ᠬᠦᠳᠡᠯᠭᠡᠭᠡᠨ ᠬᠢᠬᠦ ᠦᠭᠡᠢ ᠤᠳᠠᠭᠠᠨ ᠰᠠᠭᠤᠪᠠᠯ ᠡᠷᠲᠡ ᠦᠲᠡᠯᠦᠨ᠎ᠡ
ᠨᠡᠶᠢᠲᠡᠯᠡᠭᠰᠡᠨ ᠴᠠᠭ᠄
2017/2/20
    ᠠᠮᠧᠷᠢᠺᠠ ᠶᠢᠨ ᠰᠢᠨᠵᠢᠯᠡᠬᠦ ᠤᠬᠠᠭᠠᠨᠲᠠᠳ ᠤᠨ ᠢᠯᠡᠷᠡᠭᠦᠯᠦᠭᠰᠡᠨ ᠢᠶᠠᠷ ᠨᠠᠰᠤᠲᠠᠶᠢᠴᠤᠤᠯ ᠤᠳᠠᠭᠠᠨ ᠰᠠᠭᠤᠬᠤ  ᠨᠢ ᠲᠡᠳᠡᠨ ᠤ ᠦᠲᠡᠯᠬᠦ ᠬᠤᠷᠲᠤᠴᠠ ᠶᠢ ᠲᠦᠷᠭᠡᠳᠭᠡᠨ᠎ᠡ᠃ ᠨᠢᠭᠡ ᠡᠳᠦᠷ ᠲᠤ 10 ᠴᠠᠭ ᠠᠴᠠ ᠳᠡᠭᠡᠭᠰᠢ ᠨᠠᠮ ᠰᠠᠭᠤᠬᠤ ᠪᠦᠭᠡᠳ 40 ᠮᠢᠨᠦ᠋ᠲ ᠠᠴᠠ ᠳᠣᠷᠤᠭᠰᠢ ᠬᠦᠳᠡᠯᠭᠡᠭᠡᠨ  ᠬᠢᠭᠰᠡᠳ ᠦᠪᠡᠷ ᠤᠨ ᠪᠣᠲᠠᠲᠠᠢ ᠨᠠᠰᠤᠨ ᠠᠴᠠ ᠪᠠᠨ ᠠᠳᠠᠭ ᠲᠠᠭᠠᠨ 8 ᠨᠠᠰᠤ ᠡᠷᠲᠡ ᠦᠲᠡᠯᠦᠨ᠎ᠡ᠃     ᠺᠠᠯᠢᠹᠦᠷᠨᠢᠶ᠎ᠠ ᠶᠡᠭᠡ ᠰᠤᠷᠭᠠᠭᠤᠯᠢ ᠶᠢᠨ ᠰᠣᠳᠤᠯᠭᠠᠲᠠᠳ 1500 ᠨᠡᠷ᠎ᠡ 64-95 ᠨᠠᠰᠤᠨ ᠤ ᠨᠠᠰᠤᠲᠠᠶᠢᠴᠤᠳ  ᠲᠤ ᠬᠢᠨᠠᠨ ᠬᠡᠮᠵᠢᠯᠲᠡ ᠶᠢᠨ ᠲᠦᠭᠦᠭᠡᠷᠤᠮᠵᠢ ᠵᠡᠭᠦᠯᠭᠡᠨ᠂ ᠲᠡᠳᠡᠨ ᠤ ᠨᠢᠭᠡ ᠭᠠᠷᠠᠭ ᠤᠨ ᠬᠤᠭᠤᠴᠠᠭᠠᠨ ᠳᠠᠬᠢ ᠬᠦᠳᠡᠯᠭᠡᠭᠡᠨ ᠤ ᠪᠠᠶᠢᠳᠠᠯ ᠢ ᠲᠡᠮᠲᠡᠭᠯᠡᠵᠦ᠂ ᠳᠠᠬᠢᠨ ᠴᠢᠰᠤᠨ ᠤ ᠪᠠᠶᠢᠴᠠᠭᠠᠯᠲᠠ ᠪᠠᠷ ᠳᠠᠮᠵᠢᠨ ᠲᠡᠳᠡᠨ ᠤ ᠪᠡᠶ᠎ᠡ ᠶᠢᠨ ᠡᠰ ᠤᠨ ᠡᠷᠡᠭᠦᠯ ᠴᠢᠬᠢᠷᠠᠭ ᠤᠨ ᠪᠠᠶᠢᠳᠠᠯ ᠢ ᠵᠠᠳᠠᠯᠪᠠ᠃ ᠪᠠᠶᠢᠴᠠᠭᠠᠯᠲᠠ ᠶᠢᠨ ᠳ᠋ᠦᠩ ᠳᠤ᠂ ᠬᠦᠳᠡᠯᠭᠡᠭᠡᠨ ᠪᠠᠭᠠᠲᠠᠢ ᠨᠠᠰᠤᠲᠠᠶᠢᠴᠤᠳ ᠤᠨ ᠡᠰ ᠮᠠᠰᠢ ᠡᠷᠡᠭᠦᠯ ᠪᠣᠰᠤ ᠮᠦᠷᠲᠡᠭᠡᠨ ᠪᠣᠳᠤᠭᠲᠤ ᠴᠣᠭᠴᠠ ᠶᠢᠨ ᠤᠷᠲᠤ ᠶᠢᠨ ᠬᠡᠮᠵᠢᠶ᠎ᠡ ᠨᠡᠩ ᠣᠬᠤᠷ ᠭᠡᠳᠡᠭ ᠢ ᠢᠯᠡᠷᠡᠭᠦᠯᠵᠡᠢ᠃ ᠪᠣᠳᠤᠭᠲᠤ ᠴᠣᠭᠴᠠ ᠶᠢᠨ ᠦᠵᠦᠭᠦᠷᠯᠢᠭ ᠪᠣᠯ ᠪᠣᠳᠤᠭᠲᠤ ᠴᠣᠭᠴᠠ ᠶᠢᠨ ᠦᠲᠡᠯᠬᠦ ᠶᠢ ᠰᠡᠷᠭᠡᠶᠢᠯᠡᠬᠦ ᠴᠢᠳᠠᠮᠵᠢ ᠲᠠᠢ ᠶᠤᠮ᠃ ᠲᠡᠭᠡᠬᠦ ᠪᠠᠷ᠂ ᠲᠡᠭᠦᠨ ᠢᠶᠠᠷ ᠳᠠᠮᠵᠢᠨ ᠬᠦᠮᠦᠨ ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠤᠨ ᠪᠠᠶᠢᠳᠠᠯ ᠢ ᠬᠠᠷᠠᠭᠤᠯᠵᠤ ᠪᠣᠯᠬᠤ ᠮᠦᠷᠲᠡᠭᠡᠨ ᠬᠦᠮᠦᠨ ᠤ ᠠᠮᠢᠳᠤ ᠪᠣᠳᠠᠰ ᠤᠨ ᠨᠠᠰᠤ ᠶᠢ ᠲᠦᠰᠦᠭᠯᠡᠨ ᠪᠣᠳᠤᠵᠤ ᠪᠣᠯᠳᠠᠭ᠃ ᠶᠡᠷᠤᠩᠭᠡᠢ ᠳᠡᠭᠡᠨ᠂ ᠬᠦᠮᠦᠨ ᠤ ᠪᠣᠲᠠᠲᠠᠢ ᠨᠠᠰᠤ ᠨᠡᠮᠡᠭᠳᠡᠬᠦ ᠲᠣᠰᠤᠮ ᠪᠣᠳᠤᠭᠲᠤ ᠪᠡᠶ᠎ᠡ ᠶᠢᠨ ᠦᠵᠦᠭᠦᠷᠯᠢᠭ ᠤᠯᠠᠮ ᠣᠬᠤᠷ ᠪᠣᠯᠳᠠᠭ᠃      ᠭᠡᠪᠡᠴᠤ ᠤᠳᠠᠭᠠᠨ ᠰᠠᠭᠤᠭᠰᠠᠨ ᠠᠴᠠ ᠪᠣᠯᠤᠭᠰᠠᠨ ᠭᠡᠮ ᠠᠷᠬᠠᠭ ᠢ ᠬᠦᠳᠡᠯᠭᠡᠭᠡᠨ ᠬᠢᠬᠦ ᠪᠠᠷ ᠳᠠᠮᠵᠢᠨ ᠨᠦᠬᠦᠪᠦᠷᠢᠯᠡᠵᠦ ᠪᠣᠯᠤᠨ᠎ᠠ ᠭᠡᠵᠤ ᠰᠣᠳᠤᠯᠭᠠᠲᠠᠳ ᠦᠵᠡᠵᠤ ᠪᠠᠶᠢᠨ᠎ᠠ᠃ ᠲᠣᠬᠠᠶᠢᠯᠠᠪᠠᠯ ᠦᠷᠬᠦᠯᠵᠢ ᠬᠦᠳᠡᠯᠭᠡᠭᠡᠨ ᠬᠢᠬᠦ ᠦᠭᠡᠢ ᠰᠠᠭᠤᠭᠠᠳ ᠯᠠ ᠪᠠᠶᠢᠳᠠᠭ ᠨᠠᠰᠤᠲᠠᠶᠢᠴᠤᠤᠯ ᠡᠳᠦᠷ ᠪᠦᠷᠢ ᠬᠠᠭᠠᠰ ᠴᠠᠭ ᠠᠴᠠ ᠳᠡᠭᠡᠭᠰᠢ ᠬᠦᠳᠡᠯᠭᠡᠭᠡᠨ ᠬᠢᠬᠦ  ᠳᠤ ᠬᠦᠷᠪᠡᠯ ᠨᠠᠰᠤ ᠠᠴᠠ ᠪᠠᠨ ᠬᠡᠳᠤ ᠦᠲᠡᠯᠬᠦ ᠠᠴᠠ ᠵᠠᠶᠢᠯᠠᠰᠬᠢᠵᠤ ᠳᠡᠶᠢᠯᠬᠦ ᠶᠤᠮ ᠪᠠᠶᠢᠨ᠎ᠠ᠃      ᠡᠨᠡᠬᠦ ᠰᠣᠳᠤᠯᠭᠠᠨ ᠨᠢ ᠵᠦᠪᠬᠡᠨ ᠡᠮᠡᠭᠲᠡᠶᠢᠴᠦᠳ ᠢᠶᠠᠷ ᠰᠣᠳᠤᠯᠤᠭᠳᠠᠬᠤᠨ ᠪᠣᠯᠭᠠᠭᠰᠠᠨ ᠶᠤᠮ᠃ ᠤᠳᠠᠭᠠᠨ ᠰᠠᠭᠤᠬᠤ ᠨᠢ ᠪᠠᠰᠠ ᠦᠮᠡᠨ ᠡᠪᠡᠳᠴᠢᠨ᠂ ᠰᠢᠬᠢᠷ ᠰᠢᠵᠢᠩ ᠡᠪᠡᠳᠴᠢᠨ ᠪᠣᠯᠤᠨ ᠵᠢᠷᠤᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠨᠣᠷᠮ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠬᠦ  ᠪᠣᠯᠤᠨ᠎ᠠ ᠭᠡᠵᠤ ᠰᠣᠳᠤᠯᠭᠠᠲᠠᠳ ᠰᠠᠨᠠᠭᠤᠯᠵᠤ ᠪᠠᠶᠢᠨ᠎ᠠ᠃                                   ᠰᠢᠨᠬᠤᠸᠠ ᠬᠤᠷᠢᠶᠠᠨ ᠤ ᠪᠢᠴᠢᠯ ᠮᠡᠳᠡᠭᠡ                                          ᠸᠠᠩ ᠰᠢᠨ ᠹᠠᠩ
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号