ᠲᠦᠪ ᠤᠨ ︽ᠪᠦᠬᠦ ᠠᠷᠠᠳ ᠢᠶᠠᠷ ᠢᠶᠠᠨ ᠨᠣᠮ ᠣᠩᠰᠢᠵᠤ᠂ ᠨᠣᠮ ᠲᠠᠢ ᠨᠡᠶᠢᠭᠡᠮ ᠢ ᠴᠣᠭᠴᠠᠯᠠᠬᠤ︾ | ᠱᠠᠭᠠᠷᠳᠠᠯᠭ᠎ᠠ ᠶᠢᠨ ᠳᠠᠭᠠᠥ ᠣᠯᠠᠨ ᠲᠦᠮᠡᠨ ᠤ ᠨᠣᠮ ᠣᠩᠰᠢᠬᠤ ᠬᠡᠪ ᠰᠤᠷᠲᠠᠯ ᠢ ᠪᠣᠢ ᠪᠣᠯᠭᠠᠵᠤ᠂ ᠨᠣᠮ ᠣᠩᠰᠢᠬᠤ | ᠤᠷᠮ᠎ᠠ ᠪᠠᠬ᠎ᠠ ᠶᠢ ᠬᠦᠭᠵᠢᠭᠡᠵᠦ᠂ ᠨᠣᠮ ᠲᠠᠢ ᠨᠡᠶᠢᠭᠡᠮ ᠢ ᠴᠣᠭᠴᠠᠯᠠᠨ ᠪᠠᠶᠢᠭᠤᠯᠬᠤ ᠵᠣᠷᠢᠯᠭ᠎ᠠ ᠪᠠᠷ ᠦᠪᠦᠷ | ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠨᠣᠮ ᠤᠨ ᠰᠠᠩ ᠤᠨ ᠨᠡᠶᠢᠭᠡᠮᠯᠢᠭ ᠪᠣᠯᠤᠨ ᠦᠪᠦᠷ ᠮᠣᠩᠭᠤᠯ ᠤᠨ | ᠨᠣᠮ ᠤᠨ ᠰᠠᠩ ᠬᠠᠮᠲᠤᠷᠠᠨ ᠪᠦᠬᠦ ᠣᠷᠤᠨ ᠤ ᠬᠡᠪᠴᠢᠶᠡᠨ ᠳᠤ ︽ᠨᠣᠮ ᠲᠠᠢ ᠭᠡᠷ ᠪᠦᠯᠢ︾ ᠰᠢᠯᠭᠠᠷᠠᠭᠤᠯᠬᠤ | ᠠᠵᠢᠯᠯᠠᠭᠠᠨ ᠦᠷᠨᠢᠭᠦᠯᠬᠦ ᠪᠠᠷ ᠪᠣᠢ᠃ | ᠨᠠᠷᠢᠨ ᠪᠠᠶᠢᠳᠠᠯ ᠳᠣᠣᠷᠠᠬᠢ ᠮᠡᠲᠤ᠄ | ᠨᠢᠭᠡ᠂ ᠭᠤᠣᠯᠯᠠᠨ ᠡᠷᠬᠢᠯᠡᠭᠰᠡᠨ ᠨᠢᠭᠡᠴᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ | ᠨᠣᠮ ᠤᠨ ᠰᠠᠩ ᠤᠨ ᠨᠡᠶᠢᠭᠡᠮᠯᠢᠭ᠂ ᠦᠪᠦᠷ ᠮᠣᠩᠭᠤᠯ ᠤᠨ ᠨᠣᠮ ᠤᠨ ᠰᠠᠩ | ᠬᠤᠶᠠᠷ᠂ ᠳᠠᠭᠠᠭᠠᠴᠢᠯᠠᠨ ᠡᠷᠬᠢᠯᠡᠭᠰᠡᠨ ᠨᠢᠭᠡᠴᠡ᠄ ᠡᠯ᠎ᠡ ᠠᠶᠢᠮᠠᠭ ᠬᠤᠲᠠ ᠶᠢᠨ ᠨᠣᠮ ᠤᠨ ᠰᠠᠩ᠂ ᠬᠤᠰᠢᠭᠤ | ᠰᠢᠶᠠᠨ ᠤ ᠨᠣᠮ ᠤᠨ ᠰᠠᠩ᠂ ᠰᠤᠷᠭᠠᠭᠤᠯᠢ ᠶᠢᠨ ᠨᠣᠮ ᠤᠨ ᠰᠠᠩ | ᠭᠤᠷᠪᠠ᠂ ᠰᠢᠯᠭᠠᠷᠠᠭᠤᠯᠤᠯᠲᠠ ᠳᠤ ᠣᠷᠤᠯᠴᠠᠬᠤ ᠱᠠᠭᠠᠷᠳᠠᠯᠭ᠎ᠠ | 1.ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠰᠠᠭᠤᠷᠢᠰᠢᠨ ᠰᠠᠭᠤᠭ᠎ᠠ ᠬᠠᠥᠯᠢ ᠶᠢ | ᠵᠢᠷᠤᠮᠯᠠᠭᠰᠠᠨ᠂ ᠡᠶ᠎ᠡ ᠨᠠᠶᠢᠷᠲᠠᠢ᠂ ᠨᠣᠮ ᠳᠤ ᠪᠠᠭ᠋ᠠᠲᠠᠢ ᠪᠦᠬᠦᠶᠢᠯᠡ ᠭᠡᠷ ᠪᠦᠯᠢ ᠴᠦᠮ ᠨᠡᠷ᠎ᠡ ᠮᠡᠳᠡᠭᠦᠯᠵᠦ ᠪᠣᠯᠤᠨ᠎ᠠ᠃ | 2.ᠰᠢᠯᠭᠠᠷᠠᠭᠤᠯᠤᠯᠲᠠ ᠳᠤ ᠣᠷᠤᠯᠴᠠᠬᠤ ᠭᠡᠷ ᠪᠦᠯᠢ ᠳᠣᠣᠷᠠᠬᠢ ᠨᠦᠬᠦᠴᠡᠯ ᠠᠴᠠ ᠳᠤᠷ᠎ᠠ ᠶᠢᠨ ᠨᠢᠭᠡ ᠶᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃ | ︵1︶ ᠭᠡᠷ ᠪᠦᠯᠢ ᠶᠢᠨ ᠬᠢᠨ ᠨᠣᠮ ᠣᠩᠰᠢᠬᠤ ᠳᠤᠷ᠎ᠠ ᠪᠠᠭ᠋ᠠᠲᠠᠢ ᠪᠠᠶᠢᠵᠤ᠂ ᠰᠡᠳᠭᠢᠯ ᠳᠣᠭᠳᠤᠯᠠᠭᠤᠯᠤᠭᠰᠠᠨ ︽ | ᠨᠣᠮ ᠣᠩᠰᠢᠭᠰᠠᠨ ᠦᠯᠢᠭᠡᠷ︾ ᠲᠠᠢ ᠪᠠᠶᠢᠵᠤ᠂ ᠡᠰᠡᠭᠦᠯ᠎ᠡ ᠨᠣᠮ ᠣᠩᠰᠢᠬᠤ ᠪᠠᠷ ᠳᠠᠮᠵᠢᠵᠤ ᠠᠮᠢᠳᠤᠷᠠᠯ ᠢᠶᠠᠨ | ᠦᠭᠡᠳᠡᠯᠡᠭᠦᠯᠦᠭᠰᠡᠨ ᠵᠡᠷᠭᠡ ᠦᠯᠢᠭᠡᠷ ᠵᠢᠱᠢᠶ᠎ᠡ ᠲᠠᠢ ᠪᠠᠶᠢᠬᠤ᠃ | ︵2︶ ᠭᠡᠷ ᠪᠦᠯᠢ ᠶᠢᠨ ᠬᠢᠨ ᠡᠯ᠎ᠡ ᠵᠤᠶᠢᠯ ᠤᠨ ᠨᠣᠮ ᠣᠩᠰᠢᠬᠤ ᠤᠶᠢᠯᠡ ᠠᠵᠢᠯᠯᠠᠭᠠᠨ ᠳᠤ ᠢᠳᠡᠪᠬᠢᠲᠡᠢ | ᠣᠷᠤᠯᠴᠠᠭᠰᠠᠨ ᠪᠠᠶᠢᠬᠤ᠃ | ︵3︶ ᠭᠡᠷ ᠪᠦᠯᠢ ᠶᠢᠨ ᠬᠢᠨ ᠨᠣᠮ ᠣᠩᠰᠢᠭᠰᠠᠨ ᠲᠡᠮᠲᠡᠭᠯᠡᠯ᠂ ᠨᠣᠮ ᠣᠩᠰᠢᠭᠰᠠᠨ ᠲᠦᠷᠦᠭᠳᠡᠯ᠂ | ᠣᠩᠰᠢᠯᠭ᠎ᠠ ᠶᠢᠨ ᠲᠣᠬᠠᠢ ᠪᠦᠷᠭᠡ ᠲᠠᠢ ᠪᠠᠶᠢᠬᠤ᠃ | ︵4︶ ᠭᠡᠷ ᠪᠦᠯᠢ ᠶᠢᠨ ᠬᠢᠨ ᠨᠣᠮ ᠬᠠᠳᠠᠭᠠᠯᠠᠬᠤ ᠳᠤᠷ᠎ᠠ ᠪᠠᠬ᠎ᠠ ᠲᠠᠢ ᠪᠠᠶᠢᠵᠤ᠂ ᠵᠣᠬᠢᠬᠤ ᠬᠡᠮᠵᠢᠶᠡᠨ ᠤ ᠨᠣᠮ | ᠬᠠᠳᠠᠭᠠᠯᠠᠭᠰᠠᠨ ᠪᠠᠶᠢᠬᠤ᠃ | ︵5︶ ᠨᠣᠮ ᠤᠨ ᠰᠠᠩ ᠤᠨ ᠵᠣᠬᠢᠶᠠᠨ ᠪᠠᠶᠢᠭᠤᠯᠤᠭᠰᠠᠨ ᠡᠯ᠎ᠡ ᠵᠤᠶᠢᠯ ᠤᠨ ᠠᠵᠢᠯᠯᠠᠭᠠᠨ ᠳᠤ ᠢᠳᠡᠪᠬᠢᠲᠡᠢ | ᠣᠷᠤᠯᠴᠠᠭᠰᠠᠨ ᠪᠠᠶᠢᠬᠤ᠃ | ︵ᠨᠡᠷ᠎ᠡ ᠮᠡᠳᠡᠭᠦᠯᠬᠦ ᠳᠡᠭᠡᠨ ᠬᠠᠳᠠᠭᠠᠯᠠᠵᠤ ᠪᠠᠶᠢᠬᠤ ᠨᠣᠮ ᠤᠨ ᠲᠣᠬᠠᠢ ᠵᠢᠷᠤᠭ ᠰᠡᠭᠦᠳᠡᠷ ᠪᠣᠶᠣ ᠪᠣᠰᠤᠳ | ᠵᠤᠶᠢᠯ ᠤᠨ ᠰᠢᠩᠭᠡᠭᠡᠯᠲᠡ ᠪᠠᠨ ᠦᠭᠬᠦ ᠬᠡᠷᠡᠭᠲᠡᠢ︶ | ᠳᠥᠷᠪᠡ᠂ ᠨᠡᠷ᠎ᠡ ᠮᠡᠳᠡᠭᠦᠯᠬᠦ ᠴᠠᠭ᠄ | 2017 ᠣᠨ ᠤ 3 ᠰᠠᠷ᠎ᠠ ᠶᠢᠨ 7 ᠪᠣᠯᠲᠠᠯ᠎ᠠ᠃ | ᠲᠠᠪᠤ᠂ ᠰᠢᠯᠭᠠᠷᠠᠭᠤᠯᠬᠤ ᠭᠡᠷ ᠪᠦᠯᠢ ᠶᠢᠨ ᠲᠤᠭ᠎ᠠ᠄ | ᠤᠯᠠᠭᠠᠨᠬᠠᠳᠠ ᠬᠤᠲᠠ ᠶᠢᠨ ᠨᠣᠮ ᠤᠨ ᠰᠠᠩ 10 ᠰᠣᠳᠤᠨ ᠭᠡᠷ ᠪᠦᠯᠢ ᠶᠢ ᠰᠢᠯᠭᠠᠷᠠᠭᠤᠯᠵᠤ᠂ ᠪᠦᠬᠦ ᠣᠷᠤᠨ | ᠤ ᠰᠢᠯᠭᠠᠷᠠᠭᠤᠯᠤᠯᠲᠠ ᠳᠤ ᠣᠷᠤᠯᠴᠠᠭᠤᠯᠤᠨ᠎ᠠ᠃ | ᠵᠢᠷᠭᠤᠭ᠎ᠠ᠂ ᠨᠡᠷ᠎ᠡ ᠮᠡᠳᠡᠭᠦᠯᠬᠦ ᠠᠷᠭ᠎ᠠ᠄ | 1. ᠤᠯᠠᠭᠠᠨᠬᠠᠳᠠ ᠬᠤᠲᠠ ᠲᠣᠭᠤᠷᠢᠭ ᠤᠨ ᠨᠡᠷ᠎ᠡ ᠮᠡᠳᠡᠭᠦᠯᠦᠭᠰᠡᠳ ᠦᠪᠡᠷ ᠤᠨ ᠭᠡᠷ ᠪᠦᠯᠢ ᠶᠢᠨ ᠲᠣᠬᠠᠢ | ᠲᠣᠪᠴᠢ ᠨᠠᠮᠳᠠᠷ ︵500-1000 ᠦᠰᠦᠭ︶᠂ ᠵᠢᠷᠤᠭ ᠰᠡᠭᠦᠳᠡᠷ᠂ ᠰᠢᠩᠭᠡᠭᠡᠯᠲᠡ ᠪᠠᠨ | 670946770@qq.com ᠤᠷᠤᠭᠤ | ᠶᠠᠪᠤᠭᠤᠯᠤᠭᠠᠷᠠᠢ᠃ ᠭᠡᠷ ᠪᠦᠯᠢ ᠶᠢᠨ ᠲᠣᠪᠴᠢ ᠨᠠᠮᠳᠠᠷ ᠲᠤ ᠭᠡᠷ ᠪᠦᠯᠢ ᠶᠢᠨ ᠬᠢᠨ ᠤ ᠣᠪᠤᠭ ᠨᠡᠷ᠎ᠡ᠂ ᠬᠠᠷᠢᠯᠴᠠᠬᠤ | ᠤᠲᠠᠰᠤ᠂ ᠬᠠᠶ᠋ᠢᠭ᠂ ᠰᠢᠥᠳᠠᠨ ᠨᠣᠮᠧᠷ᠂ ᠳᠡᠭᠡᠷ᠎ᠡ ᠳᠤᠷᠠᠳᠤᠭᠰᠠᠨ ᠪᠣᠰᠤᠳ ᠱᠠᠭᠠᠷᠳᠠᠯᠭ᠎ᠠ ᠵᠡᠷᠭᠡ ᠶᠢ ᠪᠠᠭᠲᠠᠭᠠᠨ᠎ᠠ᠃ | 2.ᠡᠯ᠎ᠡ ᠬᠤᠰᠢᠭᠤ ᠰᠢᠶᠠᠨ ᠤ ᠬᠢᠨ ᠲᠣᠬᠠᠢ ᠶᠢᠨ ᠭᠠᠵᠠᠷ ᠤᠨ ᠨᠣᠮ ᠤᠨ ᠰᠠᠩ ᠳᠠᠭᠠᠨ ᠮᠡᠳᠡᠭᠦᠯᠦᠭᠡᠷᠡᠢ᠃ | 3.ᠬᠠᠷᠢᠯᠴᠠᠬᠤ ᠤᠲᠠᠰᠤ᠄ | ︵1︶ ᠤᠯᠠᠭᠠᠨᠬᠠᠳᠠ ᠬᠤᠲᠠ ᠶᠢᠨ ᠨᠣᠮ ᠤᠨ ᠰᠠᠩ — ᠢᠳᠡᠮᠪᠠᠶᠠᠷ 158 4897 9757 | ︵2︶ ᠬᠡᠰᠢᠭᠲᠡᠨ ᠬᠤᠰᠢᠭᠤ — ᠨᠠᠷᠠᠰᠤ 150 4993 9355 | ︵3︶ ᠣᠩᠨᠢᠭᠤᠳ ᠬᠤᠰᠢᠭᠤ — ᠪᠣᠥ ᠶᠦᠩ ᠴᠢᠤᠸᠠᠨ 139 4768 7205 | ︵4︶ ᠪᠠᠭᠠᠷᠢᠨ ᠪᠠᠷᠠᠭᠤᠨ ᠬᠤᠰᠢᠭᠤ — ᠳᠣᠷᠤᠨ᠎ᠠ 139 4886 0725 | ︵5︶ ᠠᠷᠤ ᠬᠤᠷᠴᠢᠨ ᠬᠤᠰᠢᠭᠤ — ᠣᠶᠤᠨᠭᠡᠷᠡᠯ 138 4765 8473 | ᠪᠣᠰᠤᠳ ᠬᠤᠰᠢᠭᠤ ᠰᠢᠶᠠᠨ ᠤ ᠮᠣᠩᠭᠤᠯ ᠣᠷᠤᠯᠴᠠᠭᠴᠢ ᠰᠢᠭᠤᠳ ᠤᠯᠠᠭᠠᠨᠬᠠᠳᠠ ᠬᠤᠲᠠ ᠶᠢᠨ ᠨᠣᠮ ᠤᠨ | ᠰᠠᠩ ᠳᠤ ᠨᠡᠷ᠎ᠡ ᠮᠡᠳᠡᠭᠦᠯᠬᠦ ᠪᠣᠯᠪᠠᠣ︕ | ᠤᠯᠠᠭᠠᠨᠬᠠᠳᠠ ᠬᠤᠲᠠ ᠶᠢᠨ ᠨᠣᠮ ᠤᠨ ᠰᠠᠩ | 2017 ᠣᠨ ᠤ 2 ᠰᠠᠷ᠎ᠠ ᠶᠢᠨ 22 ᠤᠨ ᠡᠳᠦᠷ |