠯ︾ ᠬᠢᠨᠠᠨ ᠬᠡᠯᠡᠯᠴᠡᠭᠰᠡᠨ ᠤ ᠲᠠᠷᠠᠭ᠎ᠠ᠂ ᠰᠢᠶᠠᠩ ᠪᠠᠯᠭᠠᠰᠤ ᠶᠢᠨ ᠵᠠᠰᠠᠭ ᠤᠨ ᠤᠷᠳᠤᠨ ᠳᠤ ᠮᠠᠳᠠᠬᠦᠯᠵᠤ ᠬᠢᠨᠠᠬᠤ ᠪᠠᠷ ᠲᠠᠮᠵᠢᠵᠤ ᠪᠤᠢ ᠪᠤᠯᠵᠠᠢ᠃ ᠲᠦᠷᠦ ᠶᠢᠨ ᠪᠤᠳᠤᠯᠭ᠎ᠠ ᠪᠠ ᠡᠳ᠋ ᠤᠨ ᠬᠦᠴᠦᠨ ᠤ ᠬᠢᠵᠠᠭᠠᠷᠯᠠᠯ ᠠᠴᠠ ᠪᠤᠯᠵᠤ᠂ ᠮᠠᠨ ᠤ ᠬᠤᠰᠢᠭᠤ ᠪᠠᠰᠠ ᠡᠷᠦᠭᠡ ᠪᠦᠷᠢ ᠨᠠᠬᠦᠷᠠᠰᠤᠨ ᠨᠦᠬᠦᠪᠤᠷᠢ ᠬᠦᠷᠳᠡᠬᠦ ᠶᠢ ᠪᠠᠶᠠᠯᠠᠬᠦᠯᠵᠤ ᠲᠠᠶᠢᠯᠬᠦ ᠦᠭᠡᠢ᠂ ᠵᠦᠪᠬᠡᠨ ᠲᠠᠭᠡᠷ᠎ᠡ ᠱᠠᠳᠤᠨ ᠤ ᠰᠠᠯᠠᠭ᠎ᠠ ᠮᠦᠴᠢᠷ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠡᠯᠡᠭᠰᠡᠨ ᠤ ᠲᠠᠷᠠᠭ᠎ᠠ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠠ᠃      ᠬᠤᠶᠠᠷ᠂ 2016 ᠤᠨ ᠳᠤ ᠰᠠᠨᠠᠭᠤᠯᠭ᠎ᠠ ᠶᠢ ᠡᠷᠬᠢᠯᠠᠬᠦ ᠳᠤ ᠠᠪᠤᠬᠰᠠᠨ ᠭᠤᠤᠯ ᠠᠷᠭ᠎ᠠ ᠬᠡᠮᠵᠢᠶ᠎ᠠ      2016 ᠤᠨ ᠳᠤ ᠬᠤᠰᠢᠭᠤᠨ ᠵᠠᠰᠠᠭ ᠤᠨ ᠤᠷᠳᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠡᠷᠬᠢᠯᠠᠬᠦ ᠠᠵᠢᠯ ᠢ ᠰᠠᠶᠢᠳᠤᠷ ᠬᠢᠬᠦ ᠶᠢᠨ ᠲᠦᠯᠦᠭᠡ᠂ ᠰᠠᠳᠬᠢᠮᠵᠢ ᠪᠠ ᠠᠷᠭ᠎ᠠ ᠪᠠᠷᠢᠯ ᠢᠶᠠᠨ ᠲᠠᠰᠤᠷᠠᠯᠳᠠ ᠦᠭᠡᠢ ᠰᠢᠨᠠᠴᠢᠯᠠᠵᠤ᠂ ᠭᠤᠤᠯ ᠨᠢ ᠲᠤᠤᠷᠠᠬᠢ ᠬᠡᠳᠦᠨ ᠲᠠᠯ᠎ᠠ ᠶᠢᠨ ᠠᠷᠭ᠎ᠠ ᠬᠡᠮᠵᠢᠶ᠎ᠠ ᠠᠪᠴᠠᠢ᠄      ︵ᠨᠢᠭᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ  ᠶᠢᠨ ᠰᠠᠨᠠᠭᠤᠯᠭ᠎ᠠ ᠶᠢ ᠬᠦᠢᠴᠠᠳᠭᠡᠬᠦ ᠠᠵᠢᠯ ᠢ ᠦᠨᠠᠩᠬᠦ ᠰᠠᠶᠢᠳᠤᠷ ᠬᠢᠬᠦ ᠪᠤᠯ ᠬᠤᠰᠢᠭᠤᠨ ᠤ ᠵᠠᠰᠠᠭ ᠤᠨ ᠤᠷᠳᠤᠨ ︽ᠠᠷᠠᠳ ᠲᠤ ᠤᠶᠢᠯᠠᠴᠢᠯᠠᠬᠦ᠂ ᠠᠷᠠᠳ ᠤᠨ ᠲᠦᠯᠦᠭᠡ ᠵᠠᠰᠠᠭ ᠶᠠᠪᠤᠭᠤᠯᠬᠤ︾ ᠶᠢᠨ ᠴᠢᠬᠤᠯᠠ ᠢᠯᠠᠷᠠᠯ ᠪᠤᠯᠤᠨ᠎ᠠ᠃ ᠡᠯ᠎ᠡ ᠰᠠᠯᠠᠭ᠎ᠠ ᠮᠦᠴᠢᠷ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠬᠦᠢᠴᠠᠳᠭᠡᠬᠦ ᠳᠤ ︽ᠬᠡᠯᠡᠬᠦ ᠳᠤ ᠶᠠᠬᠡᠪᠠᠷ ᠴᠢᠬᠤᠯᠠᠴᠢᠯᠠᠵᠤ᠂ ᠬᠢᠬᠦ ᠳᠤ ᠡᠬᠦᠷᠭᠡ ᠶᠢ ᠲᠦᠩᠭᠡᠬᠦ︾ ᠠᠰᠠᠭᠤᠳᠠᠯ ᠳᠤ ᠬᠠᠨᠳᠤᠭᠤᠯᠵᠤ᠂ ᠬᠤᠰᠢᠭᠤᠨ ᠤ ᠵᠠᠰᠠᠭ  ᠤᠨ ᠤᠷᠳᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠ ᠲᠤᠬᠢᠷᠠᠭᠤᠯᠵᠤ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠪᠢᠶᠠᠨ ᠬᠠᠮᠢᠶᠠᠷᠴᠤ ᠪᠠᠶᠢᠬᠤ ᠬᠤᠰᠢᠭᠤᠨ ᠲᠠᠳ᠋ ᠲᠠᠷᠤᠭ᠎ᠠ ᠵᠦᠪᠰᠢᠶᠠᠷᠠᠨ ᠡᠷᠬᠢᠯᠠᠬᠦ᠂ ᠰᠠᠯᠠᠭ᠎ᠠ ᠮᠦᠴᠢᠷ ᠲᠤᠯᠤᠭᠠᠶᠢᠯᠠᠨ ᠨᠠᠶᠢᠳᠠᠪᠤᠷᠢᠵᠢᠭᠤᠯᠬᠤ᠂ ᠬᠠᠷᠢᠭᠤᠴᠠᠯᠭ᠎ᠠ ᠶᠢᠨ ᠲᠤᠬᠳᠠᠯᠴᠠᠭ᠎ᠠ ᠶᠢ ᠬᠡᠷᠡᠭᠵᠢᠬᠦᠯᠵᠤ᠂ ᠡᠷᠬᠢᠯᠠᠬᠦ ᠴᠠᠭ ᠬᠢᠵᠠᠭᠠᠷᠯᠠᠯ᠂ ᠬᠠᠷᠠᠯᠳᠠ ᠪᠠ ᠴᠢᠨᠠᠷ ᠴᠢᠨᠰᠠᠭ᠎ᠠ ᠶᠢᠨ ᠱᠠᠭᠠᠷᠳᠠᠯᠭ᠎ᠠ ᠶᠢ ᠲᠤᠳᠤᠷᠬᠠᠶᠢᠯᠠᠵᠤ᠂ ᠲᠦᠯᠦᠭᠡᠯᠡᠭᠴᠢ ᠶᠢᠨ ᠰᠠᠨᠠᠭᠤᠯᠭ᠎ᠠ ᠶᠢ ᠡᠷᠬᠢᠯᠠᠬᠦ ᠠᠵᠢᠯ ᠪᠠ ᠰᠠᠯᠠᠭ᠎ᠠ ᠮᠦᠴᠢᠷ ᠤᠨ ᠭᠤᠤᠯ ᠠᠵᠢᠯ ᠢ ᠬᠦᠴᠦᠨ ᠲᠠᠢ ᠵᠠᠯᠭᠠᠯᠳᠤᠭᠤᠯᠪᠠ᠃      ︵ᠬᠤᠶᠠᠷ︶ ᠱᠠᠭᠠᠷᠳᠠᠨ ᠬᠢᠯᠭᠡᠬᠦ ᠶᠠᠪᠤᠴᠠ ᠶᠢ ᠴᠢᠩᠭᠠᠳᠬᠠᠵᠤ᠂ ᠪᠤᠳᠠᠳᠠᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠪᠠ᠃ ᠬᠤᠰᠢᠭᠤᠨ ᠤ ᠵᠠᠰᠠᠭ ᠤᠨ ᠤᠷᠳᠤᠨ ᠠᠴᠠ ᠨᠢᠭᠡᠨᠳᠡ ᠲᠦᠯᠦᠭᠡᠯᠡᠭᠴᠢ ᠶᠢᠨ ᠰᠠᠨᠠᠭᠤᠯᠭ᠎ᠠ ᠶᠢ ᠡᠷᠬᠢᠯᠠᠬᠦ ᠠᠵᠢᠯ ᠢ ᠵᠢᠯ ᠤᠨ ᠲᠦᠯᠦᠪᠯᠡᠭᠡ ᠳᠤ ᠤᠷᠤᠭᠤᠯᠵᠤ᠂ ᠡᠳᠦᠷ ᠲᠤᠳᠤᠮ ᠳᠤ ᠳ᠋ᠢᠶᠠᠩᠬᠤᠸᠠ ᠪᠠᠷ ᠱᠠᠭᠠᠷᠳᠠᠨ ᠬᠢᠯᠭᠡᠬᠦ᠂ ᠲᠤᠰᠬᠠᠢ ᠬᠦᠮᠦᠨ ᠱᠠᠭᠠᠷᠳᠠᠠ ᠬᠢᠯᠭᠡᠬᠦ ᠵᠠᠷᠭᠡ ᠤᠯᠠᠨ ᠵᠦᠢᠯ ᠤᠨ ᠠᠷᠭ᠎ᠠ ᠬᠡᠯᠪᠠᠷᠢ ᠶᠢ ᠬᠡᠷᠡᠭᠯᠠᠵᠤ᠂ ᠡᠯ᠎ᠡ ᠨᠢᠭᠡᠴᠡ ᠶᠢᠨ ᠠᠵᠢᠯ ᠤᠨ ᠦᠷ᠎ᠡ ᠪᠦᠳᠦᠮᠵᠢ ᠶᠢ ᠲᠠᠭᠡᠭᠰᠢᠯᠠᠬᠦᠯᠵᠤ᠂ ᠲᠤᠬᠢᠷᠠᠮᠵᠢᠳᠠᠢ ᠬᠤᠭᠤᠴᠠᠭᠠᠨ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠷᠢᠯᠴᠠᠬᠤ ᠠᠯᠪᠠᠨ ᠬᠡᠷ ᠲᠠᠢ ᠬᠠᠮᠳᠤᠷᠠᠵᠤ ᠲᠤᠰᠬᠠᠢ ᠬᠢᠨᠠᠨ ᠪᠠᠶᠢᠴᠠᠭᠠᠯᠳᠠ ᠶᠢ ᠦᠷᠨᠢᠬᠦᠯᠵᠤ᠂ ᠲᠦᠯᠦᠭᠡᠯᠡᠭᠴᠢ ᠶᠢᠨ ᠰᠠᠨᠠᠭᠤᠯᠭ᠎ᠠ ᠶᠢ ᠬᠦᠢᠴᠠᠳᠭᠡᠬᠦ ᠠᠵᠢᠯ ᠦᠨᠠᠩᠬᠦ ᠪᠤᠳᠠᠳᠠᠢ ᠪᠤᠯᠬᠤ ᠶᠢ ᠪᠠᠳᠤᠯᠠᠪᠠ᠃      ︵ᠭᠤᠷᠪᠠ︶ ᠤᠶᠢᠯᠠᠭᠠᠯᠴᠠᠵᠤ ᠬᠠᠷᠢᠯᠴᠠᠬᠤ ᠶᠢ ᠰᠠᠶᠢᠳᠤᠷ ᠬᠢᠵᠤ ᠤᠶᠢᠯᠠᠳᠤᠯᠴᠠᠵᠤ ᠬᠠᠮᠳᠤᠷᠠᠯᠴᠠᠬᠤ ᠶᠢ ᠠᠬᠢᠭᠤᠯᠪᠠ᠃ ᠬᠤᠰᠢᠭᠤᠨ ᠵᠠᠰᠠᠭ ᠤᠨ ᠤᠷᠳᠤᠨ ᠠᠴᠠ ᠡᠯ᠎ᠡ ᠨᠢᠭᠡᠴᠡ ᠠᠵᠢᠯ ᠢᠶᠠᠨ ᠮᠠᠳᠠᠬᠦᠯᠬᠦ᠂ ᠰᠠᠨᠠᠯ ᠬᠤᠷᠢᠶᠠᠬᠤ ᠵᠠᠷᠭᠡ ᠠᠷᠭ᠎ᠠ ᠬᠡᠯᠪᠠᠷᠢ ᠪᠠᠷ ᠲᠠᠮᠵᠢᠵᠤ᠂ ᠢᠳᠡᠪᠬᠢᠳᠠᠢ ᠪᠠᠷ ᠲᠦᠯᠦᠭᠡᠯᠡᠭᠴᠢᠳ ᠲᠠᠢ ᠪᠠᠶᠢᠳᠠᠯ ᠢᠶᠠᠨ ᠰᠤᠯᠢᠯᠴᠠᠵᠤ᠂ ᠬᠠᠷᠢᠯᠴᠠᠨ ᠤᠶᠢᠯᠠᠭᠠᠯᠴᠠᠵᠤ᠂ ᠬᠠᠮᠳᠤᠪᠠᠷ ᠰᠢᠢᠳᠪᠤᠷᠢᠯᠠᠬᠦ ᠠᠷᠭ᠎ᠠ ᠬᠡᠯᠪᠠᠷᠢ ᠶᠢ ᠵᠦᠪᠳᠠᠯᠴᠠᠪᠠ᠃ ᠨᠦᠬᠦᠴᠠᠯ ᠪᠦᠷᠢᠯᠳᠤᠵᠤ ᠲᠠᠷᠤᠢ ᠳᠤᠨᠢ ᠰᠢᠢᠳᠪᠤᠷᠢᠯᠠᠵᠤ ᠪᠤᠯᠬᠤ ᠰᠠᠨᠠᠭᠤᠯᠭ᠎ᠠ ᠶᠢ ᠬᠦᠴᠦᠨ ᠢᠶᠠᠨ ᠲᠦᠪᠯᠠᠷᠠᠬᠦᠯᠵᠤ ᠠᠯᠢ ᠬᠤᠷᠳᠤᠨ ᠢᠶᠠᠷ ᠨᠠᠶᠢᠳᠠᠪᠤᠷᠢᠵᠢᠭᠤᠯᠪᠠ᠃ ᠨᠦᠬᠦᠴᠠᠯ ᠤᠨ ᠬᠢᠵᠠᠭᠠᠷᠯᠠᠯ ᠠᠴᠠ ᠪᠤᠯᠵᠤ ᠲᠦᠷ ᠴᠠᠭ ᠰᠢᠢᠳᠪᠤᠷᠢᠯᠠᠬᠦ ᠳᠤ ᠬᠦᠴᠢᠷ ᠰᠠᠨᠠᠭᠤᠯᠭ᠎ᠠ ᠳᠤ ᠲᠦᠯᠦᠪᠯᠡᠭᠡ ᠲᠤᠬᠳᠠᠭᠠᠵᠤ᠂ ᠨᠦᠬᠦᠴᠠᠯ ᠡᠬᠦᠳᠴᠤ᠂ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠪᠠ᠃ ᠦᠨᠠᠩᠬᠦ ᠰᠢᠢᠳᠪᠤᠷᠢᠯᠠᠵᠤ ᠲᠠᠶᠢᠯᠬᠦ ᠦᠭᠡᠢ ᠶᠢ ᠨᠢ ᠪᠤᠳᠠᠳᠠᠢ ᠠᠴᠠ ᠡᠬᠦᠰᠴᠤ ᠲᠦᠯᠦᠭᠡᠯᠡᠭᠴᠢ ᠳᠤ ᠲᠠᠶᠢᠯᠪᠤᠷᠢ ᠬᠢᠵᠤ ᠤᠶᠢᠯᠠᠭᠠᠯᠳᠠ ᠪᠠ ᠲᠠᠮᠵᠢᠯᠭᠡ ᠶᠢ ᠤᠯᠪᠠ᠃      ᠭᠤᠷᠪᠠ᠂ ᠤᠷᠤᠰᠢᠵᠤ ᠪᠠᠶᠢᠭ᠎ᠠ ᠭᠤᠤᠯ ᠠᠰᠠᠭᠤᠳᠠᠯ      2016 ᠤᠨ ᠤ ᠲᠦᠯᠦᠭᠡᠯᠡᠭᠴᠢ ᠶᠢᠨ ᠰᠠᠨᠠᠯ ᠢ ᠬᠦᠢᠴᠠᠳᠭᠡᠬᠦ ᠠᠵᠢᠯ ᠢ ᠬᠢᠨᠠᠮᠠᠭᠠᠢ ᠬᠤᠷᠢᠶᠠᠩᠭᠤᠶᠢᠯᠠᠵᠤ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠯᠠᠮᠵᠢᠯᠠᠯ ᠲᠠᠮᠵᠢᠯᠭᠡ ᠲᠤᠤᠷ᠎ᠠ᠂ ᠡᠯ᠎ᠡ ᠭᠠᠷᠳᠠᠨ ᠬᠠᠷᠢᠭᠤᠴᠠᠬᠤ ᠨᠢᠭᠡᠴᠡ ᠶᠢᠨ ᠬᠠᠮᠳᠤ ᠶᠢᠨ ᠴᠢᠷᠮᠠᠶᠢᠯᠭ᠎ᠠ ᠲᠤᠤᠷ᠎ᠠ ᠵᠤᠬᠢᠬᠤ ᠬᠡᠮᠵᠢᠶᠠᠨ ᠤ ᠬᠢᠷᠢ ᠪᠦᠳᠦᠮᠵᠢ ᠶᠢ ᠤᠯᠤᠬᠰᠠᠨ ᠪᠠᠶᠢᠨ᠎ᠠ᠃ ᠬᠡᠪᠠᠴᠤ ᠠᠷᠠᠳ ᠤᠨ ᠲᠦᠯᠦᠭᠡᠯᠡᠭᠴᠢ ᠪᠠ ᠠᠷᠠᠳ ᠤᠯᠠᠨ  ᠤ ᠱᠠᠭᠠᠷᠳᠠᠯᠭ᠎ᠠ ᠲᠠᠢ ᠨᠢᠭᠡ ᠬᠡᠮᠵᠢᠶᠠᠨ ᠤ ᠵᠦᠷᠢᠶ᠎ᠠ ᠪᠠ ᠬᠦᠷᠦᠯᠴᠠᠬᠦ ᠦᠭᠡᠢ ᠲᠠᠯ᠎ᠠ ᠤᠷᠤᠰᠢᠵᠤ ᠪᠠᠶᠢᠨ᠎ᠠ᠃ ᠨᠢᠭᠡ  ᠳᠤ᠂ ᠦᠵᠠᠯ ᠰᠠᠨᠠᠭᠠᠨ ᠤ ᠲᠠᠨᠢᠯᠳᠠ ᠤᠯᠠᠮ ᠨᠢᠭᠡ ᠠᠯᠬᠤᠮ ᠲᠠᠭᠡᠭᠰᠢᠯᠠᠬᠦ ᠬᠡᠷᠡᠭᠳᠡᠢ᠃ ᠵᠠᠷᠢᠮ ᠰᠠᠯᠠᠭ᠎ᠠ ᠮᠦᠴᠢᠷ ᠡᠷᠬᠢᠯᠠᠬᠦ ᠠᠵᠢᠯ ᠢ ᠬᠦᠨᠳᠤᠳᠭᠡᠬᠦ ᠪᠠᠷ ᠬᠦᠷᠦᠯᠴᠠᠬᠦ ᠦᠭᠡᠢ᠂ ᠬᠦᠳᠠᠯᠤᠩᠬᠦᠢ ᠴᠢᠨᠠᠷ ᠪᠠ ᠢᠳᠡᠪᠬᠢ ᠴᠢᠨᠠᠷ ᠲᠤᠳᠠᠮᠠᠭ᠂ ᠬᠠᠰᠢ ᠶᠠᠰᠢ ᠪᠠᠷ ᠦᠩᠭᠡᠷᠡᠭᠡᠬᠦ ᠪᠠ ᠠᠮᠠᠯᠠᠬᠰᠠᠨ ᠶᠠᠪᠤᠳᠠᠯ ᠢᠶᠠᠨ ᠴᠠᠭ ᠲᠤᠬᠠᠢ ᠳᠤᠨᠢ ᠬᠦᠢᠴᠠᠳᠭᠡᠬᠦ ᠦᠭᠡᠢ ᠵᠠᠷᠭᠡ ᠦᠵᠡᠭᠳᠡᠯ ᠤᠷᠤᠰᠢᠵᠤ ᠪᠠᠶᠢᠨ᠎ᠠ᠃ ᠬᠤᠶᠠᠷ ᠲᠤ᠂ ᠠᠵᠢᠯ ᠤᠨ ᠵᠠᠯᠭᠠᠯᠳᠠ ᠤᠯᠠᠮ ᠨᠢᠭᠡ ᠠᠯᠬᠤᠮ ᠲᠠᠬᠦᠯᠳᠠᠷᠵᠢᠬᠦ ᠴᠢᠬᠤᠯᠠᠳᠠᠢ᠃ ᠵᠠᠷᠢᠮ ᠰᠠᠨᠠᠭᠤᠯᠭ᠎ᠠ ᠨᠢ ᠬᠠᠷᠢᠭᠤᠴᠠᠨ ᠬᠦᠢᠴᠠᠳᠭᠡᠬᠦ ᠨᠢᠭᠡᠴᠠ ᠬᠤᠪᠢᠷᠠᠯᠳᠠ ᠡᠬᠦᠰᠦᠭᠰᠡᠨ ᠠᠴᠠ ᠪᠤᠯᠵᠤ ᠪᠤᠳᠠᠳᠠᠢ ᠲᠤᠰᠢᠶᠠᠬᠤ ᠪᠠ ᠬᠦᠯᠢᠶᠠᠨ ᠠᠪᠬᠤ ᠬᠤᠴᠤᠷᠴᠤ᠂ ᠡᠷᠬᠢᠯᠠᠬᠦ ᠠᠬᠢᠯᠳᠠ ᠪᠠ ᠦᠷ᠎ᠡ ᠪᠦᠳᠦᠮᠵᠢ ᠶᠢ ᠵᠤᠬᠢᠬᠤ ᠬᠡᠮᠵᠢᠶ᠎ᠠ ᠪᠠᠷ ᠨᠦᠯᠦᠭᠡᠯᠡᠪᠠ᠃ ᠭᠤᠷᠪᠠ ᠳᠤ᠂ ᠡᠷᠬᠢᠯᠠᠬᠦ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠳᠡᠢ᠃ ᠵᠠᠷᠢᠮ ᠨᠢᠭᠡᠴᠡ ᠶᠢᠨ ᠬᠠᠷᠢᠭᠤᠯᠬᠤ ᠠᠭᠤᠯᠭ᠎ᠠ ᠨᠢ ᠲᠦᠬᠦᠮ᠂ ᠬᠡᠯᠪᠠᠷᠢ ᠲᠦᠷᠢᠮᠵᠢᠬᠦᠨ ᠦᠭᠡᠢ᠂ ᠬᠡᠯᠪᠠᠷᠢ ᠶᠢ ᠴᠢᠬᠤᠯᠠᠴᠢᠯᠠᠵᠤ ᠪᠤᠳᠠᠳᠠᠢ ᠶᠢ ᠬᠦᠩᠭᠡᠪᠴᠢᠯᠠᠬᠦ ᠵᠠᠷᠭᠡ ᠠᠰᠠᠭᠤᠳᠠᠯ ᠤᠷᠤᠰᠢᠵᠤ ᠪᠠᠶᠢᠨ᠎ᠠ᠃      ᠲᠦᠷᠪᠠ᠂ ᠲᠠᠷᠠᠭ᠎ᠠ ᠠᠯᠬᠤᠮ ᠤᠨ ᠠᠵᠢᠯ ᠤᠨ ᠰᠡᠳᠬᠢᠮᠵᠢ      ᠬᠤᠶᠢᠰᠢᠳᠠ ᠶᠢᠨ ᠠᠵᠢᠯ ᠤᠨ ᠲᠤᠮᠳᠠ ᠪᠢᠳᠠ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠠᠬᠦ ᠠᠵᠢᠯ  ᠢ ᠨᠠᠩ ᠢᠯᠠᠬᠦᠦ ᠴᠢᠬᠤᠯᠠᠴᠢᠯᠠᠵᠤ᠂ ᠦᠵᠠᠯ ᠰᠠᠨᠠᠭ᠎ᠠ ᠲᠠᠨᠢᠯᠳᠠ ᠪᠠᠨ ᠤᠯᠠᠮ ᠨᠢᠭᠡ ᠠᠯᠬᠤᠮ ᠲᠠᠭᠡᠭᠰᠢᠯᠠᠬᠦᠯᠵᠤ ᠰᠢᠨ᠎ᠠ ᠰᠡᠳᠬᠢᠮᠵᠢ ᠶᠢ ᠴᠢᠷᠮᠠᠶᠢᠨ ᠰᠦᠪᠡᠭᠴᠢᠯᠠᠵᠤ᠂ ᠰᠠᠨᠠᠭᠤᠯᠭ᠎ᠠ ᠶᠢ ᠡᠷᠬᠢᠯᠠᠬᠦ ᠬᠢᠷᠢ ᠲᠦᠪᠰᠢᠨ ᠪᠠ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠲᠠᠭᠡᠭᠰᠢᠯᠠᠬᠦᠯᠦᠨ᠎ᠠ᠃      ︵ᠨᠢᠭᠡ︶ ᠰᠠᠨᠠᠭᠤᠯᠭ᠎ᠠ ᠶᠢ ᠡᠷᠬᠢᠯᠠᠬᠦ ᠲᠤᠬᠳᠠᠯᠴᠠᠭ᠎ᠠ ᠶᠢ ᠲᠠᠬᠦᠯᠳᠠᠷᠵᠢᠬᠦᠯᠦᠨ᠎ᠠ᠃ ᠰᠠᠨᠠᠭᠤᠯᠭ᠎ᠠ ᠶᠢ ᠡᠷᠬᠢᠯᠠᠬᠦ ᠠᠵᠢᠯ ᠤᠨ ᠠᠷᠭ᠎ᠠ ᠬᠡᠮᠵᠢᠶ᠎ᠠ ᠶᠢ ᠤᠯᠠᠮ ᠨᠢᠭᠡ ᠠᠯᠬᠤᠮ ᠰᠢᠨᠠᠴᠢᠯᠠᠵᠤ᠂ ︽ᠲᠠᠩᠰᠠᠨ ᠬᠡᠯᠪᠠᠷᠢ︾ ᠶᠢᠨ ᠬᠠᠮᠢᠶᠠᠷᠤᠯᠳᠠ ᠶᠢᠨ ᠵᠠᠬᠪᠤᠷ ᠢ ᠬᠡᠷᠡᠭᠵᠢᠬᠦᠯᠵᠤ᠂ ᠲᠤᠰᠬᠠᠢ ᠲᠠᠩᠰᠠ ᠪᠠᠶᠢᠭᠤᠯᠵᠤ᠂ ᠲᠦᠯᠦᠭᠡᠯᠡᠭᠴᠢ ᠶᠢᠨ ᠰᠠᠨᠠᠭᠤᠯᠭ᠎ᠠ ᠶᠢ ᠳ᠋ᠤᠭᠠᠷᠯᠠᠨ ᠪᠦᠷᠢᠳᠭᠡᠵᠤ᠂ ᠭᠠᠷᠳᠠᠨ ᠬᠠᠷᠢᠭᠤᠴᠠᠬᠤ ᠨᠢᠭᠡᠴᠡ᠂ ᠬᠠᠷᠢᠭᠤᠴᠠᠬᠤ ᠤᠳᠤᠷᠢᠳᠤᠯᠭ᠎ᠠ ᠪᠠ ᠪᠤᠳᠠᠳᠠᠢ ᠬᠠᠷᠢᠭᠤᠴᠠᠯᠭᠠᠳᠠᠨ ᠳᠤ ᠲᠠᠰ ᠲᠠᠷᠠᠭᠠᠯᠠᠨ ᠨᠠᠶᠢᠳᠠᠪᠤᠷᠢᠵᠢᠭᠤᠯᠵᠤ᠂ ᠪᠠᠶᠠᠯᠠᠬᠦᠯᠬᠦ ᠴᠠᠭ ᠬᠢᠵᠠᠭᠠᠷᠯᠠᠯ ᠢ ᠲᠤᠳᠤᠷᠬᠠᠶᠢᠯᠠᠵᠤ᠂ ᠨᠢᠭᠡ ᠶᠢ ᠰᠢᠢᠳᠪᠤᠷᠢᠯᠠᠪᠠᠯ ᠨᠢᠭᠡ ᠶᠢ ᠳ᠋ᠤᠭᠠᠷ ᠬᠠᠰᠤᠨ᠂ ᠰᠠᠨᠠᠭᠤᠯᠭ᠎ᠠ ᠡᠷᠬᠢᠯᠠᠬᠦ ᠠᠵᠢᠯ ᠲᠦᠷᠢᠮᠵᠢᠬᠦ᠂ ᠨᠠᠷᠢᠯᠢᠬᠵᠢᠬᠤ ᠪᠠ ᠰᠢᠨᠵᠢᠯᠠᠬᠦ ᠤᠬᠠᠭᠠᠨᠴᠢᠯᠠᠬᠤ ᠶᠢ ᠦᠨᠠᠩᠬᠦ ᠲᠦᠯᠬᠢᠨ ᠠᠬᠢᠭᠤᠯᠤᠨ᠎ᠠ᠃      ︵ᠬᠤᠶᠠᠷ︶ ᠰᠠᠨᠠᠭᠤᠯᠭ᠎ᠠ ᠶᠢ ᠡᠷᠬᠢᠯᠠᠬᠦ ᠪᠤᠳᠠᠳᠤ ᠦᠷ᠎ᠡ ᠳ᠋ᠦᠩ ᠢ ᠲᠤᠪᠤᠶᠢᠯᠭᠠᠨ᠎ᠠ᠃ ᠰᠠᠨᠠᠭᠤᠯᠭ᠎ᠠ ᠶᠢ ᠡᠷᠬᠢᠯᠠᠬᠦ ᠠᠵᠢᠯ ᠢ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠦᠨᠠᠩᠬᠦ ᠨᠠᠶᠢᠳᠠᠪᠤᠷᠢᠵᠢᠭᠤᠯᠬᠤ ᠶᠡᠭᠡ ᠶᠠᠪᠤᠳᠠᠯ ᠪᠤᠯᠭᠠᠨ ᠠᠳᠬᠤᠵᠤ᠂ ᠡᠯ᠎ᠡ ᠭᠠᠷᠳᠠᠨ ᠬᠠᠷᠢᠭᠤᠴᠠᠬᠤ ᠨᠢᠭᠡᠴᠡ ᠶᠢ ᠱᠠᠭᠠᠷᠳᠠᠵᠤ ᠲᠦᠯᠦᠭᠡᠯᠡᠭᠴᠢ ᠶᠢᠨ ᠰᠠᠨᠠᠭᠤᠯᠭ᠎ᠠ  ᠶᠢ ᠡᠷᠬᠢᠯᠠᠬᠦ ᠠᠵᠢᠯ ᠤᠨ ᠴᠢᠬᠤᠯᠠ ᠴᠢᠨᠠᠷ ᠤᠨ ᠲᠠᠨᠢᠯᠳᠠ ᠶᠢ ᠲᠠᠰᠤᠷᠠᠯᠳᠠ ᠦᠭᠡᠢ ᠬᠦᠨᠵᠡᠭᠡᠶᠢᠷᠠᠬᠦᠯᠵᠤ᠂ ᠢᠳᠡᠪᠬᠢᠳᠠᠢ ᠴᠤᠬᠯᠠᠭᠤᠯᠵᠤ᠂ ᠰᠠᠨᠠᠭᠠᠴᠢᠯᠠᠭ᠎ᠠ ᠠᠴᠠ ᠪᠠᠨ ᠰᠢᠢᠳᠪᠤᠷᠢᠯᠠᠨ᠎ᠠ᠃ ᠰᠠᠨᠠᠭᠤᠯᠭ᠎ᠠ ᠶᠢ ᠤᠯᠤᠬᠰᠠᠨ ᠤ ᠲᠠᠷᠠᠭ᠎ᠠ ᠡᠯ᠎ᠡ ᠭᠠᠷᠳᠠᠨ ᠬᠠᠷᠢᠭᠤᠴᠠᠬᠤ ᠨᠢᠭᠡᠴᠡ ᠲᠤᠰᠬᠠᠢ ᠬᠤᠷᠠᠯ ᠢ ᠵᠤᠬᠢᠶᠠᠨ ᠪᠠᠶᠢᠭᠤᠯᠵᠤ ᠪᠤᠳᠠᠳᠠᠢ ᠨᠠᠶᠢᠳᠠᠪᠤᠷᠢᠵᠢᠭᠤᠯᠬᠤ ᠠᠷᠭ᠎ᠠ ᠶᠢ ᠰᠤᠳᠤᠯᠵᠤ᠂ ᠲᠦᠯᠦᠭᠡᠯᠡᠭᠴᠢ ᠶᠢᠨ ᠰᠠᠨᠠᠭᠤᠯᠭ᠎ᠠ ᠶᠢ ᠬᠦᠢᠴᠠᠳᠭᠡᠬᠦ ᠠᠵᠢᠯ ᠢ ᠦᠨᠠᠩᠬᠦ ᠲᠤᠰ ᠨᠢᠭᠡᠴᠡ ᠶᠢᠨ ᠢᠶᠠᠨ ᠬᠡᠯᠡᠯᠴᠠᠬᠦ ᠠᠰᠠᠭᠤᠳᠠᠯ ᠳᠤ ᠤᠷᠤᠭᠤᠯᠤᠨ᠎ᠠ᠃ ᠬᠦᠢᠴᠠᠳᠭᠡᠬᠦ ᠠᠵᠢᠯ ᠲᠠᠢ ᠨᠢᠭᠡᠳᠦᠯᠳᠠᠢ ᠲᠤᠬᠢᠷᠠᠭᠤᠯᠵᠤ᠂ ᠠᠳᠠᠯᠢ ᠨᠦᠬᠦᠴᠠᠯ ᠲᠤᠤᠷ᠎ᠠ ᠤᠷᠢᠳᠠᠪᠠᠷ ᠪᠠᠯᠠ ᠮᠦᠩᠬᠦ ᠲᠤᠬᠢᠷᠠᠭᠤᠯᠤᠨ ᠲᠦᠯᠦᠭᠡᠯᠡᠭᠴᠢ ᠶᠢᠨ ᠲᠤᠷᠠᠳᠤᠬᠰᠠᠨ ᠰᠠᠨᠠᠭᠤᠯᠭ᠎ᠠ ᠶᠢ ᠤᠷᠢᠳᠠᠪᠠᠷ ᠰᠢᠢᠳᠪᠤᠷᠢᠯᠠᠵᠤ᠂ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠨᠤᠷᠮ᠎ᠠ ᠪᠠ ᠲᠦᠯᠦᠭᠡᠯᠡᠭᠴᠢ ᠶᠢᠨ ᠬᠠᠨᠤᠮᠵᠢ ᠶᠢᠨ ᠬᠡᠮᠵᠢᠶ᠎ᠠ ᠶᠢ ᠤᠯᠠᠮ ᠨᠢᠭᠡ ᠠᠯᠬᠤᠮ ᠲᠠᠭᠡᠭᠰᠢᠯᠠᠬᠦᠯᠦᠨ᠎ᠠ᠃      ︵ᠭᠤᠷᠪᠠ︶ ᠰᠠᠨᠠᠭᠤᠯᠭ᠎ᠠ ᠶᠢ ᠬᠦᠢᠴᠠᠳᠭᠡᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠎ᠠ᠃ ᠬᠤᠰᠢᠭᠤᠨ ᠤ ᠵᠠᠰᠠᠭ ᠤᠨ ᠤᠷᠳᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠬᠦᠢᠴᠡᠳᠭᠡᠬᠦ ᠠᠵᠢᠯ ᠢ ᠬᠢᠨᠠᠨ ᠪᠠᠶᠢᠴᠠᠭᠠᠬᠤ ᠠᠵᠢᠯ ᠤᠨ ᠭᠤᠤᠯᠳᠠᠯᠭ᠎ᠠ ᠳᠤ ᠤᠷᠤᠭᠤᠯᠵᠤ᠂ ︽ᠰᠠᠷ᠎ᠠ ᠳᠤ ᠮᠠᠳᠠᠬᠦᠯᠬᠦ᠂ ᠤᠯᠠᠷᠢᠯ ᠳᠤ ᠲᠤᠬᠢᠷᠠᠭᠤᠯᠬᠤ︾ ᠠᠵᠢᠯ ᠤᠨ ᠲᠤᠬᠳᠠᠯᠴᠠᠭ᠎ᠠ ᠶᠢ ᠪᠦᠷᠢᠯᠳᠤᠬᠦᠯᠦᠨ᠎ᠠ᠃ ᠡᠯ᠎ᠡ ᠭᠠᠷᠳᠠᠨ ᠬᠠᠷᠢᠭᠤᠴᠠᠬᠤ ᠨᠢᠭᠡᠴᠡ  ᠠᠴᠠ ᠲᠤᠰᠬᠠᠢ ᠬᠠᠷᠢᠭᠤᠴᠠᠯᠭᠠᠳᠠᠨ ᠢ ᠱᠠᠭᠠᠷᠳᠠᠵᠤ ᠰᠠᠷ᠎ᠠ ᠪᠦᠷᠢ ᠰᠠᠨᠠᠭᠤᠯᠭ᠎ᠠ ᠶᠢ ᠬᠦᠢᠴᠡᠳᠭᠡᠭᠰᠡᠨ ᠠᠵᠢᠯ ᠤᠨ ᠠᠬᠢᠴᠠ ᠶᠢᠨ ᠪᠠᠶᠢᠳᠠᠯ ᠢ ᠲᠠᠭᠡᠭᠰᠢ ᠮᠠᠳᠠᠬᠦᠯᠵᠤ᠂ ᠤᠯᠠᠷᠢᠯ ᠪᠦᠷᠢ ᠠᠵᠢᠯ ᠤᠨ ᠳ᠋ᠦᠩᠨᠠᠯᠳᠠ ᠪᠠ ᠲᠠᠷᠠᠭ᠎ᠠ ᠤᠯᠠᠷᠢᠯ  ᠤᠨ ᠠᠵᠢᠯ ᠤᠨ ᠲᠤᠬᠢᠷᠠᠭᠤᠯᠤᠯᠳᠠ ᠪᠠᠨ ᠲᠠᠶᠢᠯᠤᠨ ᠮᠠᠳᠠᠬᠦᠯᠵᠤ᠂ ᠴᠠᠭ ᠲᠤᠬᠠᠢ ᠳᠤᠨᠢ ᠠᠰᠠᠭᠤᠳᠠᠯ ᠢ ᠰᠠᠷᠠᠵᠤ ᠮᠠᠳᠠᠬᠦ ᠪᠠ ᠰᠢᠢᠳᠪᠤᠷᠢᠯᠠᠨ᠎ᠠ᠃ ᠬᠤᠰᠢᠭᠤᠨ ᠤ ᠵᠠᠰᠠᠭ ᠤᠨ ᠤᠷᠳᠤᠨ ᠤ ᠬᠢᠨᠠᠨ ᠪᠠᠶᠢᠴᠠᠭᠠᠬᠤ ᠠᠯᠪᠠᠨ ᠬᠡᠷ ᠠᠴᠠ ᠲᠦᠯᠦᠭᠡᠯᠡᠭᠴᠢ ᠶᠢᠨ ᠰᠠᠨᠠᠭᠤᠯᠭ᠎ᠠ ᠶᠢ ᠡᠷᠬᠢᠯᠡᠭᠰᠡᠨ ᠪᠠᠶᠢᠳᠠᠯ ᠳᠤ ᠬᠤᠭᠤᠴᠠᠭ᠎ᠠ ᠦᠭᠡᠢ ᠲᠤᠰᠬᠠᠢ ᠬᠢᠨᠠᠨ ᠪᠠᠶᠢᠴᠠᠭᠠᠯᠳᠠ ᠶᠢ ᠦᠷᠨᠢᠬᠦᠯᠵᠤ᠂ ᠬᠦᠳᠠᠯᠤᠩᠬᠦᠢ ᠴᠢᠨᠠᠷ ᠪᠠ ᠢᠳᠡᠪᠬᠢ ᠴᠢᠨᠠᠷ ᠲᠤᠳᠠᠮᠠᠭ ᠰᠠᠯᠠᠭ᠎ᠠ ᠮᠦᠴᠢᠷ ᠲᠤ ᠲᠤᠩᠭᠤᠳᠤᠯᠭ᠎ᠠ ᠬᠢᠬᠦ ᠮᠦᠷᠳᠡᠭᠡᠨ ᠴᠠᠭ ᠲᠠᠭᠠᠨ ᠬᠦᠢᠴᠠᠳᠭᠡᠵᠤ ᠰᠢᠢᠳᠪᠤᠷᠢᠯᠠᠬᠦ ᠶᠢ ᠱᠠᠭᠠᠷᠳᠠᠨ᠎ᠠ᠃ ᠴᠢᠬᠤᠯᠠ ᠲᠠᠢ ᠦᠶ᠎ᠠ ᠳᠤ ᠪᠦᠬᠦ ᠬᠤᠰᠢᠭᠤᠨ ᠳᠤ ᠨᠠᠶᠢᠳᠠᠯᠠᠵᠤ᠂ ᠰᠠᠨᠠᠭᠤᠯᠭ᠎ᠠ ᠶᠢ ᠬᠦᠢᠴᠡᠳᠭᠡᠬᠦ ᠠᠵᠢᠯ ᠪᠤᠳᠠᠳᠠᠢ ᠨᠠᠶᠢᠳᠠᠪᠤᠷᠢᠵᠢᠬᠤ  ᠶᠢ ᠪᠠᠳᠤᠯᠠᠨ᠎ᠠ᠃      ᠲᠦᠯᠦᠭᠡᠯᠡᠭᠴᠢ ᠶᠢᠨ ᠲᠤᠷᠠᠳᠤᠬᠰᠠᠨ ᠰᠠᠨᠠᠭᠤᠯᠭ᠎ᠠ᠂ ᠰᠢᠬᠦᠮᠵᠢ ᠪᠠ ᠰᠠᠨᠠᠯ ᠨᠢ ᠠᠷᠠᠳ ᠤᠯᠠᠨ ᠤ ᠰᠡᠳᠬᠢᠯ  ᠤᠨ ᠲᠠᠭᠤᠨ ᠢ ᠲᠤᠰᠬᠠᠵᠤ ᠪᠠᠶᠢᠨ᠎ᠠ᠃ ᠠᠷᠠᠳ ᠤᠯᠠᠨ ᠤ ᠲᠤᠯᠭᠠᠮ᠎ᠠ ᠱᠠᠭᠠᠷᠳᠠᠵᠤ ᠪᠠᠶᠢᠭ᠎ᠠ ᠰᠢᠢᠳᠪᠤᠷᠢᠯᠠᠬᠦ ᠴᠢᠬᠤᠯᠠᠳᠠᠢ ᠠᠰᠠᠭᠤᠳᠠᠯ ᠮᠥᠨ᠃ ᠰᠢᠨ᠎ᠠ ᠴᠠᠭ ᠤᠨ ᠪᠠᠶᠢᠳᠠᠯ ᠳᠤᠤᠷ᠎ᠠ ᠵᠠᠰᠠᠭ ᠤᠨ ᠤᠷᠳᠤᠨ ᠤ ᠠᠵᠢᠯ ᠢ ᠰᠠᠶᠢᠨ ᠬᠢᠬᠦ ᠨᠢ ᠠᠷᠠᠳ ᠤᠨ ᠲᠦᠯᠦᠭᠡᠯᠡᠭᠴᠢᠳ ᠤᠨ ᠬᠠᠯᠠᠮᠵᠢᠯᠠᠯ ᠪᠠ ᠲᠠᠮᠵᠢᠯᠭᠡ ᠲᠠᠢ ᠰᠠᠯᠤᠰᠢ ᠦᠭᠡᠢ᠃ ᠲᠦᠯᠦᠭᠡᠯᠡᠭᠴᠢᠳ ᠵᠠᠰᠠᠭ ᠤᠨ ᠤᠷᠳᠤᠨ ᠤ ᠠᠵᠢᠯ   ᠳᠤ ᠢᠯᠡᠭᠦᠬᠡᠨ ᠡᠷᠬᠢᠮ ᠨᠠᠨᠳᠢᠨ ᠰᠠᠨᠠᠯ ᠳᠤᠷᠠᠳᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠪᠢᠳᠡ ᠨᠡᠩ ᠡᠷᠡᠰ ᠪᠠᠲᠦ ᠢᠲᠡᠭᠡᠯ ᠵᠤᠷᠢᠭ ᠢᠶᠠᠷ᠂ ᠤᠯᠠᠮ ᠢᠯᠡᠭᠦᠦ ᠪᠤᠲᠠᠲᠠᠢ ᠠᠵᠢᠯ ᠢ ᠡᠷᠬᠢᠮᠯᠡᠬᠦ ᠰᠤᠷᠲᠠᠯ ᠢᠶᠠᠷ᠂ ᠨᠡᠩ ᠢᠯᠡᠭᠦᠦ ᠬᠦᠴᠦᠲᠡᠢ ᠠᠷᠭ᠎ᠠ ᠬᠡᠮᠵᠢᠶ᠎ᠠ ᠪᠠᠷ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ ᠨᠢᠭᠡᠪᠤᠷᠢ ᠶᠢ ᠦᠨᠠᠩᠬᠦ ᠰᠢᠢᠳᠪᠤᠷᠢᠯᠠᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号