| | ᠠᠷᠪᠠᠨ ᠨᠠᠶᠢᠮᠡᠳᠡᠬᠢ ᠳᠡᠯᠡᠭᠡᠢ ᠶᠢᠨ ᠡᠬᠡ ᠬᠡᠯᠡᠨ ᠤ ᠡᠳᠦᠷ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ | ᠵᠦᠪᠯᠡᠯ ᠪᠣᠯᠤᠨ ᠬᠤᠲᠠ ᠶᠢᠨ ᠮᠣᠩᠭᠤᠯ ᠬᠡᠯᠡ ᠪᠢᠴᠢᠭ ᠤᠨ ᠠᠵᠢᠯ ᠤᠨ ᠵᠦᠪᠯᠡᠯ ᠠᠴᠠ ᠬᠤᠲᠠ ᠶᠢᠨ ᠰᠢᠭᠤᠳ | ᠬᠠᠷᠢᠶ᠎ᠠ ᠪᠠᠶᠢᠭᠤᠯᠤᠯᠭ᠎ᠠ ᠶᠢᠨ ᠮᠣᠩᠭᠤᠯ ᠢᠶᠠᠷ ᠢᠶᠠᠨ ᠶᠠᠷᠢᠵᠤ ᠮᠣᠩᠭᠤᠯ ᠨᠣᠮ ᠣᠩᠰᠢᠬᠤ ᠲᠣᠬᠠᠢ ᠶᠠᠷᠢᠯᠴᠠᠬᠤ ᠬᠤᠷᠠᠯ | ᠬᠢᠪᠡ᠃ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ᠬᠤᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠬᠡᠪᠯᠡᠯ ᠤᠨ ᠬᠤᠷᠢᠶ᠎ᠠ᠂ ᠬᠤᠲᠠ ᠶᠢᠨ ᠨᠣᠮ ᠤᠨ ᠰᠠᠩ᠂ ᠤᠯᠠᠭᠠᠨᠬᠠᠳᠠ ᠳᠡᠭᠡᠳᠤ | ᠰᠤᠷᠭᠠᠭᠤᠯᠢ᠂ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠷᠭᠠᠭᠤᠯᠢ᠂ ᠤᠯᠠᠭᠠᠨᠬᠠᠳᠠ ᠶᠢᠨ | ᠮᠣᠩᠭᠤᠯ ᠪᠠᠭ᠎ᠠ ᠰᠤᠷᠭᠠᠭᠤᠯᠢ᠂ ᠮᠣᠩᠭᠤᠯ ᠬᠡᠥᠭᠡᠳ ᠤᠨ ᠴᠡᠴᠡᠷᠯᠢᠭ ᠵᠡᠷᠬᠡ ᠪᠠᠶᠢᠭᠤᠯᠤᠯᠭ᠎ᠠ ᠶᠢᠨ ᠪᠠᠭᠰᠢ ᠠᠵᠢᠯᠲᠠᠨ | ᠰᠣᠷᠪᠤᠯᠵᠢᠯᠠᠭᠴᠢ ᠨᠠᠶᠢᠷᠠᠭᠤᠯᠤᠭᠴᠢ ᠬᠤᠷᠠᠯ ᠳᠤ ᠣᠷᠤᠯᠴᠠᠵᠠᠢ᠃ | ᠲᠤᠰ ᠤᠳᠠᠭᠠᠨ ᠤ ᠠᠵᠢᠯᠯᠠᠭᠠᠨ ᠤ ᠲᠦᠪ᠂ ᠦᠪᠡᠷᠲᠡᠭᠡᠨ ᠵᠠᠰᠠᠬᠤ ᠣᠷᠤᠨ ᠬᠢᠭᠡᠳ ᠬᠤᠲᠠ ᠶᠢᠨ ᠭᠤᠷᠪᠠᠨ | ᠱᠠᠲᠤᠨ ᠤ ᠦᠨᠳᠤᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠪᠠ ︽ᠦᠪᠤᠷ ᠮᠣᠩᠭᠤᠯ ᠤᠨ | ᠦᠪᠡᠷᠲᠡᠭᠡᠨ ᠵᠠᠰᠠᠬᠤ ᠣᠷᠤᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠢ | ᠲᠤᠤᠱᠯᠠᠭᠤᠯᠤᠨ ᠬᠡᠷᠡᠭᠵᠢᠭᠦᠯᠵᠦ᠂ ᠦᠪᠡᠷᠲᠡᠭᠡᠨ ᠵᠠᠰᠠᠬᠤ ᠣᠷᠤᠨ ᠪᠠᠶᠢᠭᠤᠯᠤᠭᠳᠠᠭᠰᠠᠨ ᠳᠠᠯᠠᠨ ᠵᠢᠯ ᠤᠨ ᠣᠢ ᠶᠢ | ᠤᠭᠲᠤᠬᠤ ᠵᠢᠴᠢ ᠡᠬᠡ ᠬᠡᠯᠡᠨ ᠤ ᠰᠠᠶᠢᠨ ᠰᠠᠶᠢᠬᠠᠨ ᠣᠷᠴᠢᠨ ᠢ ᠪᠣᠢ ᠪᠣᠯᠭᠠᠬᠤ ᠪᠠ ᠠᠷᠪᠠᠨ ᠨᠠᠶᠢᠮᠠᠳᠡᠬᠢ ︽ | ᠳᠡᠯᠡᠬᠡᠢ ᠶᠢᠨ ᠡᠬᠡ ᠬᠡᠯᠡᠨ ᠤ ᠡᠳᠦᠷ︾ ᠢ ᠪᠡᠯᠭᠡᠯᠡᠬᠦ ᠪᠠᠷ ᠳᠠᠮᠵᠢᠭᠤᠯᠤᠨ᠂ ᠡᠬᠡ ᠬᠡᠯᠡ ᠪᠠᠨ ᠨᠡᠩ ᠰᠠᠶᠢᠨ ᠦᠪᠯᠡᠨ | ᠵᠠᠯᠭᠠᠮᠵᠢᠯᠠᠵᠤ ᠤᠯᠠᠮᠵᠢᠯᠠᠨ ᠬᠦᠭᠵᠢᠭᠦᠯᠬᠦ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃ | ᠶᠠᠷᠢᠯᠴᠠᠬᠤ ᠬᠤᠷᠠᠯ ᠳᠤ ᠬᠤᠲᠠ ᠶᠢᠨ ᠬᠠᠮᠢᠶ᠎ᠠ ᠪᠦᠬᠦᠢ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠪᠠᠭᠰᠢ | ᠠᠵᠢᠯᠲᠠᠨ ᠮᠣᠩᠭᠤᠯ ᠡᠬᠡ ᠬᠡᠯᠡᠨ ᠤ ᠣᠷᠴᠢᠨ ᠪᠠ ᠦᠭᠡᠰ ᠤᠨ ᠰᠠᠩ ᠢᠪᠴᠤᠷᠠᠵᠤ ᠪᠠᠶᠢᠬᠤ᠂ ᠬᠡᠦᠬᠡᠳ ᠢ ᠬᠡᠷᠬᠢᠨ | ᠮᠣᠩᠭᠤᠯ ᠢᠶᠠᠷ ᠬᠡᠯᠡ ᠳᠤ ᠣᠷᠤᠭᠤᠯᠬᠤ ᠲᠣᠬᠠᠢ᠂ ᠪᠠᠷᠢᠮᠵᠢᠶ᠎ᠠ ᠠᠪᠢᠶ᠎ᠠ ᠶᠢ ᠬᠡᠷᠬᠢᠨ ᠰᠠᠶᠢᠳᠤᠷ ᠰᠤᠷᠬᠤ ᠲᠣᠬᠠᠢ᠂ | ᠦᠩᠭᠡᠨ ᠬᠡᠷᠡᠭᠯᠡᠭᠡᠨ ᠤ ᠦᠰᠦᠭ ᠪᠢᠴᠢᠭ ᠢ ᠬᠡᠷᠬᠢᠨ ᠴᠡᠭᠴᠡᠯᠡᠨ ᠵᠠᠰᠠᠬᠤ ᠲᠣᠬᠠᠢ᠂ ᠮᠣᠩᠭᠤᠯ ᠣᠷᠴᠢᠭᠤᠯᠭ᠎ᠠ ᠶᠢ | ᠬᠡᠷᠬᠢᠨ ᠴᠢᠩᠭᠠᠳᠬᠠᠬᠤ ᠲᠣᠬᠠᠢ ᠵᠡᠷᠭᠡ ᠲᠠᠯ᠎ᠠ ᠪᠠᠷ ᠦᠪᠡᠷ ᠦᠪᠡᠷ ᠤᠨ ᠦᠵᠡᠯᠲᠡ ᠲᠠᠨᠢᠯᠲᠠ᠂ ᠰᠠᠨᠠᠯ | ᠳᠤᠷᠠᠳᠤᠯᠭ᠎ᠠ ᠪᠠᠨ ᠡᠷᠭᠦᠨ ᠬᠠᠯᠠᠭᠤᠨ ᠶᠠᠷᠢᠶ᠎ᠠ ᠳᠡᠯᠭᠡᠭᠰᠡᠨ ᠪᠠᠶᠢᠨ᠎ᠠ᠃ | ᠬᠤᠷᠠᠯ ᠳᠡᠭᠡᠷ᠎ᠡ ᠪᠠᠰᠠ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠬᠤᠲᠠ ᠶᠢᠨ ᠮᠣᠩᠭᠤᠯ | ᠦᠨᠳᠤᠰᠦᠲᠡᠨ ᠤ ᠰᠣᠶᠣᠯ ᠲᠡᠥᠭᠡ ᠶᠢ ᠬᠠᠮᠠᠭᠠᠯᠠᠨ ᠬᠦᠭᠵᠢᠭᠦᠯᠬᠦ ᠲᠦᠪ ᠤᠨ ᠠᠵᠢᠯᠲᠠᠳ ᠠᠴᠠ ᠬᠤᠷᠠᠯ ᠳᠤ | ᠣᠷᠤᠯᠴᠠᠭᠰᠠᠳ ᠲᠤ ᠮᠣᠩᠭᠤᠯ ᠨᠣᠮ ᠪᠡᠯᠡᠭᠯᠡᠵᠡᠢ᠃ | | ᠶᠤᠸᠠᠢ ᠶᠢᠨ ᠰᠢᠩ ᠰᠣᠷᠪᠤᠯᠵᠢᠯᠠᠨ ᠮᠡᠳᠡᠭᠡᠯᠡᠪᠡ | | | | | | | | | | | | | |