ᠪᠦᠬᠦ ᠣᠷᠤᠨ ᠤ ᠠᠩᠬᠠᠳᠤᠭᠠᠷ ᠬᠤᠭᠤᠴᠠᠭᠠᠨ ᠤ ︽ᠣᠩᠰᠢᠬᠤᠢ ᠶᠢᠨ ᠰᠤᠷᠲᠠᠯ ᠢ ᠬᠦᠲᠦᠯᠦᠨ᠂ ᠣᠩᠰᠢᠬᠤᠢ ᠶᠢᠨ ᠤᠷᠮ᠎ᠠ ᠶᠢ ᠬᠦᠭᠵᠢᠭᠡᠭᠦᠢ︾ ᠭᠤᠣᠯ ᠰᠡᠳᠤᠪᠲᠤ ︽ᠨᠣᠮ ᠲᠠᠢ ᠭᠡᠷ ᠪᠦᠯᠢ︾ ᠰᠢᠯᠭᠠᠷᠠᠭᠤᠯᠬᠤ ᠠᠵᠢᠯᠯᠠᠭᠠᠨ ᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2017/2/23
    ᠲᠦᠪ ᠤᠨ ︽ᠪᠦᠬᠦ ᠠᠷᠠᠳ ᠢᠶᠠᠷ ᠢᠶᠠᠨ ᠨᠣᠮ ᠣᠩᠰᠢᠵᠤ᠂ ᠨᠣᠮ ᠲᠠᠢ ᠨᠡᠶᠢᠭᠡᠮ ᠢ ᠴᠣᠭᠴᠠᠯᠠᠬᠤ︾ ᠱᠠᠭᠠᠷᠳᠠᠯᠭ᠎ᠠ ᠶᠢᠨ ᠳᠠᠭᠠᠥ ᠣᠯᠠᠨ ᠲᠦᠮᠡᠨ ᠤ ᠨᠣᠮ ᠣᠩᠰᠢᠬᠤ ᠬᠡᠪ ᠰᠤᠷᠲᠠᠯ ᠢ ᠪᠣᠢ ᠪᠣᠯᠭᠠᠵᠤ᠂ ᠨᠣᠮ ᠣᠩᠰᠢᠬᠤ ᠤᠷᠮ᠎ᠠ ᠪᠠᠬ᠎ᠠ ᠶᠢ ᠬᠦᠭᠵᠢᠭᠡᠵᠦ᠂ ᠨᠣᠮ ᠲᠠᠢ ᠨᠡᠶᠢᠭᠡᠮ ᠢ ᠴᠣᠭᠴᠠᠯᠠᠨ ᠪᠠᠶᠢᠭᠤᠯᠬᠤ ᠵᠣᠷᠢᠯᠭ᠎ᠠ ᠪᠠᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠨᠣᠮ ᠤᠨ ᠰᠠᠩ ᠤᠨ ᠨᠡᠶᠢᠭᠡᠮᠯᠢᠭ ᠪᠣᠯᠤᠨ ᠦᠪᠦᠷ ᠮᠣᠩᠭᠤᠯ ᠤᠨ ᠨᠣᠮ ᠤᠨ ᠰᠠᠩ ᠬᠠᠮᠲᠤᠷᠠᠨ ᠪᠦᠬᠦ ᠣᠷᠤᠨ ᠤ ᠬᠡᠪᠴᠢᠶᠡᠨ ᠳᠤ ︽ᠨᠣᠮ ᠲᠠᠢ ᠭᠡᠷ ᠪᠦᠯᠢ︾ ᠰᠢᠯᠭᠠᠷᠠᠭᠤᠯᠬᠤ ᠠᠵᠢᠯᠯᠠᠭᠠᠨ ᠦᠷᠨᠢᠭᠦᠯᠬᠦ ᠪᠠᠷ ᠪᠣᠢ᠃     ᠨᠠᠷᠢᠨ ᠪᠠᠶᠢᠳᠠᠯ ᠳᠣᠣᠷᠠᠬᠢ ᠮᠡᠲᠤ᠄     ᠨᠢᠭᠡ᠂ ᠭᠤᠣᠯᠯᠠᠨ ᠡᠷᠬᠢᠯᠡᠭᠰᠡᠨ ᠨᠢᠭᠡᠴᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠨᠣᠮ ᠤᠨ ᠰᠠᠩ ᠤᠨ ᠨᠡᠶᠢᠭᠡᠮᠯᠢᠭ᠂ ᠦᠪᠦᠷ ᠮᠣᠩᠭᠤᠯ ᠤᠨ ᠨᠣᠮ ᠤᠨ ᠰᠠᠩ     ᠬᠤᠶᠠᠷ᠂ ᠳᠠᠭᠠᠭᠠᠴᠢᠯᠠᠨ ᠡᠷᠬᠢᠯᠡᠭᠰᠡᠨ ᠨᠢᠭᠡᠴᠡ᠄ ᠡᠯ᠎ᠡ ᠠᠶᠢᠮᠠᠭ ᠬᠤᠲᠠ ᠶᠢᠨ ᠨᠣᠮ ᠤᠨ ᠰᠠᠩ᠂ ᠬᠤᠰᠢᠭᠤ ᠰᠢᠶᠠᠨ ᠤ ᠨᠣᠮ ᠤᠨ ᠰᠠᠩ᠂ ᠰᠤᠷᠭᠠᠭᠤᠯᠢ ᠶᠢᠨ ᠨᠣᠮ ᠤᠨ ᠰᠠᠩ     ᠭᠤᠷᠪᠠ᠂ ᠰᠢᠯᠭᠠᠷᠠᠭᠤᠯᠤᠯᠲᠠ ᠳᠤ ᠣᠷᠤᠯᠴᠠᠬᠤ ᠱᠠᠭᠠᠷᠳᠠᠯᠭ᠎ᠠ     1.ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠰᠠᠭᠤᠷᠢᠰᠢᠨ ᠰᠠᠭᠤᠭ᠎ᠠ ᠬᠠᠥᠯᠢ ᠶᠢ ᠵᠢᠷᠤᠮᠯᠠᠭᠰᠠᠨ᠂ ᠡᠶ᠎ᠡ ᠨᠠᠶᠢᠷᠲᠠᠢ᠂ ᠨᠣᠮ ᠳᠤ ᠪᠠᠭ᠋ᠠᠲᠠᠢ ᠪᠦᠬᠦᠶᠢᠯᠡ ᠭᠡᠷ ᠪᠦᠯᠢ ᠴᠦᠮ ᠨᠡᠷ᠎ᠡ ᠮᠡᠳᠡᠭᠦᠯᠵᠦ ᠪᠣᠯᠤᠨ᠎ᠠ᠃     2.ᠰᠢᠯᠭᠠᠷᠠᠭᠤᠯᠤᠯᠲᠠ ᠳᠤ ᠣᠷᠤᠯᠴᠠᠬᠤ ᠭᠡᠷ ᠪᠦᠯᠢ ᠳᠣᠣᠷᠠᠬᠢ ᠨᠦᠬᠦᠴᠡᠯ ᠠᠴᠠ ᠳᠤᠷ᠎ᠠ ᠶᠢᠨ ᠨᠢᠭᠡ ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃     ︵1︶ ᠭᠡᠷ ᠪᠦᠯᠢ ᠶᠢᠨ ᠬᠢᠨ ᠨᠣᠮ ᠣᠩᠰᠢᠬᠤ ᠳᠤᠷ᠎ᠠ ᠪᠠᠭ᠋ᠠᠲᠠᠢ ᠪᠠᠶᠢᠵᠤ᠂ ᠰᠡᠳᠭᠢᠯ ᠳᠣᠭᠳᠤᠯᠠᠭᠤᠯᠤᠭᠰᠠᠨ ︽ᠨᠣᠮ ᠣᠩᠰᠢᠭᠰᠠᠨ ᠦᠯᠢᠭᠡᠷ︾ ᠲᠠᠢ ᠪᠠᠶᠢᠵᠤ᠂ ᠡᠰᠡᠭᠦᠯ᠎ᠡ ᠨᠣᠮ ᠣᠩᠰᠢᠬᠤ ᠪᠠᠷ ᠳᠠᠮᠵᠢᠵᠤ ᠠᠮᠢᠳᠤᠷᠠᠯ ᠢᠶᠠᠨ ᠦᠭᠡᠳᠡᠯᠡᠭᠦᠯᠦᠭᠰᠡᠨ ᠵᠡᠷᠭᠡ ᠦᠯᠢᠭᠡᠷ ᠵᠢᠱᠢᠶ᠎ᠡ ᠲᠠᠢ ᠪᠠᠶᠢᠬᠤ᠃     ︵2︶ ᠭᠡᠷ ᠪᠦᠯᠢ ᠶᠢᠨ ᠬᠢᠨ ᠡᠯ᠎ᠡ ᠵᠤᠶᠢᠯ ᠤᠨ ᠨᠣᠮ ᠣᠩᠰᠢᠬᠤ ᠤᠶᠢᠯᠡ ᠠᠵᠢᠯᠯᠠᠭᠠᠨ ᠳᠤ ᠢᠳᠡᠪᠬᠢᠲᠡᠢ ᠣᠷᠤᠯᠴᠠᠭᠰᠠᠨ ᠪᠠᠶᠢᠬᠤ᠃     ︵3︶ ᠭᠡᠷ ᠪᠦᠯᠢ ᠶᠢᠨ ᠬᠢᠨ ᠨᠣᠮ ᠣᠩᠰᠢᠭᠰᠠᠨ ᠲᠡᠮᠲᠡᠭᠯᠡᠯ᠂ ᠨᠣᠮ ᠣᠩᠰᠢᠭᠰᠠᠨ ᠲᠦᠷᠦᠭᠳᠡᠯ᠂ ᠣᠩᠰᠢᠯᠭ᠎ᠠ ᠶᠢᠨ ᠲᠣᠬᠠᠢ ᠪᠦᠷᠭᠡ ᠲᠠᠢ ᠪᠠᠶᠢᠬᠤ᠃     ︵4︶ ᠭᠡᠷ ᠪᠦᠯᠢ ᠶᠢᠨ ᠬᠢᠨ ᠨᠣᠮ ᠬᠠᠳᠠᠭᠠᠯᠠᠬᠤ ᠳᠤᠷ᠎ᠠ ᠪᠠᠬ᠎ᠠ ᠲᠠᠢ ᠪᠠᠶᠢᠵᠤ᠂ ᠵᠣᠬᠢᠬᠤ ᠬᠡᠮᠵᠢᠶᠡᠨ ᠤ ᠨᠣᠮ ᠬᠠᠳᠠᠭᠠᠯᠠᠭᠰᠠᠨ ᠪᠠᠶᠢᠬᠤ᠃     ︵5︶ ᠨᠣᠮ ᠤᠨ ᠰᠠᠩ ᠤᠨ ᠵᠣᠬᠢᠶᠠᠨ ᠪᠠᠶᠢᠭᠤᠯᠤᠭᠰᠠᠨ ᠡᠯ᠎ᠡ  ᠵᠤᠶᠢᠯ ᠤᠨ ᠠᠵᠢᠯᠯᠠᠭᠠᠨ ᠳᠤ ᠢᠳᠡᠪᠬᠢᠲᠡᠢ ᠣᠷᠤᠯᠴᠠᠭᠰᠠᠨ ᠪᠠᠶᠢᠬᠤ᠃     ︵ᠨᠡᠷ᠎ᠡ ᠮᠡᠳᠡᠭᠦᠯᠬᠦ ᠳᠡᠭᠡᠨ ᠬᠠᠳᠠᠭᠠᠯᠠᠵᠤ ᠪᠠᠶᠢᠬᠤ ᠨᠣᠮ ᠤᠨ ᠲᠣᠬᠠᠢ ᠵᠢᠷᠤᠭ ᠰᠡᠭᠦᠳᠡᠷ ᠪᠣᠶᠣ ᠪᠣᠰᠤᠳ ᠵᠤᠶᠢᠯ ᠤᠨ ᠰᠢᠩᠭᠡᠭᠡᠯᠲᠡ ᠪᠠᠨ ᠦᠭᠬᠦ ᠬᠡᠷᠡᠭᠲᠡᠢ︶     ᠳᠥᠷᠪᠡ᠂ ᠨᠡᠷ᠎ᠡ ᠮᠡᠳᠡᠭᠦᠯᠬᠦ ᠴᠠᠭ᠄     2017 ᠣᠨ ᠤ 3 ᠰᠠᠷ᠎ᠠ ᠶᠢᠨ 7 ᠪᠣᠯᠲᠠᠯ᠎ᠠ᠃     ᠲᠠᠪᠤ᠂ ᠰᠢᠯᠭᠠᠷᠠᠭᠤᠯᠬᠤ ᠭᠡᠷ ᠪᠦᠯᠢ ᠶᠢᠨ ᠲᠤᠭ᠎ᠠ᠄     ᠤᠯᠠᠭᠠᠨᠬᠠᠳᠠ ᠬᠤᠲᠠ ᠶᠢᠨ ᠨᠣᠮ ᠤᠨ ᠰᠠᠩ 10 ᠰᠣᠳᠤᠨ ᠭᠡᠷ ᠪᠦᠯᠢ ᠶᠢ ᠰᠢᠯᠭᠠᠷᠠᠭᠤᠯᠵᠤ᠂ ᠪᠦᠬᠦ ᠣᠷᠤᠨ  ᠤ ᠰᠢᠯᠭᠠᠷᠠᠭᠤᠯᠤᠯᠲᠠ ᠳᠤ ᠣᠷᠤᠯᠴᠠᠭᠤᠯᠤᠨ᠎ᠠ᠃     ᠵᠢᠷᠭᠤᠭ᠎ᠠ᠂ ᠨᠡᠷ᠎ᠡ ᠮᠡᠳᠡᠭᠦᠯᠬᠦ ᠠᠷᠭ᠎ᠠ᠄     1. ᠤᠯᠠᠭᠠᠨᠬᠠᠳᠠ ᠬᠤᠲᠠ ᠲᠣᠭᠤᠷᠢᠭ ᠤᠨ ᠨᠡᠷ᠎ᠡ ᠮᠡᠳᠡᠭᠦᠯᠦᠭᠰᠡᠳ ᠦᠪᠡᠷ ᠤᠨ ᠭᠡᠷ ᠪᠦᠯᠢ ᠶᠢᠨ ᠲᠣᠬᠠᠢ ᠲᠣᠪᠴᠢ ᠨᠠᠮᠳᠠᠷ ︵500-1000 ᠦᠰᠦᠭ︶᠂ ᠵᠢᠷᠤᠭ ᠰᠡᠭᠦᠳᠡᠷ᠂ ᠰᠢᠩᠭᠡᠭᠡᠯᠲᠡ ᠪᠠᠨ 670946770@qq.com ᠤᠷᠤᠭᠤ ᠶᠠᠪᠤᠭᠤᠯᠤᠭᠠᠷᠠᠢ᠃ ᠭᠡᠷ ᠪᠦᠯᠢ ᠶᠢᠨ ᠲᠣᠪᠴᠢ ᠨᠠᠮᠳᠠᠷ ᠲᠤ ᠭᠡᠷ ᠪᠦᠯᠢ ᠶᠢᠨ ᠬᠢᠨ ᠤ ᠣᠪᠤᠭ ᠨᠡᠷ᠎ᠡ᠂ ᠬᠠᠷᠢᠯᠴᠠᠬᠤ ᠤᠲᠠᠰᠤ᠂ ᠬᠠᠶ᠋ᠢᠭ᠂ ᠰᠢᠥᠳᠠᠨ ᠨᠣᠮᠧᠷ᠂ ᠳᠡᠭᠡᠷ᠎ᠡ ᠳᠤᠷᠠᠳᠤᠭᠰᠠᠨ ᠪᠣᠰᠤᠳ ᠱᠠᠭᠠᠷᠳᠠᠯᠭ᠎ᠠ ᠵᠡᠷᠭᠡ ᠶᠢ ᠪᠠᠭᠲᠠᠭᠠᠨ᠎ᠠ᠃     2.ᠡᠯ᠎ᠡ ᠬᠤᠰᠢᠭᠤ ᠰᠢᠶᠠᠨ ᠤ ᠬᠢᠨ ᠲᠣᠬᠠᠢ ᠶᠢᠨ ᠭᠠᠵᠠᠷ ᠤᠨ ᠨᠣᠮ ᠤᠨ ᠰᠠᠩ ᠳᠠᠭᠠᠨ ᠮᠡᠳᠡᠭᠦᠯᠦᠭᠡᠷᠡᠢ᠃     3.ᠬᠠᠷᠢᠯᠴᠠᠬᠤ ᠤᠲᠠᠰᠤ᠄     ︵1︶ ᠤᠯᠠᠭᠠᠨᠬᠠᠳᠠ ᠬᠤᠲᠠ ᠶᠢᠨ ᠨᠣᠮ ᠤᠨ ᠰᠠᠩ — ᠢᠳᠡᠮᠪᠠᠶᠠᠷ 158 4897 9757     ︵2︶ ᠬᠡᠰᠢᠭᠲᠡᠨ ᠬᠤᠰᠢᠭᠤ — ᠨᠠᠷᠠᠰᠤ 150 4993 9355     ︵3︶ ᠣᠩᠨᠢᠭᠤᠳ ᠬᠤᠰᠢᠭᠤ — ᠪᠣᠥ ᠶᠦᠩ ᠴᠢᠤᠸᠠᠨ 139 4768 7205     ︵4︶ ᠪᠠᠭᠠᠷᠢᠨ ᠪᠠᠷᠠᠭᠤᠨ ᠬᠤᠰᠢᠭᠤ —  ᠳᠣᠷᠤᠨ᠎ᠠ 139 4886 0725     ︵5︶ ᠠᠷᠤ ᠬᠤᠷᠴᠢᠨ ᠬᠤᠰᠢᠭᠤ — ᠣᠶᠤᠨᠭᠡᠷᠡᠯ 138 4765 8473     ᠪᠣᠰᠤᠳ ᠬᠤᠰᠢᠭᠤ ᠰᠢᠶᠠᠨ ᠤ ᠮᠣᠩᠭᠤᠯ ᠣᠷᠤᠯᠴᠠᠭᠴᠢ ᠰᠢᠭᠤᠳ ᠤᠯᠠᠭᠠᠨᠬᠠᠳᠠ ᠬᠤᠲᠠ ᠶᠢᠨ ᠨᠣᠮ ᠤᠨ ᠰᠠᠩ ᠳᠤ ᠨᠡᠷ᠎ᠡ ᠮᠡᠳᠡᠭᠦᠯᠬᠦ ᠪᠣᠯᠪᠠᠣ︕                ᠤᠯᠠᠭᠠᠨᠬᠠᠳᠠ ᠬᠤᠲᠠ ᠶᠢᠨ ᠨᠣᠮ ᠤᠨ ᠰᠠᠩ               2017 ᠣᠨ ᠤ 2 ᠰᠠᠷ᠎ᠠ ᠶᠢᠨ 22 ᠤᠨ ᠡᠳᠦᠷ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号