ᠵᠣᠭᠤᠰ ᠰᠢᠯᠵᠢᠭᠦᠯᠦᠨ ᠦᠭᠭᠦᠭᠰᠡᠨ ᠪᠠᠷᠢᠮᠲᠠ ᠵᠢᠭᠡᠯᠡᠯᠭᠡ ᠶᠢᠨ ᠬᠠᠷᠢᠴᠠᠭ᠎ᠠ ᠶᠢ ᠭᠡᠷᠡᠴᠢᠯᠡᠵᠦ ᠳᠡᠶᠢᠯᠬᠦ ᠦᠭᠡᠢ
ᠨᠡᠶᠢᠲᠡᠯᠡᠭᠰᠡᠨ ᠴᠠᠭ᠄
2017/2/22
ᠬᠡᠷᠡᠭ ᠤᠨ ᠵᠢᠱᠢᠶ᠎ᠡ᠄      2012 ᠣᠨ ᠤ 2 ᠰᠠᠷ᠎ᠠ ᠶᠢᠨ 4᠎ ᠤ ᠡᠳᠦᠷ᠂ 2 ᠰᠠᠷ᠎ᠠ ᠶᠢᠨ 6᠎ ᠤ ᠡᠳᠦᠷ᠂ 2 ᠰᠠᠷ᠎ᠠ ᠶᠢᠨ 7᠎ ᠤ ᠡᠳᠦᠷ ᠯᠢ ᠣᠪᠤᠭᠳᠤ ᠭᠤᠷᠪᠠ ᠤᠳᠠᠭ᠎ᠠ ᠸᠠᠩ ᠣᠪᠤᠭᠳᠤ ᠶᠢᠨ ᠳᠠᠩᠰᠠᠨ ᠳᠤ 15 ᠲᠦᠮᠡᠨ ᠲᠦᠭᠦᠷᠢᠭ ᠵᠣᠭᠤᠰ ᠰᠢᠯᠵᠢᠭᠦᠯᠦᠨ ᠦᠭᠭᠦᠭᠰᠡᠨ ᠤ ᠳᠠᠷᠠᠭ᠎ᠠ ᠮᠦᠨ ᠵᠢᠯ ᠤᠨ 2 ᠰᠠᠷ᠎ᠠ ᠶᠢᠨ 9᠎ ᠤ ᠡᠳᠦᠷ ᠸᠠᠩ ᠣᠪᠤᠭᠳᠤ ᠶᠢᠨ ᠳᠠᠩᠰᠠᠨ ᠎ ᠳᠤ ᠳᠠᠬᠢᠨᠲᠠ ᠬᠤᠶᠠᠷ ᠤᠳᠠᠭ᠎ᠠ ᠳᠤ 10 ᠲᠦᠮᠡᠨ ᠲᠦᠭᠦᠷᠢᠭ ᠵᠣᠭᠤᠰ ᠰᠢᠯᠵᠢᠭᠦᠯᠦᠨ ᠦᠭᠴᠡᠢ᠃ ᠰᠡᠭᠦᠯᠡᠷ ᠨᠢ ᠯᠢ ᠣᠪᠤᠭᠳᠤ 5 ᠤᠳᠠᠭ᠎ᠠ ᠶᠢᠨ ᠵᠣᠭᠤᠰ ᠰᠢᠯᠵᠢᠭᠦᠯᠦᠨ ᠦᠭᠭᠦᠭᠰᠡᠨ ᠪᠠᠷᠢᠮᠳᠠ ᠪᠠᠨ ᠠᠪᠴᠤ ᠸᠠᠩ ᠣᠪᠤᠭᠳᠤ ᠶᠢ ᠰᠢᠭᠦᠬᠦ ᠬᠤᠷᠢᠶ᠎ᠠ ᠳᠤ ᠵᠠᠭᠠᠯᠳᠤᠵᠤ᠂ ᠵᠢᠭᠡᠯᠡᠭᠰᠡᠨ ᠵᠣᠭᠤᠰ ᠢᠶᠠᠨ ᠪᠣᠴᠠᠭᠠᠬᠤ ᠶᠢ ᠱᠠᠭᠠᠷᠳᠠᠪᠠ᠃ ᠸᠠᠩ ᠣᠪᠤᠭᠳᠤ ᠬᠡᠳᠤᠶᠢᠪᠡᠷ ᠰᠢᠯᠵᠢᠭᠦᠯᠦᠨ ᠦᠭᠭᠦᠭᠰᠡᠨ ᠵᠣᠭᠤᠰ ᠢ ᠨᠢ ᠬᠤᠷᠢᠶᠠᠨ ᠣᠯᠤᠭᠰᠠᠨ ᠪᠣᠯᠪᠠᠴᠤ ᠵᠢᠭᠡᠯᠡᠭᠰᠡᠨ ᠵᠣᠭᠤᠰ ᠪᠣᠯᠬᠤ ᠶᠢ ᠮᠡᠳᠡᠷᠡᠭᠰᠡᠨ ᠦᠭᠡᠢ ᠪᠦᠭᠡᠳ ᠬᠤᠶᠠᠷ ᠲᠠᠯ᠎ᠠ ᠪᠠᠷ ᠢᠶᠠᠨ ᠲᠣᠭᠲᠠᠭᠰᠠᠨ ᠮᠠᠶᠢᠮᠠᠢ ᠶᠢᠨ ᠭᠡᠷ᠎ᠡ ᠪᠠᠨ ᠭᠦᠢᠴᠡᠳᠭᠡᠵᠤ᠂ ᠡᠨᠡᠬᠦ ᠰᠢᠯᠵᠢᠭᠦᠯᠦᠨ ᠦᠭᠭᠦᠭᠰᠡᠨ ᠵᠣᠭᠤᠰ ᠨᠢ ᠪᠠᠷᠠᠭ᠎ᠠ ᠬᠤᠳᠠᠯᠳᠤᠨ ᠠᠪᠤᠭᠰᠠᠨ ᠮᠦᠩᠬᠦ ᠪᠣᠯᠤᠨ᠎ᠠ ᠭᠡᠵᠦ ᠭᠡᠷᠡᠴᠢᠯᠡᠪᠡ᠃      ᠰᠢᠭᠦᠬᠦ ᠬᠤᠷᠢᠶ᠎ᠠ ᠰᠢᠭᠦᠨ ᠪᠠᠶᠢᠴᠠᠭᠠᠭᠰᠠᠨ ᠤ ᠳᠠᠷᠠᠭ᠎ᠠ ᠯᠢ ᠣᠪᠤᠭᠳᠤ ᠶᠢᠨ ᠬᠠᠩᠭᠠᠭᠰᠠᠨ ᠵᠣᠭᠤᠰ ᠰᠢᠯᠵᠢᠭᠦᠯᠦᠨ ᠦᠭᠭᠦᠭᠰᠡᠨ ᠪᠠᠷᠢᠮᠳᠠ ᠵᠦᠪᠬᠡᠨ ᠬᠤᠶᠠᠷ ᠲᠠᠯ᠎ᠠ ᠶᠢᠨ ᠬᠤᠭᠤᠷᠤᠨᠳᠤ ᠵᠢᠭᠡᠯᠡᠯᠭᠡ ᠵᠢᠭᠡᠯᠡᠬᠦ ᠪᠠᠷ ᠰᠠᠨᠠᠯ ᠨᠢᠭᠡᠳᠤᠭ᠍ᠰᠡᠨ ᠢ ᠭᠡᠷᠡᠴᠢᠯᠡᠬᠦ ᠲᠡᠳᠤᠢ ᠭᠡᠵᠦ ᠦᠵᠡᠭᠡᠳ ᠵᠠᠭᠠᠯᠳᠤᠭᠴᠢ ᠶᠢᠨ ᠵᠠᠭᠠᠯᠳᠤᠯᠭ᠎ᠠ ᠶᠢᠨ ᠭᠤᠶᠤᠴᠢᠯᠠᠯ ᠢ ᠪᠣᠴᠠᠭᠠᠵᠠᠢ᠃      ᠰᠢᠭᠦᠭᠴᠢ ᠶᠢᠨ ᠰᠠᠨᠠᠭᠤᠯᠭ᠎ᠠ᠄      ᠰᠢᠭᠦᠭᠴᠢ ᠶᠢᠨ ᠵᠢᠭᠡᠯᠡᠯᠭᠡ ᠶᠢᠨ ᠬᠡᠷᠡᠭ ᠢ ᠪᠠᠶᠢᠴᠠᠭᠠᠬᠤ ᠴᠢᠬᠤᠯᠠ ᠬᠤᠶᠠᠷ ᠪᠦᠷᠢᠯᠳᠦᠭᠦᠨ ᠨᠦᠬᠦᠴᠡᠯ ᠪᠣᠯ᠄ ᠵᠢᠭᠡᠯᠡᠯᠭᠡ ᠵᠢᠭᠡᠯᠡᠬᠦ ᠪᠠᠷ ᠰᠠᠨᠠᠯ ᠨᠢᠭᠡᠳᠬᠦ ᠪᠠ ᠵᠢᠭᠡᠯᠡᠯᠭᠡ ᠶᠢᠨ ᠪᠣᠳᠠᠳᠤ ᠤᠴᠢᠷ᠃ ᠡᠭᠦᠨ ᠳᠤ᠂ ᠵᠢᠭᠡᠯᠡᠯᠭᠡ ᠵᠢᠭᠡᠯᠡᠬᠦ ᠪᠠᠷ ᠰᠠᠨᠠᠯ ᠨᠢᠭᠡᠳᠬᠦ ᠶᠢᠨ ᠭᠤᠣᠯ ᠢᠯᠡᠷᠡᠯ ᠨᠢ ᠵᠢᠭᠡᠯᠡᠯᠭᠡ ᠶᠢᠨ ᠪᠠᠷᠢᠮᠳᠠ᠂ ᠦᠷᠢᠲᠤᠭ᠍ᠰᠡᠨ ᠪᠠᠷᠢᠮᠳᠠ ᠪᠣᠯᠤᠨ᠎ᠠ᠃ ᠵᠢᠭᠡᠯᠡᠯᠭᠡ ᠶᠢᠨ ᠪᠣᠳᠠᠳᠤ ᠤᠴᠢᠷ ᠤᠨ ᠢᠯᠡᠷᠡᠯ ᠳᠤ ᠰᠢᠯᠵᠢᠭᠦᠯᠦᠨ ᠦᠭᠭᠦᠭᠰᠡᠨ ᠪᠠᠷᠢᠮᠳᠠ᠂ ᠬᠤᠷᠢᠶᠠᠨ ᠠᠪᠤᠭᠰᠠᠨ ᠪᠠᠷᠢᠮᠳᠠ ᠵᠡᠷᠭᠡ ᠪᠠᠭᠲᠠᠵᠤ ᠪᠣᠢ᠃ ᠵᠠᠭᠠᠯᠳᠤᠭᠴᠢ ᠳᠡᠭᠡᠷ᠎ᠡ ᠳᠤᠷᠠᠳᠤᠭᠰᠠᠨ ᠬᠤᠶᠠᠷ ᠵᠤᠶᠢᠯ ᠤᠨ ᠴᠢᠬᠤᠯᠠ ᠪᠦᠷᠢᠯᠳᠦᠭᠦᠨ ᠨᠦᠭᠦᠴᠡᠯ ᠳᠤ ᠭᠡᠷᠡᠴᠢ ᠬᠠᠩᠭᠠᠬᠤ ᠬᠠᠷᠢᠭᠤᠴᠠᠯᠭ᠎ᠠ ᠲᠠᠢ᠃ ᠵᠠᠭᠠᠯᠳᠤᠭᠳᠠᠭᠴᠢ ᠶᠢᠨ ᠰᠢᠯᠵᠢᠭᠦᠯᠦᠭᠰᠡᠨ ᠪᠠᠷᠢᠮᠳᠠ ᠨᠢ ᠵᠦᠪᠬᠡᠨ ᠪᠣᠰᠤᠳ ᠦᠷᠢ ᠶᠢ ᠪᠣᠴᠠᠭᠠᠭᠰᠠᠨ ᠭᠡᠵᠦ ᠡᠰᠡᠷᠭᠦᠴᠡᠨ ᠮᠠᠷᠭᠤᠬᠤ ᠦᠶᠡᠰ ᠵᠠᠭᠠᠯᠳᠤᠭᠳᠠᠭᠴᠢ ᠦᠪᠡᠷ ᠤᠨ ᠡᠰᠡᠷᠭᠦᠴᠡᠨ ᠮᠠᠷᠭᠤᠭᠰᠠᠨ ᠪᠣᠳᠠᠳᠤ ᠤᠴᠢᠷ ᠪᠣᠶᠣ ᠰᠢᠯᠲᠠᠭᠠᠨ ᠳᠠᠭᠠᠨ ᠭᠡᠷᠡᠴᠢ ᠬᠠᠩᠭᠠᠬᠤ ᠬᠠᠷᠢᠭᠤᠴᠠᠯᠭ᠎ᠠ ᠲᠠᠢ᠃ ᠬᠤᠶᠠᠷ ᠲᠠᠯ᠎ᠠ ᠶᠢᠨ ᠲᠣᠬᠠᠢ ᠶᠢᠨ ᠬᠦᠮᠦᠨ ᠦᠪᠡᠷ ᠢᠶᠠᠨ ᠭᠡᠷᠡᠴᠢ ᠬᠠᠩᠭᠠᠵᠤ ᠳᠡᠶᠢᠯᠬᠦ ᠦᠭᠡᠢ ᠪᠣᠯ ᠠᠰᠢᠭ ᠦᠭᠡᠢ ᠦᠷ᠎ᠡ ᠳ᠋ᠦᠩ ᠢ ᠦᠪᠡᠷ ᠢᠶᠠᠨ ᠬᠠᠷᠢᠭᠤᠴᠠᠨ᠎ᠠ᠃                                                   ᠬᠦᠸᠧ ᠯᠢ
 
ᠢᠷᠡᠯᠲᠡ᠄ ᠦᠪᠤᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号