ᠬᠡᠷᠡᠭ ᠤᠨ ᠵᠢᠱᠢᠶ᠎ᠡ᠄ | 2012 ᠣᠨ ᠤ 2 ᠰᠠᠷ᠎ᠠ ᠶᠢᠨ 4 ᠤ ᠡᠳᠦᠷ᠂ 2 ᠰᠠᠷ᠎ᠠ ᠶᠢᠨ 6 ᠤ ᠡᠳᠦᠷ᠂ 2 ᠰᠠᠷ᠎ᠠ ᠶᠢᠨ 7 ᠤ ᠡᠳᠦᠷ | ᠯᠢ ᠣᠪᠤᠭᠳᠤ ᠭᠤᠷᠪᠠ ᠤᠳᠠᠭ᠎ᠠ ᠸᠠᠩ ᠣᠪᠤᠭᠳᠤ ᠶᠢᠨ ᠳᠠᠩᠰᠠᠨ ᠳᠤ 15 ᠲᠦᠮᠡᠨ ᠲᠦᠭᠦᠷᠢᠭ ᠵᠣᠭᠤᠰ | ᠰᠢᠯᠵᠢᠭᠦᠯᠦᠨ ᠦᠭᠭᠦᠭᠰᠡᠨ ᠤ ᠳᠠᠷᠠᠭ᠎ᠠ ᠮᠦᠨ ᠵᠢᠯ ᠤᠨ 2 ᠰᠠᠷ᠎ᠠ ᠶᠢᠨ 9 ᠤ ᠡᠳᠦᠷ ᠸᠠᠩ ᠣᠪᠤᠭᠳᠤ ᠶᠢᠨ ᠳᠠᠩᠰᠠᠨ | ᠳᠤ ᠳᠠᠬᠢᠨᠲᠠ ᠬᠤᠶᠠᠷ ᠤᠳᠠᠭ᠎ᠠ ᠳᠤ 10 ᠲᠦᠮᠡᠨ ᠲᠦᠭᠦᠷᠢᠭ ᠵᠣᠭᠤᠰ ᠰᠢᠯᠵᠢᠭᠦᠯᠦᠨ ᠦᠭᠴᠡᠢ᠃ ᠰᠡᠭᠦᠯᠡᠷ ᠨᠢ ᠯᠢ | ᠣᠪᠤᠭᠳᠤ 5 ᠤᠳᠠᠭ᠎ᠠ ᠶᠢᠨ ᠵᠣᠭᠤᠰ ᠰᠢᠯᠵᠢᠭᠦᠯᠦᠨ ᠦᠭᠭᠦᠭᠰᠡᠨ ᠪᠠᠷᠢᠮᠳᠠ ᠪᠠᠨ ᠠᠪᠴᠤ ᠸᠠᠩ ᠣᠪᠤᠭᠳᠤ ᠶᠢ | ᠰᠢᠭᠦᠬᠦ ᠬᠤᠷᠢᠶ᠎ᠠ ᠳᠤ ᠵᠠᠭᠠᠯᠳᠤᠵᠤ᠂ ᠵᠢᠭᠡᠯᠡᠭᠰᠡᠨ ᠵᠣᠭᠤᠰ ᠢᠶᠠᠨ ᠪᠣᠴᠠᠭᠠᠬᠤ ᠶᠢ ᠱᠠᠭᠠᠷᠳᠠᠪᠠ᠃ ᠸᠠᠩ ᠣᠪᠤᠭᠳᠤ | ᠬᠡᠳᠤᠶᠢᠪᠡᠷ ᠰᠢᠯᠵᠢᠭᠦᠯᠦᠨ ᠦᠭᠭᠦᠭᠰᠡᠨ ᠵᠣᠭᠤᠰ ᠢ ᠨᠢ ᠬᠤᠷᠢᠶᠠᠨ ᠣᠯᠤᠭᠰᠠᠨ ᠪᠣᠯᠪᠠᠴᠤ ᠵᠢᠭᠡᠯᠡᠭᠰᠡᠨ ᠵᠣᠭᠤᠰ | ᠪᠣᠯᠬᠤ ᠶᠢ ᠮᠡᠳᠡᠷᠡᠭᠰᠡᠨ ᠦᠭᠡᠢ ᠪᠦᠭᠡᠳ ᠬᠤᠶᠠᠷ ᠲᠠᠯ᠎ᠠ ᠪᠠᠷ ᠢᠶᠠᠨ ᠲᠣᠭᠲᠠᠭᠰᠠᠨ ᠮᠠᠶᠢᠮᠠᠢ ᠶᠢᠨ ᠭᠡᠷ᠎ᠡ ᠪᠠᠨ | ᠭᠦᠢᠴᠡᠳᠭᠡᠵᠤ᠂ ᠡᠨᠡᠬᠦ ᠰᠢᠯᠵᠢᠭᠦᠯᠦᠨ ᠦᠭᠭᠦᠭᠰᠡᠨ ᠵᠣᠭᠤᠰ ᠨᠢ ᠪᠠᠷᠠᠭ᠎ᠠ ᠬᠤᠳᠠᠯᠳᠤᠨ ᠠᠪᠤᠭᠰᠠᠨ ᠮᠦᠩᠬᠦ ᠪᠣᠯᠤᠨ᠎ᠠ | ᠭᠡᠵᠦ ᠭᠡᠷᠡᠴᠢᠯᠡᠪᠡ᠃ | ᠰᠢᠭᠦᠬᠦ ᠬᠤᠷᠢᠶ᠎ᠠ ᠰᠢᠭᠦᠨ ᠪᠠᠶᠢᠴᠠᠭᠠᠭᠰᠠᠨ ᠤ ᠳᠠᠷᠠᠭ᠎ᠠ ᠯᠢ ᠣᠪᠤᠭᠳᠤ ᠶᠢᠨ ᠬᠠᠩᠭᠠᠭᠰᠠᠨ ᠵᠣᠭᠤᠰ | ᠰᠢᠯᠵᠢᠭᠦᠯᠦᠨ ᠦᠭᠭᠦᠭᠰᠡᠨ ᠪᠠᠷᠢᠮᠳᠠ ᠵᠦᠪᠬᠡᠨ ᠬᠤᠶᠠᠷ ᠲᠠᠯ᠎ᠠ ᠶᠢᠨ ᠬᠤᠭᠤᠷᠤᠨᠳᠤ ᠵᠢᠭᠡᠯᠡᠯᠭᠡ ᠵᠢᠭᠡᠯᠡᠬᠦ ᠪᠠᠷ ᠰᠠᠨᠠᠯ | ᠨᠢᠭᠡᠳᠤᠭ᠍ᠰᠡᠨ ᠢ ᠭᠡᠷᠡᠴᠢᠯᠡᠬᠦ ᠲᠡᠳᠤᠢ ᠭᠡᠵᠦ ᠦᠵᠡᠭᠡᠳ ᠵᠠᠭᠠᠯᠳᠤᠭᠴᠢ ᠶᠢᠨ ᠵᠠᠭᠠᠯᠳᠤᠯᠭ᠎ᠠ ᠶᠢᠨ ᠭᠤᠶᠤᠴᠢᠯᠠᠯ ᠢ | ᠪᠣᠴᠠᠭᠠᠵᠠᠢ᠃ | ᠰᠢᠭᠦᠭᠴᠢ ᠶᠢᠨ ᠰᠠᠨᠠᠭᠤᠯᠭ᠎ᠠ᠄ | ᠰᠢᠭᠦᠭᠴᠢ ᠶᠢᠨ ᠵᠢᠭᠡᠯᠡᠯᠭᠡ ᠶᠢᠨ ᠬᠡᠷᠡᠭ ᠢ ᠪᠠᠶᠢᠴᠠᠭᠠᠬᠤ ᠴᠢᠬᠤᠯᠠ ᠬᠤᠶᠠᠷ ᠪᠦᠷᠢᠯᠳᠦᠭᠦᠨ ᠨᠦᠬᠦᠴᠡᠯ ᠪᠣᠯ᠄ | ᠵᠢᠭᠡᠯᠡᠯᠭᠡ ᠵᠢᠭᠡᠯᠡᠬᠦ ᠪᠠᠷ ᠰᠠᠨᠠᠯ ᠨᠢᠭᠡᠳᠬᠦ ᠪᠠ ᠵᠢᠭᠡᠯᠡᠯᠭᠡ ᠶᠢᠨ ᠪᠣᠳᠠᠳᠤ ᠤᠴᠢᠷ᠃ ᠡᠭᠦᠨ ᠳᠤ᠂ ᠵᠢᠭᠡᠯᠡᠯᠭᠡ | ᠵᠢᠭᠡᠯᠡᠬᠦ ᠪᠠᠷ ᠰᠠᠨᠠᠯ ᠨᠢᠭᠡᠳᠬᠦ ᠶᠢᠨ ᠭᠤᠣᠯ ᠢᠯᠡᠷᠡᠯ ᠨᠢ ᠵᠢᠭᠡᠯᠡᠯᠭᠡ ᠶᠢᠨ ᠪᠠᠷᠢᠮᠳᠠ᠂ ᠦᠷᠢᠲᠤᠭ᠍ᠰᠡᠨ ᠪᠠᠷᠢᠮᠳᠠ | ᠪᠣᠯᠤᠨ᠎ᠠ᠃ ᠵᠢᠭᠡᠯᠡᠯᠭᠡ ᠶᠢᠨ ᠪᠣᠳᠠᠳᠤ ᠤᠴᠢᠷ ᠤᠨ ᠢᠯᠡᠷᠡᠯ ᠳᠤ ᠰᠢᠯᠵᠢᠭᠦᠯᠦᠨ ᠦᠭᠭᠦᠭᠰᠡᠨ ᠪᠠᠷᠢᠮᠳᠠ᠂ ᠬᠤᠷᠢᠶᠠᠨ | ᠠᠪᠤᠭᠰᠠᠨ ᠪᠠᠷᠢᠮᠳᠠ ᠵᠡᠷᠭᠡ ᠪᠠᠭᠲᠠᠵᠤ ᠪᠣᠢ᠃ ᠵᠠᠭᠠᠯᠳᠤᠭᠴᠢ ᠳᠡᠭᠡᠷ᠎ᠡ ᠳᠤᠷᠠᠳᠤᠭᠰᠠᠨ ᠬᠤᠶᠠᠷ ᠵᠤᠶᠢᠯ ᠤᠨ ᠴᠢᠬᠤᠯᠠ | ᠪᠦᠷᠢᠯᠳᠦᠭᠦᠨ ᠨᠦᠭᠦᠴᠡᠯ ᠳᠤ ᠭᠡᠷᠡᠴᠢ ᠬᠠᠩᠭᠠᠬᠤ ᠬᠠᠷᠢᠭᠤᠴᠠᠯᠭ᠎ᠠ ᠲᠠᠢ᠃ ᠵᠠᠭᠠᠯᠳᠤᠭᠳᠠᠭᠴᠢ ᠶᠢᠨ ᠰᠢᠯᠵᠢᠭᠦᠯᠦᠭᠰᠡᠨ | ᠪᠠᠷᠢᠮᠳᠠ ᠨᠢ ᠵᠦᠪᠬᠡᠨ ᠪᠣᠰᠤᠳ ᠦᠷᠢ ᠶᠢ ᠪᠣᠴᠠᠭᠠᠭᠰᠠᠨ ᠭᠡᠵᠦ ᠡᠰᠡᠷᠭᠦᠴᠡᠨ ᠮᠠᠷᠭᠤᠬᠤ ᠦᠶᠡᠰ ᠵᠠᠭᠠᠯᠳᠤᠭᠳᠠᠭᠴᠢ | ᠦᠪᠡᠷ ᠤᠨ ᠡᠰᠡᠷᠭᠦᠴᠡᠨ ᠮᠠᠷᠭᠤᠭᠰᠠᠨ ᠪᠣᠳᠠᠳᠤ ᠤᠴᠢᠷ ᠪᠣᠶᠣ ᠰᠢᠯᠲᠠᠭᠠᠨ ᠳᠠᠭᠠᠨ ᠭᠡᠷᠡᠴᠢ ᠬᠠᠩᠭᠠᠬᠤ | ᠬᠠᠷᠢᠭᠤᠴᠠᠯᠭ᠎ᠠ ᠲᠠᠢ᠃ ᠬᠤᠶᠠᠷ ᠲᠠᠯ᠎ᠠ ᠶᠢᠨ ᠲᠣᠬᠠᠢ ᠶᠢᠨ ᠬᠦᠮᠦᠨ ᠦᠪᠡᠷ ᠢᠶᠠᠨ ᠭᠡᠷᠡᠴᠢ ᠬᠠᠩᠭᠠᠵᠤ ᠳᠡᠶᠢᠯᠬᠦ ᠦᠭᠡᠢ | ᠪᠣᠯ ᠠᠰᠢᠭ ᠦᠭᠡᠢ ᠦᠷ᠎ᠡ ᠳ᠋ᠦᠩ ᠢ ᠦᠪᠡᠷ ᠢᠶᠠᠨ ᠬᠠᠷᠢᠭᠤᠴᠠᠨ᠎ᠠ᠃ | ᠬᠦᠸᠧ ᠯᠢ |