ᠵᠢᠷᠬᠢᠶ᠎ᠡ ᠶᠢ ᠠᠰᠢᠭᠯᠠᠨ ᠪᠣᠰᠤᠳ ᠢ ᠭᠤᠲᠤᠭᠠᠨ ᠬᠠᠷᠢᠶᠠᠭᠠᠳ ᠲᠠᠪᠤᠨ ᠡᠳᠦᠷ ᠲᠦᠷ ᠬᠤᠷᠢᠭᠳᠠᠪᠠ
ᠨᠡᠶᠢᠲᠡᠯᠡᠭᠰᠡᠨ ᠴᠠᠭ᠄
2017/2/22
    ᠲᠦᠷᠦᠭᠦᠬᠡᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠤᠭᠤᠰᠤᠲᠠᠢ  ᠪᠠᠯᠭᠠᠰᠤ ᠶᠢᠨ ᠶᠡᠭᠡ ᠦᠨᠳᠤᠷ ᠭᠠᠴᠠᠭ᠎ᠠ ᠶᠢᠨ ᠲᠠᠷᠢᠶᠠᠴᠢᠨ  ᠵᠠ᠊ XX ᠪᠠᠯᠭᠠᠰᠤᠨ ᠤ ᠪᠠᠨ ᠳᠣᠲᠤᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠤᠲᠠᠰᠤ ᠢᠷᠡᠭᠦᠯᠵᠦ ︽ᠲᠤᠰ ᠭᠠᠴᠠᠭ᠎ᠠ ᠶᠢᠨ ᠲᠠᠷᠢᠶᠠᠴᠢᠨ ᠬᠠᠢ XX ᠲᠡᠭᠦᠨ ᠢ ᠵᠢᠷᠭᠢᠶ᠎ᠡ ᠪᠠᠷ ᠭᠤᠲᠤᠭᠠᠨ ᠬᠠᠷᠢᠶᠠᠭᠰᠠᠨ ᠮᠦᠷᠲᠡᠭᠡᠨ ᠴᠢᠶ᠋ᠢᠦ ᠲᠣᠰᠤ ᠪᠠᠷ ᠲᠡᠭᠦᠨ ᠤ ᠭᠡᠷ ᠤᠨ ᠬᠦᠮᠦᠰ ᠢ ᠨᠢ ᠰᠢᠲᠠᠭᠠᠨ ᠠᠯᠠᠨ᠎ᠠ ᠭᠡᠵᠦ ᠰᠦᠷᠳᠡᠭᠦᠯᠪᠡ︾ ᠭᠡᠵᠦ ᠬᠡᠷᠡᠭ ᠮᠡᠳᠡᠭᠦᠯᠪᠡ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠤᠭᠤᠰᠤᠲᠠᠢ ᠪᠠᠯᠭᠠᠰᠤᠨ ᠤ ᠲᠣᠮᠢᠯᠠᠭᠰᠠᠨ ᠰᠠᠯᠪᠦᠷᠢ ᠬᠡᠷᠡᠭ ᠤᠨ ᠮᠡᠳᠡᠭᠦᠯᠦᠯᠲᠡ ᠶᠢ ᠲᠣᠰᠤᠭᠰᠠᠨ ᠤ ᠳᠠᠷᠠᠭ᠎ᠠ᠂ ᠬᠠᠢ XX ᠶᠢ ᠳᠠᠭᠤᠳᠠᠵᠤ ᠬᠡᠷᠡᠭ ᠤᠨ ᠪᠠᠶᠢᠳᠠᠯ ᠢ ᠠᠰᠠᠭᠤᠨ ᠯᠠᠪᠯᠠᠵᠠᠢ᠃ ᠰᠢᠭᠦᠨ ᠪᠠᠶᠢᠴᠠᠭᠠᠯᠲᠠ ᠳᠤ᠂ ᠬᠠᠢ XX ᠭᠠᠴᠠᠭ᠎ᠠ ᠶᠢᠨ ᠢᠶᠠᠨ ᠠᠷᠠᠳ ᠤᠨ ᠵᠦᠪᠯᠡᠯ ᠤᠨ ᠲᠠᠷᠢᠶᠠᠨ ᠭᠠᠵᠠᠷ  ᠬᠤᠪᠢᠶᠠᠭᠰᠠᠨ ᠳ᠋ᠦᠩ ᠳᠤ ᠭᠠᠴᠠᠭ᠎ᠠ ᠶᠢᠨ ᠺᠠᠳ᠋ᠷ ᠪᠠ ᠵᠠ᠊ XX ᠲᠤ ᠬᠠᠨᠤᠮᠵᠢ ᠦᠭᠡᠢ ᠪᠣᠯᠤᠭᠰᠠᠨ ᠲᠤᠯᠠ ᠭᠠᠴᠠᠭ᠎ᠠ ᠶᠢᠨ ᠢᠶᠠᠨ 77 ᠬᠦᠮᠦᠨ ᠲᠠᠢ ᠵᠢᠷᠭᠢᠶ᠎ᠡ ᠶᠢᠨ ᠰᠦᠷᠦᠭ ᠲᠤ ᠵᠠ᠊ XX ᠢ ᠣᠯᠠᠨ ᠤᠳᠠᠭ᠎ᠠ ᠬᠠᠷᠢᠶᠠᠭᠰᠠᠨ ᠢᠶᠠᠨ ᠮᠡᠳᠡᠷᠡᠪᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠳᠭᠡᠵᠦ ᠲᠣᠷᠭᠠᠬᠤ ᠬᠠᠥᠯᠢ︾ ᠶᠢᠨ ᠳᠦᠴᠢᠨ ᠬᠤᠶᠠᠳᠤᠭᠠᠷ ᠵᠤᠶᠢᠯ ᠤᠨ ᠲᠠᠪᠤᠳᠤᠭᠠᠷ ᠪᠠᠳᠠᠭ  ᠳᠠᠬᠢ ᠲᠣᠭᠲᠠᠭᠠᠯ ᠢ ᠦᠨᠳᠤᠰᠤᠯᠡᠵᠦ᠂ ᠬᠠᠢ XX ᠶᠢ 5 ᠡᠳᠦᠷ ᠵᠠᠰᠠᠭ ᠵᠠᠬᠢᠷᠭᠠᠨ ᠤ ᠲᠦᠷ ᠬᠤᠷᠢᠬᠤ ᠪᠠ 500 ᠲᠦᠭᠦᠷᠢᠭ ᠢᠶᠠᠷ ᠲᠣᠷᠭᠠᠬᠤ ᠵᠠᠰᠠᠭ ᠵᠠᠬᠢᠷᠭᠠᠨ ᠤ ᠰᠢᠳᠭᠡᠯ ᠦᠭᠬᠦ ᠪᠠᠷ ᠰᠢᠳᠭᠡᠵᠡᠢ᠃                                                    ᠬᠦᠭᠵᠢᠯᠲᠦ
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号