2017 ᠣᠨ ᠤ ᠵᠠᠰᠠᠭ ᠤᠨ ᠤᠷᠳᠤᠨ ᠤ ᠠᠵᠢᠯ ᠤᠨ ᠮᠠᠳᠠᠬᠦᠯᠦᠯᠳᠠ | | 2017 ᠤᠨ ᠤ 2 ᠰᠠᠷ᠎ᠠ ᠶᠢᠨ 8 ᠤ ᠡᠳᠦᠷ ᠤᠩᠨᠢᠭᠤᠳ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ | ᠤ ᠬᠤᠷᠠᠯᠳᠤᠭᠠᠨ ᠲᠠᠭᠡᠷ᠎ᠡ | | ᠬᠤᠰᠢᠭᠤᠨ ᠲᠠᠷᠤᠭ᠎ᠠ ᠹᠠᠩ ᠷᠦᠢ | | | ᠲᠦᠯᠦᠭᠡᠯᠡᠭᠴᠢᠳ ᠡ᠄ | ᠤᠳᠤ ᠪᠢ ᠬᠤᠰᠢᠭᠤᠨ ᠵᠠᠰᠠᠭ ᠤᠨ ᠤᠷᠳᠤᠨ ᠢ ᠲᠦᠯᠦᠭᠡᠯᠡᠵᠤ ᠶᠡᠭᠡ ᠬᠤᠷᠠᠯ ᠳᠤ ᠠᠵᠢᠯ ᠤᠨ ᠮᠠᠳᠠᠬᠦᠯᠦᠯᠳᠠ | ᠬᠢᠶ᠎ᠠ᠂ ᠬᠢᠨᠠᠨ ᠵᠦᠪᠯᠠᠬᠦ ᠪᠤᠯᠪᠠᠤ᠂ ᠤᠯᠤᠰ ᠲᠦᠷᠦ ᠶᠢᠨ ᠵᠦᠪᠯᠠᠯᠭᠡᠨ ᠤ ᠬᠡᠰᠢᠬᠦᠨ ᠪᠠ ᠰᠤᠯᠠ ᠤᠷᠤᠯᠴᠠᠬᠰᠠᠨ | ᠨᠦᠬᠦᠳ ᠰᠠᠨᠠᠯ ᠢᠶᠠᠨ ᠲᠤᠷᠠᠳᠬᠤ ᠪᠤᠯᠪᠠᠤ᠃ | 2016 ᠤᠨ ᠤ ᠠᠵᠢᠯ ᠤᠨ ᠡᠷᠬᠢᠴᠠᠬᠦᠯᠦᠯ | ᠦᠩᠭᠡᠷᠡᠭᠰᠡᠨ ᠨᠢᠭᠡ ᠵᠢᠯ ᠳᠤ᠂ ᠨᠠᠷᠢᠨ ᠪᠤᠳᠤᠯᠢᠶᠠᠨᠳᠠᠢ ᠠᠵᠤ ᠠᠬᠤᠢ ᠶᠢᠨ ᠪᠠᠶᠢᠳᠠᠯ ᠪᠠ ᠬᠠᠳᠠᠭᠤ ᠪᠠᠷᠭᠡ | ᠬᠦᠭᠵᠢᠯᠳᠠ ᠶᠢᠨ ᠡᠬᠦᠷᠭᠡ ᠳᠤ ᠬᠠᠨᠳᠤᠵᠤ᠂ ᠬᠤᠰᠢᠭᠤᠨ ᠵᠠᠰᠠᠭ ᠤᠨ ᠤᠷᠳᠤᠨ ᠨᠢ ᠬᠤᠰᠢᠭᠤᠨ ᠤ ᠨᠠᠮ ᠤᠨ | ᠬᠤᠷᠢᠶ᠎ᠠ ᠶᠢᠨ ᠡᠷᠠᠰ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ᠂ ᠬᠤᠰᠢᠭᠤᠨ ᠤ ᠤᠯᠤᠰ ᠲᠦᠷᠦ ᠶᠢᠨ ᠵᠦᠪᠯᠠᠯᠭᠡᠨ ᠤ ᠬᠢᠨᠠᠯᠳᠠ ᠲᠠᠮᠵᠢᠯᠭᠡ ᠲᠤᠤᠷ᠎ᠠ᠂ ᠪᠦᠬᠦ ᠬᠤᠰᠢᠭᠤᠨ ᠤ | ᠡᠯ᠎ᠡ ᠦᠨᠳᠤᠰᠤᠳᠠᠨ ᠤ ᠠᠷᠠᠳ ᠲᠦᠮᠠᠨ ᠳᠤ ᠨᠢᠬᠳᠠ ᠲᠦᠰᠢᠭᠯᠡᠵᠤ᠂ ᠰᠢᠨ᠎ᠠ ᠬᠡᠪ ᠪᠠᠶᠢᠳᠠᠯ ᠳᠤ ᠬᠦᠳᠠᠯᠤᠩᠬᠦᠢ ᠪᠠᠷ | ᠵᠤᠬᠢᠴᠠᠯᠳᠤᠨ᠂ ᠰᠢᠨ᠎ᠠ ᠬᠤᠪᠢᠷᠠᠯᠳᠠ ᠶᠢ ᠢᠳᠡᠪᠬᠢᠳᠠᠢ ᠪᠠᠷ ᠠᠷᠭᠠᠴᠠᠭᠠᠨ᠂ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ | ᠠᠴᠠ ᠲᠤᠬᠳᠠᠭᠠᠬᠰᠠᠨ ᠭᠤᠤᠯ ᠡᠬᠦᠷᠭᠡ ᠬᠠᠷᠠᠯᠳᠠ ᠶᠢ ᠨᠠᠯᠢᠶᠠᠳ ᠰᠠᠶᠢᠨ ᠪᠠᠶᠠᠯᠠᠬᠦᠯᠵᠤ᠂ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠰᠢᠯᠢᠳᠡᠭ ᠰᠠᠶᠢᠨ ᠡᠬᠢᠯᠠᠯᠳᠠ ᠶᠢ ᠪᠠᠶᠠᠯᠠᠬᠦᠯᠦᠭᠰᠡᠨ ᠪᠠᠶᠢᠨ᠎ᠠ᠃ ᠤᠷᠤᠨ ᠨᠤᠳᠤᠭ ᠤᠨ | ᠤᠶᠢᠯᠠᠳᠪᠤᠷᠢᠯᠠᠯ ᠤᠨ ᠶᠠᠷᠦᠩᠭᠡᠢ ᠦᠷᠳᠡᠭ 154 ᠳ᠋ᠦᠩᠰᠢᠭᠤᠷ ᠲᠦᠬᠦᠷᠢᠭ᠂ 6.7% ᠪᠠᠷ ᠨᠡᠮᠡᠭᠳᠡᠵᠠᠢ᠃ ᠨᠠᠶᠢᠳᠠ | ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 4.69 ᠳ᠋ᠦᠩᠰᠢᠭᠤᠷ ᠲᠦᠬᠦᠷᠢᠭ᠂ 12% ᠪᠠᠷ ᠨᠠᠮᠡᠭᠳᠡᠵᠠᠢ᠃ | ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ 34.8 ᠳ᠋ᠦᠩᠰᠢᠭᠤᠷ ᠲᠦᠬᠦᠷᠢᠭ᠂ 7% ᠪᠠᠷ ᠨᠡᠮᠡᠭᠳᠡᠵᠠᠢ᠃ | ᠨᠠᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠬᠤ ᠨᠤᠷᠮ᠎ᠠ 44.3 ᠳ᠋ᠦᠩᠰᠢᠭᠤᠷ ᠲᠦᠬᠦᠷᠢᠭ᠂ 9. | 8% ᠢᠶᠠᠷ ᠨᠡᠮᠡᠭᠳᠡᠵᠠᠢ᠃ ᠲᠤᠬᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ 115.6 ᠳ᠋ᠦᠩᠰᠢᠭᠤᠷ ᠲᠦᠬᠦᠷᠢᠭ᠂ | 14.1% ᠪᠠᠷ ᠨᠡᠮᠡᠭᠳᠡᠵᠠᠢ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ | ᠲᠤᠮᠳᠠᠴᠢ ᠶᠢᠨ ᠡᠵᠡᠮᠳᠠᠵᠤ ᠪᠤᠯᠬᠤ ᠤᠷᠤᠯᠭ᠎ᠠ 23987 ᠲᠦᠬᠦᠷᠢᠭ ᠪᠠ 8680 ᠲᠦᠬᠦᠷᠢᠭ᠂ ᠲᠤᠰᠪᠤᠷᠢ 8. | 2% ᠪᠠ 7.8% ᠪᠠᠷ ᠨᠡᠮᠡᠭᠳᠡᠵᠠᠢ᠃ ᠲᠦᠪ᠂ ᠦᠪᠠᠷᠳᠡᠭᠡᠨ ᠵᠠᠰᠠᠬᠤ ᠤᠷᠤᠨ ᠤ ᠲᠦᠰᠦᠪ ᠤᠨ ᠲᠤᠳᠤᠨᠠᠬᠢ ᠪᠠᠯᠠ | ᠮᠦᠩᠬᠦ 7 ᠳ᠋ᠦᠩᠰᠢᠭᠤᠷ ᠲᠦᠬᠦᠷᠢᠭ ᠢ ᠲᠠᠮᠠᠴᠠᠨ ᠤᠯᠵᠤ᠂ 17% ᠪᠠᠷ ᠨᠡᠮᠡᠭᠳᠡᠵᠠᠢ᠃ | ᠠᠵᠤ ᠤᠶᠢᠯᠠᠳᠪᠤᠷᠢ ᠶᠢᠨ ᠠᠵᠤ ᠠᠬᠤᠢ ᠶᠢᠨ ᠶᠠᠰᠤ ᠴᠢᠨᠠᠷ ᠦᠷ᠎ᠠ ᠠᠰᠢᠭ ᠯᠠᠪᠳᠠᠭᠤᠨ ᠢᠶᠠᠷ ᠲᠠᠭᠡᠭᠰᠢᠯᠠᠪᠠ᠃ | ᠪᠦᠬᠦ ᠵᠢᠯ ᠳᠤ 3000 ᠲᠦᠮᠠᠨ ᠲᠦᠬᠦᠷᠢᠭ ᠠᠴᠠ ᠲᠠᠭᠡᠭᠰᠢ ᠭᠤᠤᠯᠳᠠᠯᠭ᠎ᠠ ᠲᠠᠢ ᠠᠵᠤ ᠤᠶᠢᠯᠠᠳᠪᠤᠷᠢ ᠶᠢᠨ | ᠲᠦᠷᠦᠯ ᠵᠦᠢᠯ 18 ᠪᠠᠶᠢᠵᠤ᠂ 39.2 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠤᠯᠳᠠ ᠶᠢ ᠪᠠᠶᠠᠯᠠᠬᠦᠯᠵᠠᠢ᠃ | ᠯᠢᠩ ᡁᠢ ᠹᠠ ᠮᠦ᠋ ᠹᠦ᠋ ᠷᠦᠢ ᠲᠦᠷᠭᠡᠨ ᠬᠦᠯᠳᠠᠭᠡᠬᠦ ᠲᠦᠮᠦᠰᠦᠨ ᠵᠦᠰᠦᠮ ᠪᠤᠯᠪᠠᠰᠤᠷᠠᠭᠤᠯᠬᠤ ᠦᠢᠯᠠᠳᠪᠤᠷᠢᠯᠠᠯ᠂ | ᠡᠾᠧᠩ ᠳ᠋ᠦ᠋ ᠦᠭᠡᠷ ᠤᠨ ᠤᠶᠢᠯᠠᠰ ᠤᠨ ᠠᠯᠠᠰᠢᠨ ᠦᠭᠡᠷ ᠢ ᠠᠯᠠᠵᠤ ᠪᠤᠯᠪᠠᠰᠤᠷᠠᠭᠤᠯᠬᠤ ᠲᠦᠷᠦᠯ ᠵᠦᠢᠯ᠂ ᠮᠤ᠋ | ᠶᠤᠸᠠᠨ ᠢᠳᠡᠭᠡᠨ ᠪᠠ ᠪᠤᠷᠳᠤᠭ᠎ᠠ ᠪᠤᠯᠪᠠᠰᠤᠷᠠᠭᠤᠯᠬᠤ ᠲᠦᠷᠦᠯ ᠵᠦᠢᠯ᠂ ᠮᠧᠩ ᠳ᠋ᠦ᠋ ᠡᠬᠦᠯᠠᠨ ᠪᠤᠳᠤᠯᠳᠠ O2O | ᠬᠦᠯᠳᠡᠭᠡᠭᠰᠡᠨ ᠬᠡᠯᠬᠢᠶᠠᠵᠢᠮᠠᠯ ᠪᠤᠳᠠᠰ ᠤᠨ ᠬᠦᠢᠯᠭᠡᠭᠡ᠂ ᠲᠢᠶᠠᠨ ᠷᠦᠨ ᠡᠾᠧ ᠫᠢᠩ ᠢᠩᠽᠢ᠂ ᠬᠤᠸᠠ ᠳ᠋ᠢᠶᠠᠨ ᠭᠤᠤ | ᠵᠢᠶᠠ ᠯᠢᠶᠠᠩ᠂ ᠵᠦᠩ ᠰᠢᠨ ᠯᠢᠶᠠᠨ ᠢ ᠰᠠᠯᠬᠢᠨ ᠴᠠᠬᠢᠯᠭᠠᠨ ᠵᠠᠷᠭᠡ ᠲᠦᠷᠦᠯ ᠵᠦᠢᠯ ᠢ ᠲᠦᠷᠭᠡᠨ ᠪᠦᠳᠦᠭᠡᠨ | ᠪᠠᠶᠢᠭᠤᠯᠪᠠ᠃ ᠵᠦᠩ ᠯᠢᠶᠠᠩ ᠪᠤᠷᠳᠤᠭᠤᠷ ᠪᠤᠯᠪᠠᠰᠤᠷᠠᠭᠤᠯᠬᠤ᠂ ᠮᠢ ᠴᠤᠸᠠᠨ ᠡᠯᠳᠡᠪ ᠠᠮᠤ ᠪᠤᠷᠴᠠᠭ | ᠪᠤᠯᠪᠠᠰᠤᠷᠠᠭᠤᠯᠬᠤ᠂ ᠶᠤᠸᠠᠨ ᠢ ᠠᠮᠢᠳᠤ ᠪᠤᠳᠠᠰ ᠤᠨ ᠰᠢᠳᠠᠮᠠᠬᠠᠢ ᠬᠡᠢ ᠶᠢᠨ ᠤᠶᠢᠯᠠᠳᠪᠤᠷᠢᠯᠠᠯ᠂ ᠮᠤ᠋ ᠡᠾᠧ ᠤᠰᠤ | ᠠᠷᠪᠢᠯᠠᠵᠤ ᠲᠤᠰᠤᠯᠠᠭᠤᠯᠤᠨ ᠤᠰᠤᠯᠠᠬᠤ ᠮᠠᠰᠢᠨ ᠤᠶᠢᠯᠠᠳᠪᠤᠷᠢᠯᠠᠬᠦ᠂ ᠴᠧᠩ ᠰᠢᠨ ᠠᠭᠤᠷᠬᠠᠢ ᠶᠢᠨ ᠤᠶᠢᠯᠠᠰ ᠤᠨ | ᠴᠠᠶᠢᠷ ᠲᠤᠭᠤᠯᠠᠭ᠎ᠠ ᠰᠢᠯᠢᠬᠦ ᠦᠷᠭᠡᠳᠭᠡᠨ ᠪᠦᠳᠦᠭᠡᠨ ᠪᠠᠶᠢᠭᠤᠯᠤᠯᠳᠠ ᠵᠠᠷᠭᠡ ᠲᠦᠷᠦᠯ ᠵᠦᠢᠯ ᠢ ᠪᠠᠶᠢᠭᠤᠯᠵᠤ | ᠪᠠᠷᠠᠭᠠᠳ ᠠᠰᠢᠬᠯᠠᠯᠳᠠ ᠳᠤ ᠤᠷᠤᠪᠠ᠃ ᠯᠢ ᠡᠸᠤ ᠪᠤᠬᠢᠷᠳᠤᠯ ᠠᠴᠠ ᠰᠡᠷᠭᠡᠶᠢᠯᠠᠬᠦ ᠲᠦᠬᠦᠭᠡᠷᠦᠮᠵᠢ ᠶᠢᠨ | ᠤᠶᠢᠯᠠᠳᠪᠤᠷᠢᠯᠠᠯ᠂ ᠴᠢᠩ ᠶᠦᠨ ᠶᠠᠩ ᠭᠤᠸᠠᠩ ᠬᠡᠷᠡᠯ ᠢᠯᠴᠢ ᠪᠠᠷ ᠴᠠᠬᠢᠯᠭᠠᠨ ᠭᠠᠷᠭᠠᠬᠤ ᠵᠠᠷᠭᠡ ᠲᠦᠷᠦᠯ ᠵᠦᠢᠯ ᠢ | ᠬᠡᠷ᠎ᠡ ᠲᠤᠬᠳᠠᠪᠠ᠃ ᠲᠠᠢ ᠱᠧᠩ ᠺᠤᠮᠫᠠᠨᠢ ᠶᠢ ᠲᠠᠬᠢᠨ ᠪᠠᠶᠢᠭᠤᠯᠬᠤ ᠱᠤᠸᠠᠩ ᠴᠧᠩ ᠬᠦᠨᠳᠤ ᠤᠶᠢᠯᠠᠳᠪᠤᠷᠢ ᠶᠢᠨ | ᠤᠶᠢᠯᠠᠳᠪᠤᠷᠢᠯᠠᠯ ᠢ ᠰᠠᠷᠭᠦᠭᠡᠬᠦ᠂ ᠶᠦᠩ ᠨᠦᠸᠧ ᠲᠤᠨᠤᠭ ᠲᠦᠬᠦᠭᠡᠷᠦᠮᠵᠢ ᠶᠢ ᠲᠠᠬᠢᠨ ᠪᠠᠶᠢᠭᠤᠯᠬᠤ ᠠᠵᠢᠯ ᠢ | ᠪᠠᠷᠠᠭᠠᠪᠠ᠃ ᠠᠨ ᠴᠢ ᠢᠰᠭᠡᠬᠦᠷ᠂ ᠮᠧᠩ ᠳ᠋ᠦ᠋ ᠬᠤᠨᠢᠨ ᠤ ᠤᠶᠢᠯᠠᠰ᠂ ᠯᠢᠩ ᡁᠢ ᠲᠦᠮᠦᠰᠤ᠂ ᠭᠤᠸᠠᠩ ᠶᠤᠸᠠᠨ | ᠴᠠᠬᠢᠯᠭᠠᠨ ᠬᠦᠴᠦᠨ ᠵᠠᠷᠭᠡ ᠠᠵᠤ ᠠᠬᠤᠶᠢᠯᠠᠯ ᠤᠨ ᠡᠷᠬᠢᠯᠳᠠ ᠲᠤᠬᠳᠠᠭᠤᠨ ᠪᠤᠯᠪᠠ᠃ ᠢᠥᠢ ᠯᠦᠩ ᠠᠵᠤ | ᠤᠶᠢᠯᠠᠳᠪᠤᠷᠢᠯᠠᠯ ᠤᠨ ᠲᠤᠭᠤᠷᠢᠭ ᠨᠢ 1.8 ᠳ᠋ᠦᠩᠰᠢᠭᠤᠷ ᠲᠦᠬᠦᠷᠢᠭ ᠤᠨ ᠭᠠᠶᠢᠯᠢ ᠬᠤᠷᠢᠶᠠᠬᠤ ᠶᠢ ᠪᠠᠶᠠᠯᠠᠬᠦᠯᠵᠤ᠂ | 2015 ᠤᠨ ᠤ 2 ᠲᠠᠬᠢᠨ᠃ | ᠮᠠᠯ ᠠᠵᠤ ᠠᠬᠤᠢ ᠲᠠᠷᠢᠶᠠᠯᠠᠩ ᠤᠨ ᠤᠶᠢᠯᠠᠳᠪᠤᠷᠢᠯᠠᠯ ᠠᠵᠤ ᠤᠶᠢᠯᠠᠰᠵᠢᠯᠳᠠ ᠶᠢᠨ ᠠᠬᠢᠴᠠ ᠶᠢ ᠲᠦᠷᠭᠡᠳᠭᠡᠪᠠ | ᠃ ︽3661︾ ᠢᠨᠵᠧᠨᠧᠷᠢᠭ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠢᠳᠡᠰᠢᠨ | ᠨᠤᠭᠤᠭ᠎ᠠ ᠲᠠᠷᠢᠬᠤ ᠲᠠᠯᠠᠪᠠᠢ 30 ᠲᠦᠮᠠᠨ ᠮᠤ᠋᠂ ᠰᠢᠬᠢᠷ ᠯᠤᠤᠪᠠᠩ 11.5 ᠲᠦᠮᠠᠨ ᠮᠤ᠋᠂ ᠲᠦᠮᠦᠰᠤ 30 ᠲᠦᠮᠠᠨ | ᠮᠤ᠋᠂ ᠨᠤᠭᠤᠭᠠᠨ ᠢᠶᠠᠷ ᠲᠠᠷᠤᠰᠢᠭᠤᠯᠬᠤ ᠡᠷᠳᠡᠨᠢ ᠰᠢᠰᠢ 10 ᠲᠦᠮᠠᠨ ᠮᠤ᠋᠂ ᠰᠢᠯᠢᠳᠡᠭ ᠴᠢᠨᠠᠷ ᠤᠨ ᠬᠦᠷᠠᠩ | ᠴᠠᠷᠭᠠᠰᠤ 3.6 ᠲᠦᠮᠠᠨ ᠮᠤ᠋᠂ ᠵᠢᠯ ᠤᠨ ᠦᠭᠡᠷ ᠤᠨ ᠭᠠᠷᠭᠠᠯᠳᠠ 17 ᠲᠦᠮᠠᠨ ᠲᠤᠯᠤᠭᠠᠢ᠂ ᠠᠯᠠᠰᠢᠨ ᠬᠤᠨᠢ | 120 ᠲᠦᠮᠠᠨ ᠲᠤᠯᠤᠭᠠᠢ᠂ ᠭᠠᠭ᠋ᠠᠢ 70 ᠲᠦᠮᠠ᠂ ᠠᠮᠤ ᠪᠤᠳᠠᠭᠠᠨ ᠤ ᠶᠠᠷᠦᠩᠭᠡᠢ ᠤᠨᠠᠯᠳᠠ 25 ᠳ᠋ᠦᠩᠰᠢᠭᠤᠷ | ᠵᠢᠩ ᠬᠦᠷᠪᠠ᠃ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ 40᠂ ᠲᠠᠷᠢᠵᠤ ᠲᠠᠵᠢᠭᠡᠬᠦ ᠶᠡᠭᠡ ᠡᠷᠦᠭᠡ ᠪᠠ ᠬᠡᠷ | ᠪᠦᠯᠢ ᠶᠢᠨ ᠮᠠᠯ ᠲᠠᠷᠢᠶᠠᠯᠠᠩ ᠤᠨ ᠲᠠᠯᠠᠪᠠᠢ 43 ᠶᠢ ᠲᠠᠮᠵᠢᠵᠤ᠂ ᠮᠠᠯᠴᠢᠨ ᠲᠠᠷᠢᠶᠠᠴᠢᠨ ᠤ ᠬᠤᠷᠰᠢᠬᠰᠠᠨ ᠵᠤᠬᠢᠶᠠᠨ | ᠪᠠᠶᠢᠭᠤᠯᠤᠯᠳᠠ ᠶᠢᠨ ᠪᠦᠷᠬᠦᠴᠠ ᠶᠢᠨ ᠨᠤᠷᠮ᠎ᠠ 63.6%᠂ ᠭᠠᠵᠠᠷ ᠰᠢᠷᠦᠢ ᠶᠢᠨ ᠰᠢᠯᠵᠢᠯᠳᠠ ᠶᠢᠨ ᠨᠤᠷᠮ᠎ᠠ 29. | 7%᠃ ᠵᠦᠩ ᠯᠢᠶᠠᠩ ᠪᠦᠯᠦᠭᠯᠠᠯ ᠤᠨ ᠭᠠᠭ᠋ᠠᠢ ᠶᠢᠨ ᠭᠠᠷᠭᠠᠯᠳᠠ 25 ᠲᠦᠮᠠᠨ ᠲᠤᠯᠤᠭᠠᠢ᠂ ᠡᠾᠧᠩ ᠳ᠋ᠦ᠋ ᠦᠭᠡᠷ | ᠤᠨ ᠤᠶᠢᠯᠠᠰ ᠤᠨ ᠪᠤᠷᠳᠤᠭᠠᠨ ᠦᠭᠡᠷ ᠤᠨ ᠭᠠᠷᠭᠠᠯᠳᠠ 1.2 ᠲᠦᠮᠠᠨ ᠲᠤᠯᠤᠭᠠᠢ᠂ ᠮᠦ᠋ ᠶᠤᠸᠠᠨ ᠭᠠᠭ᠋ᠠᠢ ᠲᠠᠵᠢᠭᠡᠬᠦ | ᠨᠢᠭᠡᠳᠦᠭᠡᠷ ᠬᠤᠪᠢᠶᠠᠷᠢ ᠲᠠᠯᠠᠪᠠᠢ ᠶᠢᠨ ᠬᠡᠰᠡᠭ ᠪᠦᠯᠦᠭ ᠨᠢ ᠤᠶᠢᠯᠠᠳᠪᠤᠷᠢᠯᠠᠯ ᠳᠤ ᠤᠷᠤᠪᠠ᠃ ᠵᠧᠩ ᠪᠠᠩ ᠪᠦᠯᠦᠭᠯᠠᠯ | ᠤᠨ 200 ᠲᠦᠮᠠᠨ ᠭᠠᠭ᠋ᠠᠢ ᠲᠠᠵᠢᠭᠡᠬᠦ ᠲᠦᠷᠦᠯ ᠵᠦᠢᠯ ᠬᠡᠷ᠎ᠡ ᠲᠤᠬᠳᠠᠪᠠ᠃ ᠤᠩᠨᠢᠭᠤᠳ ᠤᠨ ᠨᠠᠷᠢᠮᠤ ᠪᠤᠳᠠᠭ᠎ᠠ᠂ | ᠤᠩᠨᠢᠭᠤᠳ ᠤᠨ ᠨᠠᠷᠠᠨ ᠬᠤᠸᠠᠷ ᠨᠢ ᠤᠯᠤᠰ ᠤᠨ ᠭᠠᠵᠠᠷ ᠵᠦᠢ ᠶᠢᠨ ᠰᠢᠨᠵᠢ ᠲᠠᠮᠳᠡᠭ ᠢ ᠲᠤᠳᠤᠷᠬᠠᠶᠢᠯᠠᠬᠰᠠᠨ | ᠲᠠᠸᠠᠷ ᠤᠨ ᠲᠠᠮᠳᠡᠭ ᠤᠨ ᠦᠪᠠᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠶᠢ ᠲᠠᠮᠵᠢᠪᠠ᠂ ᠰᠠᠨ ᠯᠢᠥᠢ | ᠺᠤᠮᠫᠠᠨᠢ ᠶᠢᠨ ︽ᠯᠢᠥᠢ ᡁᠢ ᠹᠠᠩ︾ ᠨᠢ ︽ᠦᠪᠠᠷᠳᠡᠭᠡᠨ ᠵᠠᠰᠠᠬᠤ ᠤᠷᠤᠨ ᠤ ᠨᠠᠷᠠᠳᠤ ᠲᠠᠮᠳᠡᠭ︾ ᠢ ᠬᠦᠷᠳᠡᠪᠠ᠃ | ᠪᠦᠬᠦ ᠬᠤᠰᠢᠭᠤᠨ ᠤ ᠰᠢᠯᠢᠳᠡᠭ ᠮᠠᠯ ᠲᠠᠷᠢᠶᠠᠯᠠᠩ ᠤᠨ ᠪᠦᠳᠦᠭᠡᠭᠳᠡᠬᠦᠨ ᠢ ᠭᠠᠵᠠᠷ ᠲᠤᠨᠢ ᠬᠤᠪᠢᠷᠠᠭᠠᠬᠤ ᠨᠤᠷᠮ᠎ᠠ | 54%᠂ ᠲᠠᠷᠢᠶᠠᠯᠠᠩ ᠤᠨ ᠮᠠᠰᠢᠨᠴᠢᠯᠠᠯᠳᠠ ᠶᠢᠨ ᠶᠠᠷᠦᠩᠭᠡᠢ ᠠᠵᠢᠯᠯᠠᠬᠤ ᠲᠦᠪᠰᠢᠨ 77% ᠳᠤ ᠬᠦᠷᠪᠠ᠃ | ᠤᠳᠤᠬᠢᠴᠢᠯᠠᠬᠰᠠᠨ ᠤᠶᠢᠯᠠᠴᠢᠯᠠᠭᠡᠨ ᠤ ᠬᠦᠭᠵᠢᠯᠳᠠ ᠶᠢᠨ ᠢᠳᠡᠪᠬᠢ ᠬᠦᠴᠦᠨ ᠢᠯᠠᠷᠭᠡᠢ ᠪᠤᠯᠪᠠ᠃ ᠪᠦᠬᠦ | ᠬᠡᠪᠴᠢᠶ᠎ᠠ ᠪᠠᠷ ᠵᠤᠭᠠᠴᠠᠬᠤ ᠬᠦᠭᠵᠢᠯᠳᠠ ᠶᠢᠨ ᠲᠦᠯᠦᠪᠵᠢᠬᠦᠯᠭᠡ ᠶᠢ ᠨᠠᠶᠢᠷᠠᠭᠤᠯᠬᠤ ᠠᠵᠢᠯ ᠢ ᠡᠬᠢᠯᠠᠬᠦᠯᠪᠠ᠃ ᠬᠠᠰ | ᠯᠤᠤ ᠮᠠᠩᠬᠠᠨ ᠨᠠᠭᠤᠷ ᠤᠨ ᠦᠵᠠᠮᠵᠢ ᠶᠢᠨ ᠤᠷᠤᠨ ᠤ ᠭᠤᠤᠯ ᠴᠤᠬᠴᠠ ᠲᠤᠭᠤᠷᠢᠭ ᠢ 3000 ᠮᠤ᠋ ᠦᠷᠭᠡᠳᠭᠡᠨ | ᠪᠠᠶᠢᠭᠤᠯᠬᠤ ᠶᠢ ᠪᠠᠷᠠᠭᠠᠪᠠ᠃ ᠮᠠᠶᠢᠬᠠᠨ ᠤ ᠪᠠᠭᠤᠳᠠᠯ᠂ ᠬᠡᠬᠡᠷᠯᠡᠭᠴᠢ ᠮᠠᠰᠢᠨ ᠲᠠᠷᠭᠡ ᠮᠤᠲ᠋ᠤᠷ ᠲᠠᠷᠭᠡ ᠶᠢᠨ ᠲᠦᠪ᠂ | ᠲᠤᠬᠯᠠᠯᠳᠠ ᠶᠢᠨ ᠲᠦᠪ ᠵᠠᠷᠭᠡ ᠲᠦᠷᠦᠯ ᠵᠦᠢᠯ ᠢ ᠪᠠᠶᠢᠭᠤᠯᠵᠤ ᠲᠠᠭᠤᠰᠤᠭᠠᠳ᠂ ᠠᠷᠪᠠᠨ ᠰᠠᠷ᠎ᠠ ᠶᠢᠨ ᠨᠢᠭᠡᠨ ᠤ | ᠬᠤᠭᠤᠴᠠᠭᠠᠨ ᠳᠤ ︽ᠵᠤᠭᠠᠴᠠᠬᠤ ᠳᠤ ᠠᠮᠦᠷ ᠲᠦᠪᠰᠢᠨ ᠢ ᠪᠠᠳᠤᠯᠠᠬᠰᠠᠨ ᠬᠠᠮᠤᠭ ᠰᠠᠶᠢᠨ ᠦᠵᠠᠮᠵᠢ ᠶᠢᠨ ᠤᠷᠤᠨ︾ | ᠤ ᠰᠠᠮᠪᠠᠷ᠎ᠠ ᠳᠤ ᠭᠠᠷᠪᠠ᠃ ᠪᠦᠬᠦ ᠬᠤᠰᠢᠭᠤᠨ ᠤ ᠰᠢᠨ᠎ᠠ ᠪᠠᠷ ᠨᠡᠮᠡᠭᠳᠡᠭᠰᠡᠨ ᠬᠦᠳᠡᠭᠡ ᠲᠤᠰᠬᠤᠨ ᠤ ᠵᠤᠭᠠᠴᠠᠯ | ᠮᠠᠯᠴᠢᠨ ᠠᠶᠢᠯ᠂ ᠲᠠᠷᠢᠶᠠᠴᠢᠨ ᠠᠶᠢᠯ ᠤᠨ ᠪᠠᠶᠠᠰᠤᠯ 150 ᠪᠤᠯᠵᠤ᠂ ᠰᠠᠴᠢᠨᠳᠠᠯᠠ ᠭᠠᠴᠠᠭ᠎ᠠ ᠨᠢ ︽ᠤᠯᠠᠭᠠᠨᠬᠠᠳᠠ | ᠬᠤᠳᠠ ᠶᠢᠨ ᠮᠠᠯ ᠲᠠᠷᠢᠶᠠᠯᠠᠩ ᠤᠨ ᠰᠠᠯᠠᠬᠦᠴᠠᠯ ᠵᠤᠭᠠᠴᠠᠯ ᠪᠠ ᠬᠦᠳᠡᠭᠡ ᠲᠤᠰᠬᠤᠨ ᠤ ᠵᠤᠭᠠᠴᠠᠯ ᠤᠨ ᠵᠢᠱᠢᠶ᠎ᠠ | ᠦᠵᠠᠬᠦᠯᠬᠦ ᠴᠡᠭ︾ ᠢᠶᠠᠷ ᠦᠨᠠᠯᠡᠭᠳᠡᠪᠠ᠃ ᠪᠦᠬᠦ ᠬᠤᠳᠠ ᠳᠤ ᠵᠤᠭᠠᠴᠠᠯ ᠤᠨ ᠶᠠᠷᠦᠩᠭᠡᠶᠢᠯᠡᠭᠰᠡᠨ ᠬᠠᠤᠯᠢ | ᠬᠡᠷᠡᠭᠵᠢᠬᠦᠯᠬᠦ ᠠᠩᠬᠢ ᠶᠢ ᠲᠦᠷᠦᠬᠦᠨ ᠳᠤ ᠪᠠᠶᠢᠭᠤᠯᠵᠤ᠂ ᠵᠤᠭᠠᠴᠠᠯ ᠤᠨ ᠵᠠᠬ᠎ᠠ ᠲᠠᠯᠬᠡᠬᠦᠷ ᠤᠨ ᠡᠮᠬᠢ ᠲᠢᠭᠯᠢᠮ ᠶᠢ | ᠤᠯᠠᠮ ᠨᠢᠭᠡ ᠠᠯᠬᠤᠮ ᠲᠦᠷᠢᠮᠵᠢᠬᠦᠯᠪᠠ᠃ ᠪᠦᠬᠦ ᠵᠢᠯ ᠳᠤ ᠤᠯᠤᠰ ᠤᠨ ᠲᠤᠳᠤᠭᠠᠳᠤ ᠭᠠᠳᠠᠭᠠᠳᠤ ᠶᠢᠨ | ᠵᠤᠭᠠᠴᠠᠬᠰᠠᠳ ᠢ 110 ᠲᠦᠮᠠᠨ ᠬᠦᠮᠦᠨ ᠤᠳᠠᠭ᠎ᠠ ᠬᠦᠯᠢᠶᠠᠨ ᠠᠪᠴᠤ᠂ ᠵᠤᠭᠠᠴᠠᠯ ᠤᠨ ᠤᠷᠤᠯᠭ᠎ᠠ 13 | ᠳ᠋ᠦᠩᠰᠢᠭᠤᠷ ᠲᠦᠬᠦᠷᠢᠭ ᠬᠦᠷᠴᠤ᠂ ᠲᠤᠰᠪᠤᠷᠢ 17.7% ᠪᠠ 18% ᠪᠠᠷ ᠨᠡᠮᠡᠭᠳᠡᠪᠠ᠃ ᠸᠠᠨ ᠯᠦᠩ ᠪᠠᠭᠤᠳᠠᠯ᠂ | ᠯᠢ ᠨᠦᠩ ᠲᠤᠮᠤ ᠠᠰᠠᠷ᠂ ᠵᠦᠩ ᠬᠤᠤ ᠪᠤᠳᠠᠰ ᠤᠨ ᠬᠦᠢᠯᠭᠡᠭᠡᠨ ᠤ ᠲᠤᠭᠤᠷᠢᠭ᠂ ᠮᠢᠨ ᠰᠢᠶᠠᠩ ᠵᠢᠮᠢᠰ ᠢᠳᠡᠰᠢᠨ | ᠨᠤᠭᠤᠭ᠎ᠠ ᠠᠮᠤ ᠪᠤᠳᠠᠭᠠᠨ ᠤ ᠪᠦᠭᠡᠮ ᠪᠤᠷᠤᠯᠠᠭᠤᠯᠤᠯᠳᠠ ᠶᠢᠨ ᠵᠠᠬ᠎ᠠ ᠲᠠᠯᠭᠡᠬᠦᠷ ᠤᠨ ᠬᠤᠶᠠᠳᠤᠭᠠᠷ ᠬᠤᠭᠤᠴᠠᠭᠠᠨ ᠤ | ᠭᠤᠤᠯ ᠴᠤᠬᠴᠠ ᠶᠢᠨ ᠢᠨᠵᠧᠨᠧᠷᠢᠭ ᠪᠠᠷᠢᠯᠭ᠎ᠠ ᠲᠠᠬᠦᠰᠪᠠ᠃ ᠦ᠋ ᠽᠠᠢ ᠴᠧᠩ᠂ ᠬᠤᠩ ᠶᠤᠸᠠᠨ ᠲᠤᠮᠤ ᠠᠰᠠᠷ᠂ ᠵᠤ᠋ | ᠰᠢᠨ ᠡᠮ ᠤᠨ ᠮᠠᠲ᠋ᠧᠷᠢᠶᠠᠯ ᠢ ᠬᠠᠳᠠᠭᠠᠯᠠᠵᠤ ᠬᠦᠢᠯᠭᠡᠬᠡᠬᠦ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠪᠠᠶᠢᠭᠤᠯᠵᠤ | ᠲᠠᠭᠤᠰᠤᠭᠠᠳ ᠠᠰᠢᠬᠯᠠᠯᠳᠠ ᠳᠤ ᠤᠷᠤᠪᠠ᠃ ᠬᠦᠳᠡᠭᠡ ᠲᠤᠰᠬᠤᠨ ᠮᠠᠯᠵᠢᠬᠤ ᠤᠷᠤᠨ ᠤ 247 ᠠᠷᠠᠳ ᠲᠤ | ᠲᠦᠬᠦᠮ ᠦᠵᠠᠬᠦᠯᠬᠦ ᠬᠡᠯᠬᠢᠶ᠎ᠠ ᠬᠡᠳᠦ ᠲᠠᠯᠭᠡᠬᠦᠷ ᠲᠠᠰ ᠲᠠᠪᠰᠢᠬᠦ ᠶᠢ ᠪᠠᠶᠠᠯᠠᠬᠦᠯᠪᠠ᠃ ᠪᠡᠬᠡᠵᠢᠩ ᠤᠨ ᠨᠦᠩ ᠭᠤᠸᠠᠨ | ᠵᠢᠶᠠ ᠺᠤᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠡᠯᠡᠯᠴᠡᠭᠡᠷ ᠲᠤᠬᠳᠠᠵᠤ᠂ ︽ᠢᠨᠲ᠋ᠧᠷᠨᠧᠲ ᠰᠦᠯᠵᠢᠶ᠎ᠠ+ | ᠤᠳᠤᠬᠢᠴᠢᠯᠠᠬᠰᠠᠨ ᠲᠠᠷᠢᠶᠠᠯᠠᠩ︾ ᠤᠨ ᠦᠯᠢᠭᠡᠷ ᠬᠤᠳᠠ ᠶᠢ ᠪᠤᠢ ᠪᠤᠯᠭᠠᠪᠠ᠃ ᠶᠦᠨ ᠲᠠᠷᠢᠶᠠᠯᠠᠩ ᠤᠨ ᠲᠠᠯᠠᠪᠠᠢ᠂ | ᠶᠠᠩ ᠳ᠋ᠠ ᠰᠢᠨᠵᠢᠯᠡᠭᠡ ᠮᠠᠷᠭᠡᠵᠢᠯ ᠵᠠᠷᠭᠡ ᠡᠯᠧᠺᠲᠷᠤᠨ ᠬᠤᠳᠠᠯᠳᠤᠭ᠎ᠠ ᠠᠵᠤ ᠠᠬᠤᠶᠢᠯᠠᠯ ᠢ ᠲᠠᠳᠠᠨ ᠤᠷᠤᠭᠤᠯᠵᠤ᠂ | ᠤᠩᠨᠢᠭᠤᠳ ᠬᠤᠰᠢᠭᠤ ᠨᠢ ᠪᠦᠬᠦ ᠤᠯᠤᠰ ᠤᠨ ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ ᠳᠤ | ᠤᠷᠤᠭᠤᠯᠤᠬᠰᠠᠨ ᠶᠠᠷᠦᠩᠭᠡᠢ ᠵᠢᠱᠢᠶ᠎ᠠ ᠦᠵᠠᠬᠦᠯᠬᠦ ᠬᠤᠰᠢᠭᠤ ᠳᠤ ᠵᠢᠬᠰᠠᠭᠠᠬᠳᠠᠪᠠ᠃ ᠪᠦᠬᠦ ᠬᠤᠰᠢᠭᠤᠨ ᠤ ᠮᠦᠩᠬᠦᠨ | ᠬᠦᠢᠯᠭᠡᠭᠡᠨ ᠤ ᠪᠠᠶᠢᠭᠤᠯᠤᠮᠵᠢ ᠶᠢᠨ ᠡᠯ᠎ᠡ ᠲᠦᠷᠦᠯ ᠤᠨ ᠬᠠᠳᠠᠭᠠᠯᠠᠮᠵᠢ ᠶᠢᠨ ᠨᠤᠷᠮ᠎ᠠ 95 ᠳ᠋ᠦᠩᠰᠢᠭᠤᠷ ᠲᠦᠬᠦᠷᠢᠭ᠂ | ᠵᠢᠭᠡᠯᠡᠯᠭᠡ ᠶᠢᠨ ᠦᠯᠠᠳᠠᠪᠤᠷᠢ ᠲᠤᠭ᠎ᠠ 71 ᠳ᠋ᠦᠩᠰᠢᠭᠤᠷ ᠲᠦᠬᠦᠷᠢᠭ᠂ ᠲᠤᠰᠪᠤᠷᠢ 12% ᠪᠠ 25% ᠢᠶᠠᠷ | ᠨᠡᠮᠡᠭᠳᠡᠪᠠ᠃ ᠮᠧᠩ ᠳ᠋ᠦ᠋ ᠬᠤᠨᠢᠨ ᠤ ᠤᠶᠢᠯᠠᠰ ᠤᠨ ᠰᠢᠨ ᠰᠠᠨ ᠪᠠᠨ ᠫᠠᠶᠢᠰᠠ ᠡᠯᠬᠦᠬᠦ ᠶᠢ ᠪᠠᠶᠠᠯᠠᠬᠦᠯᠪᠠ᠃ ᠮᠤ᠋ ᠡᠾᠧ | ᠤᠰᠤ ᠠᠷᠪᠢᠯᠠᠬᠤ ᠨᠢ ᠵᠢᠩ ᠯᠠᠨ ᠰᠢᠨᠵᠢᠯᠡᠭᠡ ᠮᠠᠷᠭᠡᠵᠢᠯ ᠢᠶᠠᠷ ᠲᠠᠮᠵᠢᠵᠤ ᠨᠠᠶᠢᠯᠠᠬᠦᠯᠦᠨ ᠬᠤᠳᠠᠯᠳᠤᠨ ᠠᠪᠴᠤ ᠲᠠᠬᠢᠨ | ᠪᠠᠶᠢᠭᠤᠯᠵᠤ ᠵᠠᠬ᠎ᠠ ᠲᠠᠯᠭᠡᠬᠦᠷ ᠲᠤ ᠭᠠᠷᠪᠠ᠃ | ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠨᠠᠩ ᠲᠠᠬᠦᠯᠳᠠᠷᠵᠢᠪᠠ᠃ 2.2 ᠳ᠋ᠦᠩᠰᠢᠭᠤᠷ ᠲᠦᠬᠦᠷᠢᠭ | ᠤᠨ ᠪᠠᠯᠠ ᠤᠷᠤᠭᠤᠯᠵᠤ᠂ ᠪᠤᠷᠤᠬᠤᠳᠠ ᠲᠤᠭᠤᠷᠢᠭ ᠤᠨ ᠸᠧᠢ ᠦ᠋ ᠵᠡᠬᠡᠯᠢ᠂ ᠸᠧᠢ ᠯᠢᠤ ᠵᠠᠬᠡᠯᠢ᠂ ᠰᠢᠩ ᠶᠠᠩ ᠵᠡᠬᠡᠯᠢ | ᠶᠢ ᠨᠠᠪᠳᠠᠷᠠᠬᠦᠯᠵᠤ᠂ ᠬᠠᠰ ᠯᠤᠤ ᠵᠠᠮ ᠪᠠ ᠮᠤᠵᠢ ᠶᠢᠨ ᠵᠠᠮ 304 ᠱᠤᠭᠤᠮ ᠢ ᠬᠤᠯᠪᠤᠵᠤ᠂ ᠬᠤᠳᠠ ᠶᠢᠨ | ᠲᠤᠭᠤᠷᠢᠭ ᠤᠨ ᠪᠠᠭ᠎ᠠ ᠭᠤᠳᠤᠮᠵᠢ ᠶᠢ ᠪᠦᠬᠦᠨ ᠢ ᠵᠠᠰᠠᠪᠠ᠃ ᠴᠦᠨᠳᠤᠪ ᠤᠨ ᠭᠤᠤᠯ ᠢ ᠶᠠᠷᠦᠩᠭᠡᠶᠢᠯᠠᠨ ᠵᠠᠰᠠᠬᠤ᠂ | ᠪᠤᠵᠠᠷ ᠤᠰᠤ ᠶᠢ ᠰᠢᠢᠳᠪᠤᠷᠢᠯᠠᠬᠦ ᠵᠢᠴᠢ ᠰᠢᠨᠠᠳᠴᠤ ᠪᠤᠯᠬᠤ ᠤᠰᠤᠨ ᠤ ᠡᠬᠢ ᠰᠤᠷᠪᠤᠯᠵᠢ ᠶᠢ ᠠᠰᠢᠬᠯᠠᠬᠤ ᠵᠠᠷᠭᠡ | ᠭᠤᠤᠯᠳᠠᠯᠭ᠎ᠠ ᠲᠠᠢ ᠲᠦᠷᠦᠯ ᠵᠦᠢᠯ ᠢ ᠡᠬᠢᠯᠠᠬᠦᠯᠵᠤ᠂ ᠤᠪᠤᠭ᠎ᠠ ᠠᠭᠤᠯᠠ ᠶᠢ 29 ᠲᠦᠮᠠᠨ ᠲᠦᠷᠪᠠᠯᠵᠢᠨ ᠮᠧᠲᠷ | ᠨᠤᠭᠤᠭᠠᠷᠠᠭᠤᠯᠬᠤ ᠶᠢ ᠪᠠᠶᠠᠯᠠᠬᠦᠯᠪᠠ᠃ ᠬᠤᠳᠠ ᠲᠤᠮᠳᠠᠬᠢ ᠲᠤᠰᠬᠤᠨ ᠤ ᠨᠠᠬᠦᠷᠠᠰᠤ ᠰᠢᠳᠠᠭᠠᠬᠤ ᠵᠤᠤᠬ᠎ᠠ ᠶᠢ 500 | ᠡᠷᠦᠭᠡ ᠦᠭᠡᠷᠠᠴᠢᠯᠠᠨ ᠪᠠᠶᠢᠭᠤᠯᠵᠤ᠂ ᠪᠤᠷᠤᠬᠤᠳᠠ ᠲᠤᠭᠤᠷᠢᠭ ᠤᠨ 229 ᠢᠳᠡᠭᠡᠨ ᠤᠮᠳᠠᠭᠠᠨ ᠤ ᠲᠠᠯᠠᠪᠤᠷ ᠲᠤ | ᠲᠤᠰᠤᠨ ᠤᠳᠤᠭ᠎ᠠ ᠶᠢ ᠴᠠᠪᠠᠷᠰᠢᠬᠦᠯᠬᠦ ᠮᠠᠰᠢᠨ ᠢ ᠤᠬᠰᠠᠷᠠᠪᠠ᠃ ᠤᠩᠨᠢᠭᠤᠳ ᠬᠤᠰᠢᠭᠤ ᠨᠢ ᠤᠯᠤᠰ ᠤᠨ ᠡᠷᠡᠬᠦᠯ | ᠬᠠᠮᠠᠭᠠᠯᠠᠯ ᠤᠨ ᠰᠢᠶᠠᠨ ᠤ ᠬᠤᠳᠠ᠂ ᠦᠪᠠᠷᠳᠡᠭᠡᠨ ᠵᠠᠰᠠᠬᠤ ᠤᠷᠤᠨ ᠤ ᠪᠤᠯᠪᠠᠰᠤᠨ ᠰᠢᠶᠠᠨ ᠤ ᠬᠤᠳᠠ ᠶᠢ ᠰᠢᠯᠭᠠᠨ | ᠬᠤᠷᠢᠶᠠᠬᠤ ᠶᠢ ᠤᠷᠤᠬᠰᠢᠳᠠᠢ ᠲᠠᠮᠵᠢᠪᠠ᠃ 39.5 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠤ ᠭᠤᠶᠤ | ᠰᠠᠶᠢᠬᠠᠨ ᠠᠶᠢᠯ ᠲᠤᠰᠬᠤᠨ 950 ᠶᠢ ᠪᠠᠶᠢᠭᠤᠯᠪᠠ᠃ ᠰᠠᠴᠢᠨᠳᠠᠯᠠ ᠭᠠᠴᠠᠭ᠎ᠠ ᠨᠢ ︽ᠤᠯᠤᠰ ᠤᠨ ᠲᠠᠰ ᠤᠨ ᠭᠤᠶᠤ | ᠰᠠᠶᠢᠬᠠᠨ ᠰᠠᠭᠤᠬᠤ ᠳᠤ ᠲᠠᠭᠠᠯᠠᠮᠵᠢᠳᠠᠢ ᠠᠶᠢᠯ ᠲᠤᠰᠬᠤᠨ︾ ᠢᠶᠠᠷ ᠦᠨᠠᠯᠡᠭᠳᠡᠪᠠ᠃ 4.1 ᠳ᠋ᠦᠩᠰᠢᠭᠤᠷ ᠲᠦᠬᠦᠷᠢᠭ | ᠤᠨ ᠪᠠᠯᠠ ᠤᠷᠤᠭᠤᠯᠤᠨ ᠮᠠᠩᠬᠠᠨ ᠭᠠᠵᠠᠷ ᠢ 31 ᠲᠦᠮᠠᠨ ᠮᠤ᠋ ᠶᠠᠷᠦᠩᠭᠡᠶᠢᠯᠠᠨ ᠵᠠᠰᠠᠵᠤ᠂ ᠭᠤᠤᠯᠳᠠᠯᠭ᠎ᠠ ᠲᠠᠢ ᠤᠷᠤᠨ | ᠲᠤᠭᠤᠷᠢᠭ ᠤᠨ ᠨᠤᠭᠤᠭᠠᠷᠠᠭᠤᠯᠤᠯᠳᠠ 2.3 ᠲᠦᠮᠠᠨ ᠮᠤ᠋ ᠶᠢ ᠪᠠᠶᠠᠯᠠᠬᠦᠯᠪᠠ᠃ ᠮᠤᠵᠢ ᠶᠢᠨ ᠵᠠᠮ 304 ᠱᠤᠭᠤᠮ | ᠤᠨ ᠪᠤᠷᠤᠬᠤᠳᠠ ᠠᠴᠠ ᠲᠠᠩᠨᠠᠬᠦᠷ ᠤᠨ ᠭᠤᠤᠯ ᠬᠦᠷᠬᠦ ᠬᠡᠰᠡᠭ ᠢ ᠴᠠᠷᠳᠠᠮᠠᠯ ᠵᠠᠮ ᠪᠤᠯᠭᠠᠨ ᠦᠭᠡᠷᠡᠴᠢᠯᠠᠬᠦ | ᠢᠨᠵᠧᠨᠧᠷᠢᠭ᠂ ᠬᠠᠰ ᠯᠤᠤ ᠮᠠᠩᠬᠠᠨ ᠨᠠᠭᠤᠷ ᠤᠨ ᠵᠤᠭᠠᠴᠠᠯ ᠤᠨ ᠵᠠᠰᠠᠮᠠᠯ ᠵᠠᠮ ᠢ ᠪᠠᠶᠢᠭᠤᠯᠵᠤ ᠪᠠᠷᠠᠭᠠᠳ ᠲᠠᠷᠭᠡ | ᠨᠠᠪᠳᠠᠷᠠᠪᠠ᠃ ᠪᠦᠬᠦ ᠬᠤᠰᠢᠭᠤᠨ ᠳᠤ ᠰᠢᠨ᠎ᠠ ᠪᠠᠷ ᠨᠡᠮᠡᠭᠳᠡᠭᠰᠡᠨ ᠲᠤᠰᠬᠤᠨ ᠳᠤ ᠨᠠᠪᠳᠠᠷᠠᠬᠦ ᠴᠠᠷᠳᠠᠮᠠᠯ ᠵᠠᠮ 596 | ᠺᠢᠯᠤᠮᠧᠲᠷ᠂ ᠵᠠᠬᠡᠯᠢ ᠭᠤᠳᠤᠮᠵᠢ ᠶᠢ ᠬᠠᠳᠠᠭᠤᠷᠠᠭᠤᠯᠤᠬᠰᠠᠨ 2805 ᠺᠢᠯᠤᠮᠧᠲᠷ᠂ ᠪᠦᠷᠬᠦᠪᠴᠢ ᠶᠢᠨ ᠲᠤᠤᠷ᠎ᠠ | ᠲᠤᠰᠤᠯᠠᠭᠤᠯᠤᠨ ᠤᠰᠤᠯᠠᠬᠤ 9.6 ᠲᠦᠮᠠᠨ ᠮᠤ᠋᠂ ᠦᠷ᠎ᠡ ᠪᠦᠳᠦᠮᠵᠢ ᠪᠠᠨ ᠪᠠᠬᠢᠵᠢᠬᠦᠯᠦᠭᠰᠡᠨ 50 ᠲᠦᠮᠠᠨ ᠮᠤ᠋᠂ | ᠬᠠᠶᠢᠯᠠᠰᠤ ᠶᠢᠨ ᠭᠠᠩ ᠢ ᠡᠰᠡᠷᠬᠦᠴᠠᠵᠤ ᠪᠠᠴᠢᠮ ᠪᠠᠶᠢᠳᠠᠯ ᠢ ᠠᠷᠭᠠᠴᠠᠭᠠᠬᠤ᠂ ᠵᠢᠷᠭᠠᠯ ᠤᠨ ᠭᠤᠤᠯ ᠤᠨ ᠤᠰᠤᠯᠠᠯᠳᠠ | ᠶᠢᠨ ᠤᠷᠤᠨ ᠢ ᠵᠠᠯᠭᠠᠨ ᠲᠦᠬᠦᠷᠵᠢᠬᠦᠯᠵᠤ ᠪᠠᠶᠢᠭᠤᠯᠬᠤ ᠪᠠ ᠤᠰᠤ ᠠᠷᠪᠢᠯᠠᠵᠤ ᠦᠭᠡᠷᠠᠴᠢᠯᠠᠬᠦ ᠢᠨᠵᠧᠨᠧᠷᠢᠭ ᠪᠠᠷᠢᠯᠭ᠎ᠠ | ᠲᠠᠬᠦᠰᠴᠤ ᠠᠰᠢᠬᠯᠠᠯᠳᠠ ᠳᠤ ᠤᠷᠤᠪᠠ᠃ ᠰᠢᠷᠠᠳᠠᠯ᠎ᠠ᠂ ᠺᠠᠩ ᠵᠢᠶᠠ ᠢᠩᠽᠢ ᠠᠴᠠ ᠬᠤᠩ ᠱᠠᠨ ᠬᠦᠷᠬᠦ᠂ ᠺᠠᠩ | ᠵᠢᠶᠠ ᠢᠩᠽᠢ ᠠᠴᠠ ᠠᠰᠢᠬᠠᠨ ᠬᠦᠷᠬᠦ 66 ᠺᠢᠯᠤᠸᠤᠯᠲ ᠶᠢᠨ ᠬᠦᠴᠦᠳᠠᠯ ᠬᠤᠪᠢᠷᠠᠭᠠᠵᠤ ᠴᠠᠬᠢᠯᠭᠠᠨ ᠬᠦᠷᠭᠡᠬᠦ | ᠢᠨᠵᠧᠨᠧᠷᠢᠭ ᠤᠨ ᠪᠠᠷᠢᠯᠭ᠎ᠠ ᠡᠬᠢᠯᠠᠪᠠ᠃ | ᠠᠷᠠᠳ ᠤᠨ ᠠᠮᠢᠳᠤᠷᠠᠯ ᠨᠠᠶᠢᠭᠡᠮ ᠤᠨ ᠠᠵᠢᠯ ᠤᠶᠢᠯᠠᠰ ᠪᠦᠬᠦ ᠲᠠᠯ᠎ᠠ ᠪᠠᠷ ᠲᠠᠪᠰᠢᠪᠠ᠃ ᠪᠦᠬᠦ ᠵᠢᠯ ᠳᠤ ᠠᠷᠠᠳ | ᠤᠨ ᠠᠮᠢᠳᠤᠷᠠᠯ ᠤᠨ ᠵᠠᠷᠤᠯᠭ᠎ᠠ 28.8 ᠳ᠋ᠦᠩᠰᠢᠭᠤᠷ ᠲᠦᠬᠦᠷᠢᠭ᠂ ᠪᠦᠬᠦ ᠬᠤᠰᠢᠭᠤᠨ ᠤ ᠨᠠᠶᠢᠳᠠ ᠶᠢᠨ ᠡᠳ᠋ ᠤᠨ | ᠵᠠᠰᠠᠭ ᠤᠨ ᠵᠠᠷᠤᠯᠭ᠎ᠠ ᠶᠢᠨ 83% ᠶᠢ ᠡᠵᠡᠯᠠᠨ᠎ᠠ᠃ ︽ᠭᠤᠷᠪᠠ ᠲᠤᠰᠬᠤᠨ ᠳᠤ ᠬᠦᠷᠬᠦ ᠭᠤᠷᠪᠠ ᠡᠷᠦᠭᠡ ᠳᠤ | ᠬᠦᠷᠬᠦ︾ ᠶᠠᠳᠠᠭᠤ ᠶᠢ ᠲᠠᠳᠬᠦᠬᠦ ᠪᠠᠯᠠ ᠮᠦᠩᠬᠦ 4100 ᠲᠦᠮᠠᠨ ᠲᠦᠬᠦᠷᠢᠭ ᠤᠷᠤᠭᠤᠯᠵᠤ᠂ ᠰᠢᠨ᠎ᠠ ᠪᠠᠷ | ᠨᠡᠮᠡᠭᠳᠡᠭᠰᠡᠨ ᠮᠦᠩᠬᠦᠨ ᠭᠦᠢᠯᠭᠡᠭᠡᠨ ᠤ ᠶᠠᠳᠠᠭᠤ ᠶᠢ ᠳᠡᠳᠬᠦᠬᠦ ᠵᠢᠭᠡᠯᠡᠯᠭᠡ 5000 ᠲᠦᠮᠠᠨ ᠲᠦᠭᠦᠷᠢᠭ᠂ 4200 | ᠶᠠᠳᠠᠭᠤ ᠬᠦᠴᠢᠷᠳᠠᠢ ᠬᠦᠮᠦᠨ ᠠᠮᠠ ᠶᠢ ᠳᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠪᠠ᠃ ᠬᠥᠳᠡᠭᠡ ᠲᠤᠰᠬᠤᠨ | ᠮᠠᠯᠵᠢᠬᠤ ᠣᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠳᠡᠭᠡᠭᠰᠢᠯᠡᠭᠦᠯᠬᠦ | ᠢᠨᠵᠧᠨᠧᠷᠢᠭ ᠶᠢ ᠪᠦᠬᠦ ᠲᠠᠯ᠎ᠠ ᠪᠠᠷ ᠡᠬᠢᠯᠡᠭᠦᠯᠵᠦ᠂ ᠪᠤᠷᠤᠬᠤᠳᠠ ᠮᠣᠩᠭᠤᠯ ᠳᠤᠮᠳᠠᠳᠤ ᠰᠤᠷᠭᠠᠭᠤᠯᠢ᠂ ᠪᠤᠷᠤᠬᠤᠳᠠ | ᠲᠤᠷᠰᠢᠯᠳᠠ ᠶᠢᠨ ᠪᠠᠭ᠎ᠠ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠲᠥᠷᠥᠯ ᠵᠦᠢᠯ ᠠᠰᠢᠭᠯᠠᠯᠳᠠ ᠳᠤ ᠣᠷᠤᠪᠠ᠂ | ᠪᠤᠷᠤᠬᠤᠳᠠ ᠶᠢᠨ ᠬᠤᠶᠠᠳᠤᠭᠠᠷ ᠬᠡᠦᠬᠡᠳ ᠤᠨ ᠴᠡᠴᠡᠷᠯᠢᠭ᠂ ᠭᠡᠷᠰᠡᠩ ᠤᠨ ᠬᠦᠰᠡᠯᠳᠠᠢ ᠬᠡᠦᠬᠡᠳ ᠤᠨ ᠴᠡᠴᠡᠷᠯᠢᠭ ᠤᠨ | ᠭᠤᠤᠯ ᠴᠤᠭᠴᠠ ᠶᠢᠨ ᠪᠠᠷᠢᠯᠭ᠎ᠠ ᠳᠠᠭᠤᠰᠪᠠ᠂ ᠪᠤᠷᠤᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠪᠤᠷᠤᠬᠤᠳᠠ | ᠮᠣᠩᠭᠤᠯ ᠳᠤᠮᠳᠠᠳᠤ ᠰᠤᠷᠭᠠᠭᠤᠯᠢ ᠪᠠᠶᠢᠭᠤᠯᠤᠭᠳᠠᠭᠰᠠᠨ 60 ᠵᠢᠯ ᠤᠨ ᠣᠢ ᠶᠢ ᠪᠡᠯᠭᠡᠯᠡᠬᠦ ᠠᠵᠢᠯᠯᠭᠠᠨ ᠢ ᠠᠮᠵᠢᠯᠳᠠ | ᠲᠠᠢ ᠶᠠᠪᠤᠭᠳᠠᠭᠤᠯᠪᠠ᠃ ᠬᠢᠳᠠᠳ ᠮᠣᠩᠭᠤᠯ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠲᠥᠷᠥᠯ ᠵᠦᠢᠯ ᠢ | ᠡᠬᠢᠯᠡᠭᠦᠯᠪᠡ᠃ 90 ᠰᠠᠭᠤᠷᠢ ᠭᠠᠴᠠᠭ᠎ᠠ ᠲᠤᠰᠬᠤᠨ ᠤ ᠳᠡᠰ ᠤᠨ ᠡᠷᠡᠭᠦᠯ ᠬᠠᠮᠠᠭᠠᠯᠠᠯ ᠤᠨ ᠭᠡᠷ ᠲᠤ ᠳᠡᠰ | ᠳᠡᠪᠰᠢᠭᠦᠯᠬᠦ ᠢᠨᠵᠧᠨᠧᠷᠢᠭ ᠢ ᠬᠡᠷᠡᠭᠵᠢᠭᠦᠯᠪᠡ᠃ ᠪᠦᠬᠦ ᠬᠤᠰᠢᠭᠤᠨ ᠤ ᠭᠠᠴᠠᠭ᠎ᠠ ᠲᠤᠰᠬᠤᠨ ᠤ ᠳᠡᠰ ᠤᠨ ᠡᠷᠡᠭᠦᠯ | ᠬᠠᠮᠠᠭᠠᠯᠠᠯ ᠤᠨ ᠭᠡᠷ ᠢ ᠪᠠᠷᠢᠮᠵᠢᠶᠠᠵᠢᠭᠤᠯᠤᠨ ᠪᠠᠶᠢᠭᠤᠯᠬᠤ ᠨᠤᠷᠮ᠎ᠠ 100% ᠳᠤ ᠬᠦᠷᠪᠡ᠃ ᠨᠡᠶᠢᠳᠡ 17.8 | ᠲᠦᠮᠡᠨ ᠬᠦᠮᠦᠨ ᠤᠳᠠᠭ᠎ᠠ ᠮᠠᠯᠴᠢᠨ ᠲᠠᠷᠢᠶᠠᠴᠢᠨ ᠤ ᠡᠮ ᠤᠨ ᠰᠦᠢᠳᠬᠡᠯ 1.8 ᠳ᠋ᠥᠩᠰᠢᠭᠤᠷ ᠲᠦᠭᠦᠷᠢᠭ ᠢ | ᠳᠠᠩᠰᠠᠨ ᠠᠴᠠ ᠲᠠᠶᠢᠯᠪᠠ᠃ ᠰᠢᠨ᠎ᠡ ᠪᠠᠷ ᠨᠡᠮᠡᠭᠳᠡᠭᠰᠡᠨ ᠬᠤᠳᠠ ᠪᠠᠯᠭᠠᠰᠤᠨ ᠤ ᠠᠵᠢᠯ ᠣᠯᠭᠤᠭᠰᠠᠨ 2100 | ᠬᠦᠮᠦᠨ᠂ ᠬᠥᠳᠡᠭᠡ ᠲᠤᠰᠬᠤᠨ ᠮᠠᠯᠵᠢᠬᠤ ᠣᠷᠤᠨ ᠤ ᠬᠦᠳᠡᠯᠮᠤᠷᠢ ᠬᠦᠴᠦᠨ ᠢ ᠰᠢᠯᠵᠢᠭᠦᠯᠵᠦ ᠠᠵᠢᠯ ᠣᠯᠭᠤᠭᠰᠠᠨ | 6.5 ᠲᠦᠮᠡᠨ ᠬᠦᠮᠦᠨ᠃ ᠬᠥᠳᠡᠭᠡ ᠲᠤᠰᠬᠤᠨ ᠮᠠᠯᠵᠢᠬᠤ ᠣᠷᠤᠨ ᠤ ᠨᠤᠷᠠᠬᠤ ᠠᠶᠤᠯᠳᠠᠢ ᠭᠡᠷ ᠢ ᠥᠭᠡᠷᠡᠴᠢᠯᠡᠨ | ᠪᠠᠶᠢᠭᠤᠯᠤᠭᠰᠠᠨ 40205 ᠡᠷᠦᠬᠡ᠃ ᠰᠢᠨ᠎ᠡ ᠪᠠᠷ ᠪᠠᠶᠢᠭᠤᠯᠤᠭᠰᠠᠨ᠂ ᠳᠡᠰ ᠳᠡᠪᠰᠢᠭᠦᠯᠦᠭᠰᠡᠨ ᠤᠤᠭᠤᠬᠤ ᠤᠰᠤᠨ | ᠤ ᠢᠨᠵᠧᠨᠧᠷᠢᠭ 166᠂ ᠠᠰᠢᠭ ᠬᠦᠷᠳᠡᠭᠰᠡᠨ ᠬᠦᠮᠦᠨ ᠤ ᠲᠤᠭ᠎ᠠ 6 ᠲᠦᠮᠡᠨ ᠬᠦᠮᠦᠨ᠃ 247 ᠭᠠᠴᠠᠭ᠎ᠠ | ᠲᠤᠰᠬᠤᠨ ᠤ ᠰᠤᠶᠤᠯ ᠤᠨ ᠠᠵᠢᠯᠯᠠᠭᠠᠨ ᠤ ᠭᠡᠷ᠂ ᠰᠤᠶᠤᠯ ᠤ ᠠᠭᠤᠳᠠᠮ ᠳᠠᠯᠠᠪᠠᠢ ᠳᠤ ᠰᠤᠶᠤᠯ ᠲᠠᠮᠢᠷ ᠤᠨ ᠬᠡᠷᠡᠭᠰᠡᠯ | ᠳᠤᠬᠢᠷᠠᠭᠤᠯᠵᠤ ᠦᠭᠪᠡ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠵᠢᠯ ᠤᠨ ᠬᠦᠮᠦᠨ | ᠳᠤᠮᠳᠠᠴᠢ ᠶᠢᠨ ᠪᠠᠳᠤᠯᠠᠭ᠎ᠠ ᠶᠢᠨ ᠪᠠᠷᠢᠮᠵᠢᠶ᠎ᠠ ᠨᠢ ᠲᠤᠰᠪᠤᠷᠢ 492 ᠲᠦᠭᠦᠷᠢᠭ ᠪᠠ 300 ᠲᠦᠭᠦᠷᠢᠭ ᠨᠡᠮᠡᠭᠳᠡᠪᠡ᠃ | ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠳ ᠤᠨ ᠴᠠᠯᠢᠩ ᠬᠦᠮᠦᠨ ᠳᠤᠮᠳᠠᠴᠢ ᠪᠠᠷ ᠰᠠᠷ᠎ᠠ ᠳᠤ 135 | ᠲᠦᠭᠦᠷᠢᠭ ᠨᠡᠮᠡᠭᠳᠡᠪᠡ᠃ ᠬᠦᠴᠢᠷᠳᠠᠢ ᠴᠤᠭᠴᠠ ᠶᠢ ᠳᠤᠬᠤᠨᠢᠭᠤᠯᠬᠤ ᠠᠵᠢᠯᠯᠠᠭᠠᠨ ᠢ ᠥᠷᠭᠡᠨ ᠢᠶᠠᠷ ᠥᠷᠨᠢᠭᠦᠯᠵᠦ᠂ | ᠪᠦᠬᠦ ᠵᠢᠯ ᠳᠤ ᠡᠯ᠎ᠡ ᠲᠥᠷᠥᠯ ᠤᠨ ᠭᠠᠮᠰᠢᠭ ᠠᠴᠠ ᠠᠪᠤᠷᠠᠨ ᠳᠡᠳᠬᠦᠬᠦ ᠪᠡᠯᠡ ᠮᠦᠩᠭᠦ 3.3 ᠳ᠋ᠥᠩᠰᠢᠭᠤᠷ | ᠲᠦᠭᠦᠷᠢᠭ ᠲᠠᠷᠬᠠᠭᠠᠪᠠ᠃ ︽ᠬᠤᠶᠠᠷ ᠬᠡᠦᠬᠡᠳ ᠠᠪᠬᠤ ᠶᠢ ᠲᠦᠭᠡᠮᠠᠯᠵᠢᠬᠦᠯᠬᠦ︾ ᠲᠥᠷᠥ ᠶᠢᠨ ᠪᠤᠳᠤᠯᠭ᠎ᠠ ᠶᠢ | ᠯᠠᠪᠳᠠᠭᠤᠨ ᠢᠶᠠᠷ ᠬᠡᠷᠡᠭᠵᠢᠭᠦᠯᠵᠦ᠂ ᠪᠦᠬᠦ ᠬᠤᠰᠢᠭᠤᠨ ᠤ ᠲᠥᠷᠥᠭᠰᠡᠨ ᠬᠦᠮᠦᠨ ᠠᠮᠠ ᠶᠢᠨ ᠴᠢᠨᠠᠷ ᠤᠨ ᠢᠯᠭᠠᠯ ᠤᠨ | ᠬᠠᠷᠢᠴᠠᠯ 2.48 ᠴᠡᠭ ᠢᠶᠠᠷ ᠳᠤᠷᠤᠭᠰᠢᠯᠠᠪᠠ᠃ | ᠥᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠠᠬᠦᠯᠦᠭᠰᠡᠨ ᠦᠷ᠎ᠡ ᠪᠥᠲᠥᠮᠵᠢ ᠮᠡᠳᠡᠭᠳᠡᠮ᠎ᠡ᠃ ᠵᠠᠰᠠᠭ ᠢ | ᠴᠤᠮᠬᠠᠳᠬᠠᠵᠤ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠰᠢᠯᠢᠳᠡᠭ ᠦᠢᠯᠡᠴᠢᠯᠡᠭᠡ ᠶᠢᠨ | ᠠᠵᠢᠯ ᠨᠢ ᠪᠦᠬᠦ ᠬᠤᠳᠠ᠂ ᠪᠦᠬᠦ ᠣᠷᠤᠨ ᠤ ᠡᠮᠦᠨ᠎ᠡ ᠡᠩᠨᠡᠭᠡ ᠳᠤ ᠶᠠᠪᠤᠵᠤ᠂ ᠭᠠᠴᠠᠭ᠎ᠠ ᠲᠤᠰᠬᠤᠨ ᠤ ᠳᠡᠰ ᠤᠨ | ᠠᠷᠠᠳ ᠲᠤ ᠳᠦᠭᠦᠮ ᠦᠵᠠᠬᠦᠯᠬᠦ ᠦᠢᠯᠡᠴᠢᠯᠡᠭᠡᠨ ᠤ ᠥᠷᠳᠡᠭᠡ ᠶᠢ ᠪᠦᠷᠬᠦᠭᠦᠯᠬᠦ ᠶᠢ ᠪᠡᠶᠡᠯᠡᠭᠦᠯᠪᠡ᠃ ᠠᠵᠤ | ᠠᠬᠤᠶᠢᠯᠠᠯ ᠳᠤ ︽ᠲᠠᠪᠤᠨ ᠦᠨᠡᠮᠯᠡᠯ ᠢ ᠨᠢᠭᠡᠳᠬᠡᠬᠦ᠂ ᠨᠢᠭᠡ ᠦᠨᠡᠮᠯᠡᠯ ᠨᠢᠭᠡ ᠺᠤᠳ᠋︾ ᠪᠠ ᠬᠤᠪᠢ ᠶᠢᠨ | ᠬᠤᠳᠠᠯᠳᠤᠭᠠᠨ ᠤ ᠡᠷᠦᠬᠡ ᠶᠢᠨ ︽ᠬᠤᠶᠠᠷ ᠦᠨᠡᠮᠯᠡᠯ ᠢ ᠨᠢᠭᠡᠳᠬᠡᠬᠦ︾ ᠳᠠᠩᠰᠠᠯᠠᠬᠤ ᠳᠦᠷᠢᠮ ᠢ ᠬᠡᠷᠡᠭᠵᠢᠭᠦᠯᠵᠦ᠂ | ᠪᠦᠬᠦ ᠬᠤᠰᠢᠭᠤᠨ ᠳᠤ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠤᠯ ᠴᠤᠭᠴᠠ 3678 ᠪᠣᠯᠪᠠ᠃ ︽ | ᠬᠤᠶᠠᠷ ᠢ ᠳᠠᠭᠠᠤ ᠳᠤᠨᠢ᠂ ᠨᠢᠭᠡ ᠶᠢ ᠢᠯᠡ ᠪᠤᠯᠭᠠᠬᠤ︾ ᠬᠢᠨᠠᠯᠳᠠ ᠲᠠᠯᠪᠢᠬᠤ ᠳᠦᠷᠢᠮ ᠢ ᠨᠠᠶᠢᠳᠠᠪᠤᠷᠢᠵᠢᠭᠤᠯᠵᠤ᠂ | ᠬᠠᠷᠢᠭᠤᠴᠠᠯᠭ᠎ᠠ ᠶᠢᠨ ᠨᠠᠷᠢᠨ ᠳᠠᠩᠰᠠ 4522 ᠲᠥᠷᠥᠯ ᠢ ᠨᠡᠶᠢᠳᠡᠯᠡᠪᠡ᠃ ᠪᠡᠯᠡ ᠣᠷᠤᠭᠤᠯᠬᠤ ᠪᠠᠶᠢᠭᠤᠯᠤᠮᠵᠢ ᠶᠢᠨ | ᠥᠭᠡᠷᠡᠴᠢᠯᠡᠯᠳᠡ ᠲᠤᠮᠤ ᠶᠡᠭᠡ ᠰᠢᠪᠲᠤᠯᠤᠯᠳᠠ ᠲᠠᠢ ᠪᠣᠯᠪᠠ᠂ PPP᠂ ᠲᠤᠰᠬᠠᠢ ᠲᠥᠷᠥᠯ ᠤᠨ ᠪᠥᠲᠥᠭᠡᠨ | ᠪᠠᠶᠢᠭᠤᠯᠤᠯᠳᠠ ᠶᠢᠨ ᠰᠠᠭᠤᠷᠢ ᠮᠦᠩᠭᠦ᠂ ᠠᠵᠤ ᠤᠶᠢᠯᠠᠰ ᠤᠨ ᠬᠦᠭᠵᠢᠯᠳᠠ ᠶᠢᠨ ᠰᠠᠭᠤᠷᠢ ᠮᠦᠩᠬᠦ᠂ ᠵᠠᠰᠠᠭ ᠤᠨ | ᠣᠷᠳᠣᠨ ᠠᠴᠠ ᠬᠤᠳᠠᠯᠳᠤᠨ ᠠᠪᠬᠤ ᠦᠢᠯᠡᠴᠢᠯᠡᠭᠡ ᠵᠡᠷᠭᠡ ᠠᠷᠭ᠎ᠠ ᠬᠡᠯᠪᠡᠷᠢ ᠪᠠᠷ 47.5 ᠳ᠋ᠥᠩᠰᠢᠭᠤᠷ ᠲᠦᠭᠦᠷᠢᠭ | ᠪᠡᠯᠡ ᠴᠤᠭᠯᠠᠭᠤᠯᠵᠤ᠂ ᠭᠦᠸᠧ ᠲᠠᠢ ᠵᠢᠶᠦ᠋ᠨ ᠠᠠ ᠳᠡᠮᠳᠡᠭᠲᠦ ᠺᠤᠮᠫᠠᠨᠢ ᠲᠠᠢ ᠪᠦᠬᠦ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠬᠠᠮᠳᠤᠷᠠᠯᠴᠠᠭ᠎ᠠ ᠶᠢᠨ ᠭᠡᠷ᠎ᠡ ᠳᠤᠭᠳᠠᠪᠠ᠃ ᠰᠤᠷᠭᠠᠨ ᠬᠦᠮᠦᠵᠢᠯ ᠵᠠᠰᠠᠭ ᠵᠠᠬᠢᠷᠭᠠᠴᠢᠯᠠᠬᠤ ᠶᠢ | ᠦᠭᠡᠶᠢᠰᠭᠡᠬᠦ ᠶᠢ ᠯᠠᠪᠳᠠᠭᠤᠨ ᠢᠶᠠᠷ ᠳᠦᠯᠬᠢᠨ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ | ᠵᠠᠬᠢᠷᠤᠯ ᠢ ᠤᠷᠢᠬᠤ ᠳᠦᠷᠢᠮ ᠢ ᠬᠡᠷᠡᠭᠵᠢᠭᠦᠯᠵᠦ᠂ ᠰᠤᠮᠤ ᠪᠠᠯᠭᠠᠰᠤᠨ ᠤ ᠶᠡᠷᠦᠩᠬᠡᠢ ᠰᠤᠷᠭᠠᠭᠤᠯᠢ ᠶᠢᠨ ᠬᠠᠮᠢᠶᠠᠷᠤᠯᠳᠠ | ᠶᠢᠨ ᠪᠠᠶᠢᠭᠤᠯᠤᠮᠵᠢ ᠶᠢ ᠬᠠᠰᠤᠵᠤ᠂ ︽ᠶᠡᠷᠦᠩᠬᠡᠢ ᠰᠤᠷᠭᠠᠭᠤᠯᠢ ᠶᠢᠨ ᠬᠠᠮᠢᠶᠠᠷᠤᠯᠳᠠ ᠶᠢᠨ ᠪᠠᠶᠢᠭᠤᠯᠤᠮᠵᠢ︾ ᠶᠢ | ᠬᠤᠪᠢᠷᠠᠭᠤᠯᠤᠨ ︽ᠭᠤᠤᠯ ᠪᠠᠭ᠎ᠠ ᠰᠤᠷᠭᠠᠭᠤᠯᠢ ᠶᠢᠨ ᠬᠠᠮᠢᠶᠠᠷᠤᠯᠳᠠ ᠶᠢᠨ ᠪᠠᠶᠢᠭᠤᠯᠤᠮᠵᠢ︾ ᠪᠣᠯᠭᠠᠪᠠ᠃ ᠳᠤᠭᠳᠠᠮᠠᠯ | ᠬᠥᠷᠥᠩᠭᠡ ᠶᠢ ᠳᠠᠩᠰᠠᠯᠠᠬᠤ ᠬᠠᠮᠢᠶᠠᠷᠤᠯᠳᠠ ᠶᠢᠨ ᠳᠤᠪᠴᠢᠶ᠎ᠠ ᠶᠢ ᠪᠠᠶᠢᠭᠤᠯᠵᠤ᠂ ᠪᠦᠬᠦ ᠬᠤᠳᠠ ᠳᠤ ᠬᠠᠮᠤᠭ ᠤᠨ | ᠲᠡᠷᠢᠭᠦᠨ ᠳᠤ ᠳᠤᠭᠳᠠᠮᠠᠯ ᠬᠥᠷᠥᠩᠭᠡ ᠶᠢ ᠳᠠᠩᠰᠠᠯᠠᠬᠤ ᠠᠵᠢᠯ ᠢ ᠥᠷᠨᠢᠭᠦᠯᠪᠡ᠃ ᠪᠦᠬᠦ ᠬᠤᠰᠢᠭᠤᠨ ᠤ ᠠᠯᠤᠰ | ᠡᠵᠡᠮᠰᠢᠯᠳᠦ ᠬᠠᠷᠠᠭᠠᠨ ᠳᠠᠪᠳᠠᠮᠵᠢ ᠪᠠᠷ ᠰᠤᠷᠪᠤᠯᠵᠢᠯᠠᠭ᠎ᠠ ᠶᠢ ᠵᠠᠯᠭᠠᠬᠤ ᠰᠢᠰᠲ᠋ᠧᠮ ᠠᠰᠢᠭᠯᠠᠯᠳᠠ ᠳᠤ ᠣᠷᠤᠵᠤ᠂ | ᠵᠠᠬᠢᠳᠠᠯ ᠰᠤᠷᠪᠤᠯᠵᠢᠯᠠᠭ᠎ᠠ ᠶᠢᠨ ᠬᠦᠴᠢᠷᠳᠡᠯ ᠢ ᠦᠭᠡᠶᠢᠰᠬᠡᠬᠦ ︽ᠵᠢᠷᠭᠤᠭᠠᠨ ᠠᠯᠬᠤᠮ ᠤᠨ ᠠᠵᠢᠯᠯᠠᠬᠤ ᠠᠷᠭ᠎ᠠ︾ ᠶᠢ | ᠪᠦᠬᠦ ᠬᠤᠳᠠ ᠳᠤ ᠳᠡᠯᠭᠡᠷᠡᠭᠦᠯᠪᠡ᠃ ᠤᠯᠤᠰ ᠤᠨ ᠥᠮᠴᠢᠯᠡᠯᠳᠦ ᠣᠢ ᠰᠢᠭᠤᠢ ᠶᠢᠨ ᠲᠠᠯᠠᠪᠤᠷ᠂ ᠪᠠᠭ᠎ᠠ ᠬᠡᠯᠪᠡᠷᠢ ᠶᠢᠨ | ᠤᠰᠤᠨ ᠠᠰᠢᠬᠯᠠᠯᠳᠠ ᠶᠢᠨ ᠢᠨᠵᠧᠨᠧᠷᠢᠭ ᠤᠨ ᠬᠠᠮᠢᠶᠠᠷᠤᠯᠳᠠ ᠶᠢᠨ ᠪᠠᠶᠢᠭᠤᠯᠤᠯ᠂ ᠭᠠᠵᠠᠷ ᠰᠢᠷᠤᠢ ᠶᠢ ᠳᠠᠭᠠᠭᠠᠴᠢᠯᠠᠨ | ᠡᠵᠡᠩᠨᠡᠬᠦ ᠡᠷᠬᠡ ᠶᠢ ᠳᠤᠭᠳᠠᠭᠠᠵᠤ ᠳᠠᠩᠰᠠᠯᠠᠬᠤ ᠦᠨᠡᠮᠯᠡᠯ ᠤᠨ ᠲᠤᠷᠰᠢᠯᠳᠠ ᠶᠢᠨ ᠴᠢᠭ ᠤᠨ ᠥᠭᠡᠷᠡᠴᠢᠯᠡᠯᠳᠡ ᠶᠢᠨ | ᠠᠵᠢᠯ ᠢ ᠡᠬᠢᠯᠡᠭᠦᠯᠪᠡ᠃ ᠠᠯᠪᠠᠨ ᠲᠡᠷᠭᠡ ᠬᠡᠷᠡᠭᠯᠡᠬᠦ᠂ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ | ᠨᠠᠰᠤᠵᠢᠯ ᠤᠨ ᠳᠠᠭᠠᠳᠬᠠᠯ᠂ ᠷᠠᠳᠢᠤ᠋ ᠲᠧᠯᠸᠢᠰ ᠤᠨ ᠠᠵᠢᠯ ᠦᠢᠯᠡᠰ ᠤᠨ ᠨᠢᠭᠡᠴᠡ ᠶᠢ ᠠᠵᠢᠯ ᠤᠶᠢᠯᠠᠰ ᠠᠵᠤ | ᠠᠬᠤᠶᠢᠯᠠᠯ ᠪᠤᠯᠭᠠᠨ ᠰᠠᠯᠭᠠᠬᠤ ᠥᠭᠡᠷᠡᠴᠢᠯᠡᠯᠳᠡ ᠶᠢᠨ ᠡᠭᠦᠷᠭᠡ ᠶᠢ ᠪᠠᠷᠠᠭᠠᠪᠠ᠃ | ᠵᠠᠰᠠᠭ ᠤᠨ ᠣᠷᠳᠤᠨ ᠤ ᠬᠤᠪᠢ ᠪᠡᠶ᠎ᠡ ᠶᠢᠨ ᠪᠠᠶᠢᠭᠤᠯᠤᠯᠳᠠ ᠶᠢ ᠦᠨᠡᠨᠬᠦ ᠴᠢᠩᠭᠠᠳᠬᠠᠪᠠ᠃ ︽ᠬᠤᠶᠠᠷ ᠢ | ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠢ ᠯᠠᠪᠳᠠᠭᠤᠨ ᠪᠠᠳᠤᠳᠠᠢ | ᠥᠷᠨᠢᠭᠦᠯᠵᠦ᠂ ︽ᠳᠦᠷᠪᠡᠨ ᠦᠵᠡᠯᠳᠡ︾ ᠪᠦᠬᠦ ᠲᠠᠯ᠎ᠠ ᠪᠠᠷ ᠴᠢᠩᠭᠠᠷᠠᠪᠠ᠃ ᠵᠠᠰᠠᠭ ᠤᠨ ᠤᠷᠳᠤᠨ ᠤ ᠡᠷᠬᠢᠯᠳᠠ | ᠪᠠ ᠵᠠᠰᠠᠭ ᠤᠨ ᠤᠷᠳᠤᠨ ᠤ ᠠᠵᠢᠯᠳᠠᠨ ᠤ ᠵᠠᠰᠠᠭ ᠲᠤ ᠤᠷᠤᠯᠴᠠᠬᠤ ᠠᠵᠢᠯᠯᠠᠭ᠎ᠠ ᠶᠢᠨ ᠬᠤᠶᠠᠷ ᠲᠦᠭᠰᠢᠬᠦᠷᠢ ᠶᠢ | ᠴᠢᠩᠭ᠎ᠠ ᠡᠵᠡᠮᠳᠡᠵᠤ᠂ ᠤᠯᠤᠰ ᠤᠨ ᠲᠤᠮᠤ ᠶᠡᠭᠡ ᠲᠥᠷᠥ ᠶᠢᠨ ᠪᠤᠳᠤᠯᠭ᠎ᠠ ᠠᠷᠭ᠎ᠠ ᠪᠤᠳᠤᠯᠭ᠎ᠠ ᠶᠢ | ᠨᠠᠶᠢᠳᠠᠪᠤᠷᠢᠵᠢᠭᠤᠯᠬᠤ ᠪᠠᠶᠢᠳᠠᠯ ᠢ ᠬᠢᠨᠠᠨ ᠪᠤᠳᠤᠬᠤ᠂ ᠳᠤᠭᠳᠠᠮᠠᠯ ᠬᠥᠷᠥᠩᠭᠡ ᠶᠢᠨ ᠪᠡᠯᠡ ᠣᠷᠤᠭᠤᠯᠤᠯᠳᠠ ᠶᠢ ᠬᠢᠨᠠᠨ | ᠪᠤᠳᠤᠬᠤ᠂ ᠠᠵᠤ ᠠᠬᠤᠢ ᠶᠢᠨ ᠡᠭᠦᠷᠭᠡ ᠬᠠᠷᠢᠭᠤᠴᠠᠯᠭ᠎ᠠ ᠶᠢ ᠬᠢᠨᠠᠨ ᠪᠤᠳᠤᠬᠤ ᠪᠠ ᠡᠳ᠋ ᠤᠨ ᠵᠠᠰᠠᠭ ᠢ ᠬᠢᠨᠠᠨ | ᠪᠤᠳᠤᠬᠤ ᠠᠵᠢᠯ ᠢ ᠥᠷᠨᠢᠭᠦᠯᠵᠦ᠂ 175 ᠪᠠᠶᠢᠭᠤᠯᠤᠯᠭ᠎ᠠ ᠶᠢᠨ ᠡᠳ᠋ ᠤᠨ ᠵᠠᠰᠠᠭ ᠤᠨ ᠰᠠᠬᠢᠯᠭ᠎ᠠ ᠪᠠᠳᠤ ᠶᠢ | ᠬᠡᠷᠡᠭᠵᠢᠭᠦᠯᠬᠦ ᠪᠠᠶᠢᠳᠠᠯ᠂ ︽ᠭᠤᠷᠪᠠᠨ ᠴᠢᠬᠤᠯᠠ ᠨᠢᠭᠡ ᠶᠡᠭᠡ︾ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠲᠤᠰᠬᠠᠢ ᠲᠥᠷᠥᠯ ᠢᠶᠠᠷ ᠬᠢᠨᠠᠨ ᠱᠠᠭᠠᠷᠳᠠᠬᠤ᠂ ᠵᠠᠰᠠᠵᠤ ᠴᠡᠭᠴᠡᠯᠡᠬᠦ ᠠᠵᠢᠯ ᠢ ᠪᠠᠷᠠᠭᠠᠪᠠ᠃ ︽ᠡᠰᠡ ᠦᠢᠯᠡᠳᠬᠦᠢ᠂ | ᠤᠳᠠᠭᠠᠨ ᠦᠢᠯᠡᠳᠬᠦᠢ᠂ ᠳᠤᠷ᠎ᠠ ᠪᠠᠷ ᠦᠢᠯᠡᠳᠬᠦᠢ︾ ᠠᠵᠢᠯᠯᠠᠭ᠎ᠠ ᠶᠢ ᠶᠡᠭᠡ ᠬᠦᠴᠦᠨ ᠢᠶᠠᠷ ᠵᠠᠰᠠᠨ ᠴᠡᠭᠴᠡᠯᠡᠵᠦ᠂ | ᠵᠠᠰᠠᠭ ᠤᠨ ᠰᠤᠷᠳᠠᠯ ᠠᠵᠢᠯ ᠤᠨ ᠰᠤᠷᠳᠠᠯ ᠦᠷᠭᠦᠯᠵᠢᠯᠡᠨ ᠰᠠᠶᠢᠨ ᠡᠷᠭᠢᠯᠳᠡ ᠲᠠᠢ ᠪᠤᠯᠪᠠ᠃ ᠡᠳ᠋ ᠤᠨ ᠵᠠᠰᠠᠭ ᠤᠨ | ᠪᠡᠯᠡ ᠣᠷᠤᠭᠤᠯᠤᠯᠳᠠ ᠶᠢ ᠬᠢᠨᠠᠨ ᠳᠤᠭᠳᠠᠭᠠᠬᠤ ᠣᠯᠠᠨ ᠨᠡᠶᠢᠲᠡ ᠶᠢᠨ ᠡᠬᠢ ᠰᠤᠷᠪᠤᠯᠵᠢ ᠶᠢᠨ ᠠᠷᠠᠯᠵᠢᠶ᠎ᠠ ᠪᠠᠷ | ᠳᠠᠮᠵᠢᠵᠤ᠂ ᠡᠳ᠋ ᠤᠨ ᠵᠠᠰᠠᠭ ᠤᠨ ᠪᠡᠯᠡ ᠮᠦᠩᠭᠦ ᠶᠢ 3.6 ᠳ᠋ᠥᠩᠰᠢᠭᠤᠷ ᠲᠦᠭᠦᠷᠢᠭ ᠠᠷᠪᠢᠯᠠᠪᠠ᠃ ᠪᠦᠬᠦ ᠵᠢᠯ ᠳᠤ | ᠠᠷᠠᠳ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ 136 ᠵᠤᠷᠪᠤᠰ᠂ ᠤᠯᠤᠰ ᠲᠥᠷᠥ ᠶᠢᠨ ᠵᠥᠪᠯᠡᠯᠭᠡᠨ ᠤ | ᠬᠡᠰᠢᠭᠦᠨ ᠤ ᠰᠠᠨᠠᠯ ᠳᠤᠷᠠᠳᠤᠯᠭ᠎ᠠ 104 ᠵᠣᠷᠪᠤᠰ᠂ ᠬᠤᠳᠠ ᠶᠢᠨ ᠳᠠᠷᠤᠭ᠎ᠠ ᠶᠢᠨ ᠳ᠋ᠢᠶᠠᠩᠬᠤᠸᠠ ᠶᠢ ᠳᠠᠮᠵᠢᠭᠤᠯᠤᠨ | ᠰᠢᠢᠳᠪᠤᠷᠢᠯᠡᠭᠰᠡᠨ 6 ᠵᠦᠢᠯ᠂ ᠰᠢᠢᠳᠪᠤᠷᠢᠯᠡᠨ ᠬᠠᠷᠢᠭᠤᠯᠳᠠ ᠦᠭᠭᠦᠭᠰᠡᠨ ᠨᠤᠷᠮ᠎ᠠ 100%᠃ ︽ᠪᠦᠬᠦᠨ ᠢ | ᠪᠦᠷᠭᠦᠭᠦᠯᠬᠦ᠂ ᠵᠠᠢ ᠵᠠᠪᠰᠠᠷ ᠦᠭᠡᠢ᠂ ᠥᠴᠥᠬᠡᠨ ᠴᠦ ᠬᠦᠯᠢᠴᠡᠵᠦ ᠪᠤᠯᠬᠤ ᠦᠭᠡᠢ᠂ ᠡᠷᠡᠰ ᠢᠶᠠᠷ ᠬᠠᠤᠯᠢ | ᠬᠡᠷᠡᠭᠵᠢᠭᠦᠯᠬᠦ︾ ᠱᠠᠭᠠᠷᠳᠠᠯᠭ᠎ᠠ ᠪᠠᠷ᠂ ᠠᠶᠤᠯᠭᠦᠢ ᠦᠢᠯᠡᠳᠪᠤᠷᠢᠯᠡᠯ ᠤᠨ ᠶᠡᠭᠡ ᠪᠠᠶᠢᠴᠠᠭᠠᠯᠳᠠ ᠶᠢᠨ ᠠᠵᠢᠯ ᠢ ᠪᠦᠬᠦ | ᠬᠦᠴᠦᠨ ᠢᠶᠠᠷ ᠠᠳᠬᠤᠵᠤ᠂ ᠠᠭᠤᠷᠬᠠᠢ ᠶᠢᠨ ᠪᠤᠰᠤ᠂ ᠦᠢᠯᠡᠳᠪᠤᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠵᠡᠷᠭᠡ | ᠬᠦᠷᠢᠶ᠎ᠡ ᠬᠡᠪᠴᠢᠶ᠎ᠡ ᠳᠤ ᠠᠶᠤᠯ ᠠᠳᠡᠯ ᠦᠭᠡᠢ᠂ ᠦᠬᠦᠳᠡᠯ ᠦᠭᠡᠢ ᠪᠠᠶᠢᠬᠤ ᠶᠢ ᠪᠠᠶᠠᠯᠠᠬᠦᠯᠪᠠ᠃ ᠨᠡᠶᠢᠭᠡᠮ ᠤᠨ | ᠠᠮᠤᠷ ᠲᠦᠪᠰᠢᠨ ᠤ ᠳᠠᠪᠬᠤᠷᠭᠠᠳᠤ ᠰᠡᠷᠭᠡᠶᠢᠯᠡᠯᠳᠡ ᠶᠢᠨ ᠰᠢᠰᠲ᠋ᠧᠮ ᠢ ᠣᠯᠠᠮ ᠨᠢᠭᠡ ᠠᠯᠬᠤᠮ ᠴᠢᠩᠭᠠᠳᠬᠠᠵᠤ᠂ | ᠡᠷᠡᠭᠦᠦ ᠶᠢᠨ ᠬᠡᠷᠡᠭ ᠶᠡᠬᠡᠪᠡᠷ ᠪᠠᠭᠠᠰᠪᠠ᠃ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠴᠢᠷ ᠢ | ᠰᠠᠶᠢᠳᠤᠷ ᠰᠢᠢᠳᠪᠤᠷᠢᠯᠡᠵᠦ᠂ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠪᠠᠶᠢᠬᠤ ᠶᠢ ᠬᠦᠴᠦᠳᠠᠢ ᠬᠠᠮᠠᠭᠠᠯᠠᠪᠠ᠃ | ᠬᠤᠶᠠᠷ ᠢ ᠬᠦᠷᠢᠶᠡᠯᠡᠵᠦ ᠬᠠᠮᠳᠤᠪᠠᠷ ᠪᠠᠶᠢᠭᠤᠯᠬᠤ᠂ ᠦᠨᠳᠦᠰᠦᠳᠡᠨ ᠱᠠᠰᠢᠨ ᠰᠤᠷᠳᠠᠬᠤᠨ᠂ ᠰᠢᠨᠵᠢᠯᠡᠭᠡ ᠮᠡᠷᠭᠡᠵᠢᠯ᠂ | ᠳᠠᠩᠰᠠ ᠡᠪᠬᠡᠮᠡᠯ᠂ ᠣᠷᠤᠨ ᠨᠤᠲᠤᠭ ᠤᠨ ᠣᠶᠢᠯᠠᠯᠭ᠎ᠠ᠂ ᠠᠷᠠᠳ ᠤᠨ ᠠᠭᠠᠷ ᠰᠡᠷᠭᠡᠶᠢᠯᠡᠯᠳᠡ᠂ ᠬᠠᠷᠢᠶᠠᠳᠤ ᠶᠢᠨ | ᠶᠠᠪᠤᠳᠠᠯ᠂ ᠭᠠᠯ ᠢ ᠰᠡᠷᠭᠡᠶᠢᠯᠡᠬᠦ᠂ ᠴᠠᠭ ᠠᠭᠤᠷ᠂ ᠭᠠᠵᠠᠷ ᠬᠦᠳᠡᠯᠤᠯᠳᠡ᠂ ᠨᠢᠭᠦᠯᠡᠰᠦᠩᠬᠦᠢ᠂ ᠵᠡᠮᠳᠡᠭᠴᠤᠳ᠂ | ᠤᠯᠠᠭᠠᠨ ᠵᠠᠭᠠᠯᠠᠮᠠᠶᠢᠳᠠᠨ ᠵᠡᠷᠭᠡ ᠠᠵᠢᠯ ᠰᠢᠨ᠎ᠡ ᠦᠷ᠎ᠡ ᠪᠥᠲᠥᠮᠵᠢ ᠶᠢ ᠣᠯᠵᠣ᠂ ᠪᠦᠬᠦ ᠬᠤᠰᠢᠭᠤᠨ ᠤ ᠠᠵᠤ ᠠᠬᠤᠢ | ᠶᠢᠨ ᠬᠦᠭᠵᠢᠯᠳᠡ ᠳᠤ ᠰᠢᠨ᠎ᠡ ᠬᠤᠪᠢ ᠨᠡᠮᠡᠷᠢ ᠶᠢ ᠦᠵᠡᠭᠦᠯᠦᠭᠰᠡᠨ ᠪᠠᠶᠢᠨ᠎ᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠤᠨ ᠠᠵᠢᠯ ᠢ ᠡᠷᠭᠢᠴᠡᠭᠦᠯᠪᠡᠯ᠂ ᠮᠠᠨ ᠳᠤ ᠲᠤᠯᠭᠠᠷᠠᠬᠰᠠᠨ | ᠬᠦᠴᠢᠷᠳᠡᠯ ᠨᠢ ᠳᠥᠰᠥᠪᠯᠡᠨ ᠪᠤᠳᠤᠭᠰᠠᠨ ᠠᠴᠠ ᠶᠡᠭᠡ᠂ ᠭᠡᠪᠡᠴᠦ ᠣᠯᠣᠭᠰᠠᠨ ᠬᠢᠷᠢ ᠪᠥᠲᠥᠮᠵᠢ ᠤᠷᠢᠳᠴᠢᠯᠠᠨ | ᠳᠤᠭᠳᠠᠭᠰᠠᠨ ᠠᠴᠠ ᠰᠠᠶᠢᠨ᠃ ᠨᠢᠭᠡ ᠵᠢᠯ ᠤᠨ ᠳᠤᠷᠰᠢ᠂ ᠪᠦᠬᠦ ᠬᠤᠰᠢᠭᠤᠨ ᠤ ᠳᠡᠭᠡᠳᠦ ᠳᠤᠤᠷᠠᠳᠤ ᠱᠠᠳᠤᠨ ᠤ | ᠬᠠᠮᠳᠤ ᠶᠢᠨ ᠴᠢᠷᠮᠠᠶᠢᠯᠭ᠎ᠠ ᠳᠤᠤᠷ᠎ᠠ᠂ ᠠᠵᠤ ᠠᠬᠤᠢ ᠶᠢᠨ ᠬᠦᠭᠵᠢᠯᠳᠡ ᠬᠡᠮᠵᠢᠶ᠎ᠡ ᠥᠷᠭᠡᠳᠦᠭᠰᠡᠨ ᠢᠶᠠᠷ ᠪᠠᠷᠠᠬᠤ ᠦᠭᠡᠢ | ᠪᠠᠰᠠ ᠴᠢᠨᠠᠷ ᠲᠡᠭᠡᠭᠰᠢᠯᠠᠵᠤ᠂ ᠨᠢᠭᠡ ᠪᠦᠯᠦᠭ ᠠᠵᠢᠯ ᠳᠡᠭᠡᠳᠦ ᠱᠠᠳᠤᠨ ᠤ ᠤᠳᠤᠷᠢᠳᠤᠯᠭ᠎ᠠ ᠶᠢᠨ ᠨᠤᠳᠠᠯᠠᠯᠳᠠ ᠪᠠ | ᠬᠦᠷᠢᠶᠠᠯᠠᠯ ᠢ ᠣᠯᠣᠭᠰᠠᠨ ᠪᠠᠶᠢᠨ᠎ᠠ᠃ ᠤᠯᠤᠰ ᠤᠨ ᠶᠠᠪᠤᠳᠠᠯ ᠤᠨ ᠠᠯᠪᠠᠨ ᠭᠡᠷ ᠤᠨ ᠬᠢᠨᠠᠨ ᠱᠠᠭᠠᠷᠳᠠᠬᠤ | ᠳᠤᠭᠤᠶᠢᠯᠠᠩ ᠤᠩᠨᠢᠭᠤᠳ ᠬᠤᠰᠢᠭᠤᠨ ᠳᠠᠬᠢ ᠶᠡᠷᠦᠩᠬᠡᠢ ᠰᠠᠶᠢᠳ ᠤᠨ ᠪᠠᠶᠢᠴᠠᠭᠠᠨ ᠰᠤᠳᠤᠯᠤᠭᠰᠠᠨ ᠵᠢᠭᠠᠪᠤᠷᠢ ᠶᠢᠨ | ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠳᠤ ᠳᠡᠭᠡᠳᠦ ᠬᠡᠮᠵᠢᠶᠡᠨ ᠤ ᠦᠨᠡᠯᠡᠯᠳᠡ ᠦᠭᠪᠡ᠃ ︽ᠠᠷᠠᠳ ᠤᠨ | ᠡᠳᠦᠷ ᠤᠨ ᠰᠤᠨᠢᠨ︾ ᠨᠢ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠲᠤᠰᠬᠤᠨ ᠳᠤ ᠣᠷᠤᠬᠤ᠂ ᠲᠠᠷᠢᠶᠠᠴᠢᠨ | ᠣᠶᠢᠷᠬᠠᠨ ᠳᠤ ᠶᠠᠪᠤᠳᠠᠯ ᠢᠶᠠᠨ ᠰᠢᠢᠳᠪᠤᠷᠢᠯᠡᠬᠦ︾ ᠪᠠᠷ ᠭᠤᠤᠯ ᠰᠡᠳᠦᠪ ᠪᠤᠯᠭᠠᠭᠰᠠᠨ ᠲᠡᠷᠢᠭᠦᠨ ᠨᠢᠭᠤᠷ ᠤᠨ ᠬᠡᠪᠯᠡᠯ | ᠳᠤ ᠤᠩᠨᠢᠭᠤᠳ ᠬᠤᠰᠢᠭᠤᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠠᠵᠢᠯ ᠢ ᠨᠡᠶᠢᠳᠡᠯᠡᠪᠡ᠃ | ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠳᠤᠪᠴᠢᠶ᠎ᠠ ᠪᠠ ᠰᠢᠨᠬᠤᠸᠠ ᠰᠦᠯᠵᠢᠶ᠎ᠡ ᠬᠤᠯᠪᠤᠭᠠᠯᠠᠨ ᠭᠠᠷᠭᠠᠭᠰᠠᠨ ︽ | ᠰᠢᠶᠠᠨ ᠤ ᠱᠦᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠳᠤᠬᠠᠢ ᠶᠠᠷᠢᠬᠤ ᠨᠢ︾ ᠰᠢᠷᠢᠰ ᠰᠤᠷᠪᠤᠯᠵᠢᠯᠠᠭ᠎ᠠ ᠶᠢᠨ | ᠫᠷᠦᠭᠷᠡᠮ ᠳᠤ᠂ ᠤᠩᠨᠢᠭᠤᠳ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠤᠷᠰᠢᠯᠭ᠎ᠠ ᠬᠢᠳᠡᠯ ᠢ | ᠲᠤᠰᠬᠠᠢ ᠰᠡᠳᠦᠪ ᠢᠶᠠᠷ ᠮᠡᠳᠡᠭᠡᠯᠡᠪᠡ᠃ ︽ᠥᠪᠥᠷ ᠮᠣᠩᠭᠤᠯ ᠤᠨ ᠡᠳᠦᠷ ᠤᠨ ᠰᠤᠨᠢᠨ︾᠂ ︽ᠤᠯᠠᠭᠠᠨ ᠬᠠᠳᠠ | ᠶᠢᠨ ᠡᠳᠦᠷ ᠤᠨ ᠰᠤᠨᠢᠨ︾ ᠵᠡᠷᠭᠡ ᠣᠷᠤᠨ ᠤ ᠳᠤᠳᠤᠨᠠᠬᠢ ᠭᠤᠤᠯ ᠵᠠᠭᠤᠴᠢᠯᠠᠭᠤᠷ ᠪᠠᠰᠠ ᠮᠠᠨ ᠤ ᠬᠤᠰᠢᠭᠤᠨ ᠤ | ᠤᠨᠢᠨ ᠲᠠᠭᠡᠷ᠎ᠡ ᠨᠢ ᠶᠠᠳᠠᠭᠤ ᠶᠢ ᠳᠡᠳᠬᠦᠬᠦ᠂ ᠭᠤᠶᠤ ᠰᠠᠶᠢᠬᠠᠨ ᠬᠥᠳᠡᠭᠡ ᠲᠤᠰᠬᠤᠨ ᠤ ᠪᠥᠲᠥᠭᠡᠨ ᠪᠠᠶᠢᠭᠤᠯᠤᠯᠳᠠ᠂ | ᠬᠥᠳᠡᠭᠡ ᠠᠶᠢᠯ ᠤᠨ ᠵᠤᠭᠠᠴᠠᠯ ᠵᠡᠷᠭᠡ ᠬᠡᠪᠴᠢᠶᠡᠨ ᠳᠤ ᠮᠦᠷᠳᠡᠨ ᠰᠤᠷᠪᠤᠯᠵᠢᠯᠠᠭ᠎ᠠ ᠬᠢᠵᠦ᠂ ᠪᠦᠬᠦ ᠬᠤᠰᠢᠭᠤᠨ ᠤ | ᠥᠷᠭᠡᠨ ᠣᠯᠠᠨ ᠲᠦᠮᠡᠨ ᠤ ᠠᠳᠠᠯ ᠦᠢᠯᠡᠰ ᠪᠤᠰᠬᠠᠬᠤ᠂ ᠬᠦᠭᠵᠢᠯᠳᠡ ᠶᠢ ᠳᠥᠷᠭᠡᠳᠬᠡᠬᠦ ᠳᠤ ᠢᠳᠡᠬᠡᠯ ᠵᠤᠷᠢᠭ ᠢ | ᠣᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ | ᠲᠥᠯᠥᠭᠡᠯᠡᠭᠴᠢᠳ ᠡ᠂ ᠲᠡᠮᠡᠴᠡᠯ ᠳᠤ ᠬᠦᠴᠢᠷ ᠪᠡᠷᠬᠡ ᠳᠠᠭᠠᠯᠳᠤᠨ ᠢᠯᠠᠯᠳᠠ ᠳᠤ ᠣᠶᠣᠨ ᠤᠬᠠᠭᠠᠨ | ᠨᠢᠭᠳᠠᠷᠠᠵᠤ ᠪᠠᠶᠢᠳᠠᠭ᠃ ᠥᠩᠭᠡᠷᠡᠭᠰᠡᠨ ᠨᠢᠭᠡ ᠵᠢᠯ ᠤᠨ ᠬᠢᠷᠢ ᠪᠥᠲᠥᠮᠵᠢ ᠳᠤ ᠬᠤᠰᠢᠭᠤᠨ ᠤ ᠬᠡᠳᠦᠨ ᠶᠡᠭᠡ | ᠤᠳᠤᠷᠢᠳᠬᠤ ᠪᠠᠭ ᠤᠨ ᠪᠦᠯᠬᠦᠮᠳᠡᠨ ᠨᠢᠭᠳᠠᠷᠠᠵᠤ᠂ ᠰᠢᠨᠵᠢᠯᠡᠬᠦ ᠤᠬᠠᠭᠠᠨᠴᠢ ᠪᠠᠷ ᠤᠯᠠᠷᠢᠭᠤᠯᠤᠨ ᠪᠤᠳᠤᠭᠰᠠᠨ ᠪᠠ | ᠪᠦᠬᠦ ᠲᠥᠯᠥᠭᠡᠯᠡᠭᠴᠢ ᠬᠡᠰᠢᠭᠦᠨ᠂ ᠨᠡᠶᠢᠭᠡᠮ ᠤ ᠡᠯ᠎ᠡ ᠡᠲᠡᠬᠡᠳ ᠤᠨ ᠤᠬᠠᠭᠠᠨ ᠪᠤᠳᠤᠯᠭ᠎ᠠ ᠭᠠᠷᠭᠠᠵᠤ᠂ ᠪᠦᠬᠦ | ᠬᠦᠴᠦᠨ ᠢᠶᠠᠷ ᠳᠡᠮᠵᠢᠵᠤ ᠪᠦᠬᠦ ᠬᠤᠰᠢᠭᠤᠨ ᠤ ᠥᠷᠭᠡᠨ ᠣᠯᠠᠨ ᠺᠠᠳᠠᠷ ᠣᠯᠠᠨ ᠲᠦᠮᠡᠨ ᠤ ᠬᠠᠷᠠᠮ ᠦᠭᠡᠢ ᠬᠤᠪᠢ | ᠨᠡᠮᠡᠷᠢ᠂ ᠬᠦᠴᠦ ᠬᠥᠯᠥᠰᠥ ᠰᠢᠩᠭᠡᠵᠦ ᠪᠠᠶᠢᠬᠤ ᠶᠤᠮ᠃ ᠡᠭᠦᠨ ᠳᠤ ᠪᠢ ᠬᠤᠰᠢᠭᠤᠨ ᠤ ᠵᠠᠰᠠᠭ ᠤᠨ ᠣᠷᠳᠤᠨ ᠢ | ᠲᠥᠯᠥᠭᠡᠯᠡᠵᠦ᠂ ᠤᠩᠨᠢᠭᠤᠳ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠳᠠᠮᠵᠢᠵᠤ ᠪᠠᠶᠢᠬᠤ ᠡᠯ᠎ᠡ | ᠦᠨᠳᠦᠰᠦᠳᠡᠨ ᠤ ᠠᠷᠠᠳ ᠲᠦᠮᠡᠨ᠂ ᠡᠯ᠎ᠡ ᠡᠲᠡᠬᠡᠳ ᠤᠨ ᠨᠠᠶᠢᠵᠠ ᠨᠦᠬᠦᠳ ᠲᠤ ᠡᠷᠬᠢᠮ ᠳᠡᠭᠡᠳᠦ ᠲᠠᠯᠠᠷᠬᠠᠯ ᠢᠶᠠᠨ | ᠳᠡᠪᠰᠢᠭᠦᠯᠦᠶ᠎ᠡ᠃ | ᠬᠢᠷᠢ ᠪᠥᠲᠥᠮᠵᠢ ᠪᠠᠨ ᠳ᠋ᠥᠩᠨᠡᠬᠦ ᠶᠢᠨ ᠵᠡᠷᠭᠡᠪᠡᠷ ᠪᠢᠳᠡ ᠰᠡᠷᠬᠡᠭ ᠢᠶᠠᠷ ᠲᠠᠨᠢᠵᠤ ᠣᠯᠣᠭᠰᠠᠨ ᠨᠢ ᠤᠳᠤᠬᠠᠨ | ᠳᠤ ᠮᠠᠨ ᠤ ᠬᠦᠭᠵᠢᠯᠳᠡ ᠶᠢᠨ ᠳᠤᠮᠳᠠ ᠪᠠᠭ᠎ᠠ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠨ᠎ᠠ᠃ ᠭᠤᠤᠯ | ᠢᠯᠡᠷᠡᠯ ᠨᠢ᠄ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠵᠦᠷᠢᠴᠡᠯ ᠳᠤᠪᠤᠶᠢᠮ᠎ᠠ᠂ ᠴᠠᠯᠢᠩ ᠢ ᠪᠠᠳᠤᠯᠠᠬᠤ᠂ | ᠡᠷᠭᠢᠯᠳᠡ ᠶᠢ ᠪᠠᠳᠤᠯᠠᠬᠤ᠂ ᠠᠷᠠᠳ ᠤᠨ ᠠᠮᠢᠳᠤᠷᠠᠯ ᠢ ᠪᠠᠳᠤᠯᠠᠬᠤ ᠵᠠᠷᠤᠯᠭ᠎ᠠ ᠳᠠᠰᠤᠷᠠᠯᠳᠠ ᠦᠭᠡᠢ ᠨᠡᠮᠡᠭᠳᠡᠪᠠ᠃ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠨᠢ ᠪᠦᠬᠦ ᠬᠤᠳᠠ ᠶᠢᠨ ᠲᠡᠭᠰᠢᠳᠭᠡᠭᠰᠡᠨ ᠲᠦᠪᠰᠢᠨ ᠠᠴᠠ | ᠲᠤᠤᠷ᠎ᠠ ᠪᠠᠶᠢᠨ᠎ᠠ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠤᠳᠠᠭᠠᠨ᠂ ᠶᠠᠳᠠᠭᠤ ᠠᠴᠠ ᠠᠩᠬᠢᠵᠢᠷᠠᠬᠤ | ᠪᠤᠭᠤᠮᠳᠠ ᠰᠢᠪᠳᠤᠯᠬᠤ ᠡᠬᠦᠷᠭᠡ ᠬᠦᠨᠳᠤ᠃ ᠠᠵᠤ ᠦᠢᠯᠡᠳᠪᠤᠷᠢ ᠶᠢᠨ ᠪᠡᠯᠡ ᠣᠷᠤᠭᠤᠯᠤᠯᠳᠠ ᠶᠢᠨ ᠳᠠᠳᠠᠨ | ᠬᠦᠳᠡᠯᠭᠡᠬᠦ ᠦᠢᠯᠡᠳᠦᠯ ᠢᠯᠡᠷᠬᠡᠢ ᠪᠤᠰᠤ᠂ ᠶᠡᠭᠡ ᠲᠥᠷᠥᠯ ᠵᠦᠢᠯ ᠤᠨ ᠲᠤᠯᠭᠠᠭᠤᠷᠢᠯᠠᠭᠴᠢ ᠳᠤᠳᠠᠭᠳᠠᠵᠤ᠂ ᠰᠢᠨ᠎ᠡ | ᠡᠨᠧᠷᠭᠢ ᠶᠢᠨ ᠠᠵᠤ ᠦᠢᠯᠡᠰ ᠨᠢ ᠭᠠᠷᠭᠠᠬᠤ ᠵᠠᠮ ᠪᠠ ᠲᠤᠭ᠎ᠠ ᠨᠤᠷᠮ᠎ᠠ ᠶᠢᠨ ᠬᠢᠵᠠᠭᠠᠷᠯᠠᠯ ᠠᠴᠠ ᠨᠢᠭᠡ ᠪᠦᠯᠦᠭ | ᠲᠥᠷᠥᠯ ᠵᠦᠢᠯ ᠢ ᠨᠠᠶᠢᠳᠠᠪᠤᠷᠢᠵᠢᠭᠤᠯᠵᠤ ᠳᠡᠶᠢᠯᠦᠭᠡ ᠦᠭᠡᠢ ᠪᠠᠶᠢᠭᠰᠠᠭᠠᠷ᠃ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰᠵᠢᠯᠳᠡ ᠶᠢᠨ ᠬᠢᠷᠢ ᠬᠡᠮᠵᠢᠶ᠎ᠡ ᠬᠠᠷᠢᠴᠠᠩᠭᠤᠢ ᠪᠠᠷ ᠳᠤᠤᠷ᠎ᠠ᠂ ᠠᠵᠤ ᠠᠬᠤᠶᠢᠯᠠᠯ ᠤᠨ ᠳᠠᠶᠢᠴᠢᠯᠠᠬᠤ | ᠬᠦᠴᠦᠨ ᠪᠠᠭᠤᠷᠠᠢ᠂ ᠦᠷ᠎ᠡ ᠠᠰᠢᠭ ᠨᠢᠭᠳᠠ ᠬᠤᠯᠪᠤᠯᠳᠤᠭᠰᠠᠨ ᠳᠤᠭᠳᠠᠴᠠ ᠬᠠᠷᠠᠬᠠᠨ ᠪᠦᠷᠢᠯᠳᠦᠭᠡ ᠦᠭᠡᠢ᠂ | ᠶᠠᠳᠠᠭᠤ ᠠᠴᠠ ᠠᠩᠬᠢᠵᠢᠷᠠᠬᠤ ᠪᠤᠭᠤᠮᠳᠠ ᠰᠢᠪᠳᠤᠯᠬᠤ ᠡᠬᠦᠷᠭᠡ ᠬᠦᠨᠳᠤ ᠪᠠᠶᠢᠨ᠎ᠠ᠃ ᠤᠳᠤᠬᠢᠴᠢᠯᠠᠭᠰᠠᠨ | ᠦᠢᠯᠡᠴᠢᠯᠡᠭᠡᠨ ᠤ ᠦᠢᠯᠡᠰ ᠤᠨ ᠬᠦᠭᠵᠢᠯᠳᠡ ᠭᠦᠢᠴᠡᠳ ᠦᠭᠡᠢ᠂ ᠰᠤᠶᠤᠯ ᠵᠤᠭᠠᠴᠠᠯ ᠤᠨ ᠠᠵᠤ ᠤᠶᠢᠯᠠᠰ ᠨᠢ ᠠᠵᠤ | ᠠᠬᠤᠢ ᠶᠢᠨ ᠰᠢᠨ᠎ᠠ ᠨᠡᠮᠡᠭᠳᠡᠯ ᠴᠡᠭ ᠪᠤᠯᠵᠤ ᠲᠠᠶᠢᠯᠦᠭᠰᠡᠨ ᠦᠭᠡᠢ᠂ ᠡᠯᠧᠺᠲᠷᠤᠨ ᠠᠵᠤ ᠦᠢᠯᠡᠰ᠂ ᠦᠢᠯᠡᠳᠪᠤᠷᠢᠯᠡᠯ | ᠤᠨ ᠴᠢᠨᠠᠷᠳᠠᠢ ᠦᠢᠯᠡᠴᠢᠯᠡᠭᠡᠨ ᠤ ᠦᠢᠯᠡᠰ ᠤᠨ ᠬᠦᠭᠵᠢᠯᠳᠡ ᠭᠦᠢᠴᠡᠳ ᠦᠭᠡᠢ᠃ ᠬᠤᠳᠠ ᠬᠥᠳᠡᠭᠡ ᠶᠢᠨ ᠰᠠᠭᠤᠷᠢ | ᠲᠥᠬᠦᠭᠡᠷᠦᠮᠵᠢ ᠳᠤ ᠪᠠᠰᠠ ᠳᠤᠳᠠᠭᠳᠠᠯ ᠣᠷᠤᠰᠢᠵᠤ ᠪᠠᠶᠢᠨ᠎ᠠ᠂ ᠪᠠᠶᠢᠰᠢᠩ ᠬᠡᠷ ᠤᠨ ᠦᠭᠡᠷᠠᠴᠢᠯᠠᠯᠳᠠ ᠶᠢᠨ ᠡᠬᠦᠷᠭᠡ | ᠬᠠᠳᠠᠭᠤ ᠪᠠᠷᠭᠡ᠂ ᠠᠮᠢ ᠠᠬᠤᠢ ᠶᠢᠨ ᠪᠥᠲᠥᠭᠡᠨ ᠪᠠᠶᠢᠭᠤᠯᠤᠯᠳᠠ ᠪᠠ ᠬᠠᠮᠠᠭᠠᠯᠠᠬᠤ ᠡᠭᠦᠷᠭᠡ ᠴᠦ ᠮᠠᠰᠢ ᠬᠦᠨᠳᠦ | ᠪᠠᠶᠢᠨ᠎ᠠ᠃ ᠠᠵᠢᠯ ᠣᠯᠭᠤᠬᠤ᠂ ᠨᠡᠶᠢᠭᠡᠮ ᠤᠨ ᠪᠠᠳᠤᠯᠠᠭ᠎ᠠ᠂ ᠡᠮ ᠡᠮᠴᠢᠯᠡᠭᠡ ᠵᠡᠷᠭᠡ ᠲᠠᠯ᠎ᠠ ᠳᠤ ᠪᠠᠰᠠ ᠣᠯᠠᠨ | ᠲᠦᠮᠡᠨ ᠤ ᠬᠠᠩᠭᠠᠮᠵᠢ ᠦᠭᠡᠢ ᠲᠠᠯ᠎ᠠ ᠣᠷᠤᠰᠢᠵᠤ ᠪᠠᠶᠢᠨ᠎ᠠ᠃ ᠵᠠᠷᠢᠮ ᠭᠠᠵᠠᠷ ᠣᠷᠤᠨ ᠰᠠᠯᠠᠭ᠎ᠠ ᠮᠦᠴᠢᠷ ᠨᠢ ᠳᠡᠭᠡᠳᠦ | ᠱᠠᠳᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠪᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ | ᠤ ᠠᠷᠭ᠎ᠠ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠵᠤᠬᠢᠴᠠᠭᠤᠯᠬᠤ ᠦᠭᠡᠢ᠂ ᠳᠤᠳᠠᠭᠤ ᠳᠤᠷᠭᠤᠨ ᠪᠠᠶᠢᠵᠤ᠂ ᠵᠠᠰᠠᠭ | ᠤᠨ ᠣᠷᠳᠤᠨ ᠤ ᠬᠡᠷᠡᠭᠵᠢᠭᠦᠯᠬᠦ ᠬᠦᠴᠦᠨ ᠪᠠ ᠣᠯᠠᠨ ᠤ ᠢᠳᠡᠬᠡᠮᠵᠢ ᠶᠢ ᠨᠥᠯᠥᠭᠡᠯᠡᠵᠦ ᠪᠤᠢ᠃ ᠡᠳᠡᠭᠡᠷ ᠠᠰᠠᠭᠤᠳᠠᠯ | ᠢ ᠪᠢᠳᠡ ᠵᠠᠪᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠢᠳᠪᠤᠷᠢᠯᠡᠬᠦ ᠪᠠᠷ ᠦᠷᠭᠦᠯᠵᠢᠯᠡᠨ ᠴᠢᠷᠮᠠᠶᠢᠬᠤ ᠬᠡᠷᠡᠭᠳᠠᠢ᠃ | | 2017 ᠣᠨ ᠤ ᠭᠤᠤᠯ ᠠᠵᠢᠯ | ᠡᠨᠡ ᠵᠢᠯ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠬᠤᠷᠠᠯᠳᠤᠭᠰᠠᠨ ᠪᠠ ᠥᠪᠡᠷᠳᠡᠭᠡᠨ ᠵᠠᠰᠠᠬᠤ | ᠣᠷᠤᠨ ᠪᠠᠶᠢᠭᠤᠯᠤᠭᠳᠠᠭᠰᠠᠨ 70 ᠵᠢᠯ ᠤᠨ ᠣᠢ ᠪᠤᠯᠬᠤ ᠴᠢᠬᠤᠯᠠ ᠨᠢᠭᠡ ᠵᠢᠯ᠂ ᠮᠦᠨᠴᠦ ︽13 · 5︾ | ᠲᠥᠯᠥᠪᠵᠢᠭᠦᠯᠭᠡ ᠶᠢ ᠭᠦᠨᠵᠡᠭᠡᠢ ᠨᠠᠶᠢᠳᠠᠪᠤᠷᠢᠵᠢᠭᠤᠯᠬᠤ᠂ ᠶᠠᠳᠠᠭᠤ ᠠᠴᠠ ᠠᠩᠭᠢᠵᠢᠷᠠᠵᠤ ᠪᠤᠭᠤᠮᠳᠠ ᠰᠢᠪᠳᠤᠯᠬᠤ | ᠰᠢᠢᠳᠪᠤᠷᠢᠳᠦ ᠪᠠᠶᠢᠯᠳᠤᠭᠠᠨ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠥᠲᠥᠭᠡᠨ ᠪᠠᠶᠢᠭᠤᠯᠬᠤ ᠵᠠᠩᠭᠢᠯᠠᠭ᠎ᠠ ᠶᠢᠨ | ᠵᠢᠯ᠂ ᠪᠦᠬᠦ ᠵᠢᠯ ᠤᠨ ᠠᠵᠢᠯ ᠢ ᠰᠠᠶᠢᠳᠤᠷ ᠬᠢᠬᠦ ᠨᠢ ᠬᠦᠨᠳᠦ ᠴᠢᠬᠤᠯᠠ ᠤᠳᠬ᠎ᠠ ᠠᠭᠤᠯᠭ᠎ᠠ ᠲᠠᠢ᠃ ᠡᠨᠡ ᠵᠢᠯ ᠤᠨ | ᠵᠠᠰᠠᠭ ᠤᠨ ᠣᠷᠳᠤᠨ ᠤ ᠠᠵᠢᠯ ᠤᠨ ᠶᠡᠷᠦᠩᠬᠡᠢ ᠰᠡᠳᠬᠢᠮᠵᠢ ᠪᠣᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ | ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠦᠷᠪᠡᠳᠦᠭᠡᠷ᠂ ᠳᠠᠪᠤᠳᠤᠭᠠᠷ᠂ ᠵᠢᠷᠭᠤᠳᠤᠭᠠᠷ ᠪᠦᠭᠦᠳᠡ | ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ | ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠤᠯᠤᠰ ᠢ ᠵᠠᠰᠠᠵᠤ ᠲᠥᠷᠥ ᠶᠢ ᠡᠷᠬᠢᠯᠡᠬᠦ ᠰᠢᠨ᠎ᠡ ᠦᠵᠡᠯᠳᠡ ᠰᠢᠨ᠎ᠡ | ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠳᠡᠭᠡᠨ ᠵᠠᠰᠠᠬᠤ ᠣᠷᠤᠨ ᠤ ᠠᠷᠪᠠᠳᠤᠭᠠᠷ | ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠪᠠ ᠤᠯᠠᠭᠠᠨᠬᠠᠳᠠ ᠬᠤᠳᠠ ᠶᠢᠨ ᠳᠤᠯᠤᠳᠤᠭᠠᠷ ᠤᠳᠠᠭᠠᠨ ᠤ | ᠨᠠᠮ ᠤᠨ ᠲᠥᠯᠥᠭᠡᠯᠡᠭᠴᠢᠳ ᠤᠨ ᠬᠤᠷᠠᠯ᠂ ᠬᠤᠰᠢᠭᠤᠨ ᠤ ᠠᠷᠪᠠᠨ ᠲᠦᠷᠪᠠᠳᠤᠭᠡᠷ ᠤᠳᠠᠭᠠᠨ ᠤ ᠨᠠᠮ ᠤᠨ | ᠲᠦᠯᠦᠭᠡᠯᠡᠭᠴᠢᠳ ᠤᠨ ᠬᠤᠷᠠᠯ ᠤᠨ ᠴᠢᠬᠤᠯᠠ ᠳᠤᠬᠢᠷᠠᠭᠤᠯᠤᠯᠳᠠ ᠲᠠᠢ ᠨᠢᠭᠳᠠ ᠵᠠᠯᠭᠠᠯᠳᠤᠭᠤᠯᠵᠤ᠂ ᠶᠠᠳᠠᠭᠤ ᠠᠴᠠ | ᠠᠩᠭᠢᠵᠢᠷᠠᠵᠤ ᠪᠣᠭᠤᠮᠳᠠ ᠰᠢᠪᠳᠤᠯᠬᠤ ᠪᠠᠷ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠦᠬᠦ ᠲᠠᠯ᠎ᠠ ᠶᠢ | ᠶᠡᠷᠦᠩᠬᠡᠶᠢᠯᠡᠨ ᠤᠳᠤᠷᠢᠳᠴᠤ᠂ ᠬᠠᠩᠭᠠᠯᠭ᠎ᠠ ᠬᠡᠯᠪᠡᠶᠢᠬᠦ ᠪᠥᠲᠥᠴᠡ ᠶᠢᠨ ᠴᠢᠨᠠᠷᠳᠠᠢ ᠥᠭᠡᠷᠡᠴᠢᠯᠡᠯᠳᠡ ᠪᠠᠷ ᠠᠵᠤ | ᠦᠢᠯᠡᠰ ᠤᠨ ᠬᠡᠯᠪᠡᠷᠢ ᠬᠤᠪᠢᠷᠠᠵᠤ ᠳᠡᠰ ᠳᠡᠪᠰᠢᠬᠦ ᠶᠢ ᠳᠦᠯᠬᠢᠨ ᠠᠬᠢᠭᠤᠯᠵᠤ᠂ ︽ᠲᠠᠪᠤ ᠶᠢ ᠨᠢᠭᠡ ᠴᠤᠭᠴᠠᠵᠢᠯᠠᠬᠤ︾ | ᠶᠡᠷᠦᠩᠬᠡᠢ ᠪᠠᠶᠢᠷᠢᠯᠠᠭᠤᠯᠤᠯᠳᠠ ᠪᠠ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠨᠢᠭᠡᠳᠦᠯᠳᠠᠢ ᠳᠦᠯᠬᠢᠨ ᠠᠬᠢᠭᠤᠯᠵᠤ᠂ ᠳᠤᠭᠳᠠᠭᠤᠨ ᠨᠡᠮᠡᠭᠳᠡᠬᠦ᠂ ᠥᠭᠡᠷᠡᠴᠢᠯᠡᠯᠳᠡ ᠶᠢ | ᠳᠦᠯᠬᠢᠨ ᠠᠬᠢᠭᠤᠯᠬᠤ᠂ ᠪᠥᠲᠥᠴᠡ ᠶᠢ ᠳᠤᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ᠂ ᠲᠦᠭᠰᠢᠭᠦᠷᠢ ᠶᠢ | ᠰᠡᠷᠭᠡᠶᠢᠯᠡᠬᠦ ᠵᠡᠷᠭᠡ ᠡᠯ᠎ᠡ ᠲᠥᠷᠥᠯ ᠤᠨ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠦ᠂ ᠳᠤᠭᠳᠠᠭᠰᠠᠨ | ᠬᠤᠭᠤᠴᠠᠭᠠᠨ ᠳᠤ ᠪᠠᠨ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠬᠦᠭᠵᠢᠯᠳᠡ ᠶᠢᠨ ᠰᠠᠭᠤᠷᠢ ᠶᠢ | ᠣᠯᠠᠮ ᠨᠢᠭᠡ ᠠᠯᠬᠤᠮ ᠪᠠᠬᠢᠵᠢᠭᠦᠯᠦᠨ᠎ᠡ᠃ | ᠤᠷᠢᠳᠴᠢᠯᠠᠨ ᠲᠤᠬᠳᠠᠬᠰᠠᠨ ᠬᠠᠷᠠᠯᠳᠠ ᠪᠣᠯ᠄ ᠭᠠᠵᠠᠷ ᠣᠷᠤᠨ ᠤ ᠦᠢᠯᠡᠳᠪᠤᠷᠢᠯᠡᠯ ᠤᠨ ᠶᠡᠷᠦᠩᠬᠡᠢ ᠥᠷᠳᠡᠭ | ᠤᠨ ᠨᠡᠮᠡᠭᠳᠡᠯ ᠢ 9% ᠣᠷᠴᠢᠮ᠂ ᠨᠠᠶᠢᠳᠠ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠶᠢᠨ ᠨᠡᠮᠡᠭᠳᠡᠯ ᠢ | 6% ᠣᠷᠴᠢᠮ᠂ ᠲᠣᠭᠳᠠᠮᠠᠯ ᠬᠥᠷᠥᠩᠭᠡ ᠶᠢᠨ ᠪᠡᠯᠡ ᠣᠷᠤᠭᠤᠯᠤᠯᠳᠠ ᠶᠢᠨ ᠨᠡᠮᠡᠭᠳᠡᠯ ᠢ 16% ᠣᠷᠴᠢᠮ᠂ ᠨᠡᠶᠢᠭᠡᠮ | ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ ᠨᠡᠮᠡᠭᠳᠡᠯ ᠢ 11% ᠣᠷᠴᠢᠮ᠂ | ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠣᠯᠬᠤ ᠣᠷᠤᠯᠭ᠎ᠠ | ᠶᠢᠨ ᠲᠤᠰ ᠪᠦᠷᠢ ᠶᠢᠨ ᠨᠡᠮᠡᠭᠳᠡᠯ ᠢ 11.5% ᠪᠠ 12% ᠣᠷᠴᠢᠮ ᠳᠤ ᠬᠦᠷᠭᠡᠨ᠎ᠡ᠃ | ᠳᠡᠭᠡᠷᠡᠬᠢ ᠬᠠᠷᠠᠯᠳᠠ ᠡᠭᠦᠷᠭᠡ ᠪᠠᠨ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ 8 ᠲᠠᠯ᠎ᠠ᠂ 24 | ᠲᠥᠷᠥᠯ ᠤᠨ ᠭᠤᠣᠯᠳᠠᠯᠭ᠎ᠠ ᠲᠠᠢ ᠠᠵᠢᠯ ᠢ ᠴᠢᠬᠤᠯᠠᠴᠢᠯᠠᠨ ᠠᠳᠬᠤᠨ᠎ᠠ᠃ | ᠨᠢᠭᠡ᠂ ᠲᠥᠷᠥᠯ ᠵᠦᠢᠯ ᠤᠨ ᠪᠡᠯᠡ ᠣᠷᠤᠭᠤᠯᠤᠯᠳᠠ ᠶᠢᠨ ᠳᠠᠳᠠᠬᠤ ᠦᠢᠯᠡᠳᠦᠯ ᠢ ᠳᠣᠪᠣᠶᠢᠯᠭᠠᠨ᠎ᠠ᠃ | ᠲᠥᠷᠥᠯ ᠵᠦᠢᠯ ᠤᠨ ᠪᠥᠲᠥᠭᠡᠨ ᠪᠠᠶᠢᠭᠤᠯᠤᠯᠳᠠ᠂ ᠣᠨᠴᠠᠭᠠᠶᠢᠯᠠᠨ ᠴᠢᠬᠤᠯᠠ ᠶᠡᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠳᠠ ᠶᠢ ᠴᠢᠩᠭ᠎ᠠ ᠠᠳᠬᠤᠵᠤ᠂ ᠭᠤᠤᠯ ᠰᠢᠪᠳᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠵᠤ᠂ | ᠬᠦᠴᠦᠨ ᠲᠠᠢ ᠪᠡᠯᠡ ᠣᠷᠤᠭᠤᠯᠤᠯᠳᠠ ᠶᠢ ᠦᠷᠭᠦᠯᠵᠢᠯᠡᠨ ᠥᠷᠭᠡᠳᠬᠡᠵᠦ᠂ ᠬᠦᠭᠵᠢᠯᠳᠠ ᠶᠢᠨ ᠲᠠᠪᠠᠭᠤᠯᠢᠭ ᠲᠠᠯ᠎ᠠ ᠶᠢ | ᠪᠤᠶᠢᠵᠢᠭᠤᠯᠵᠤ᠂ ᠬᠦᠭᠵᠢᠯᠳᠠ ᠶᠢᠨ ᠰᠠᠭᠤᠷᠢ ᠶᠢ ᠪᠠᠳᠤᠳᠬᠠᠨ᠎ᠠ᠃ | 1. ᠲᠥᠷᠥᠯ ᠵᠦᠢᠯ ᠢ ᠳᠥᠰᠥᠪᠯᠡᠵᠦ ᠲᠡᠮᠡᠴᠡᠨ ᠣᠯᠬᠤ ᠶᠢ ᠴᠢᠩᠭ᠎ᠠ ᠠᠳᠬᠤᠨ᠎ᠠ᠃ ᠤᠯᠤᠰ ᠠᠴᠠ ᠰᠢᠨ᠎ᠡ | ᠨᠢᠭᠡ ᠡᠬᠡᠯᠵᠢᠳᠤ ᠵᠡᠭᠦᠨ ᠬᠤᠶᠢᠲᠤ ᠶᠢ ᠬᠦᠭᠵᠢᠭᠦᠯᠬᠦ ᠪᠠᠶᠢᠯᠳᠤᠬᠤ ᠪᠣᠳᠤᠯᠭ᠎ᠠ᠂ ᠪᠡᠭᠡᠵᠢᠩ ᠲᠢᠶᠠᠨᠵᠢᠨ ᠡᠾᠧᠪᠸᠢ | ᠨᠢᠭᠡ ᠴᠤᠭᠴᠠᠵᠢᠵᠤ ᠬᠠᠮᠳᠤᠷᠠᠯᠴᠠᠨ ᠬᠦᠭᠵᠢᠬᠦ ᠶᠢ ᠬᠡᠷᠡᠭᠵᠢᠭᠦᠯᠬᠦ ᠵᠢᠴᠢ ᠲᠥᠷᠭᠡᠨ ᠬᠤᠷᠳᠤᠴᠠᠳᠤ ᠲᠡᠮᠦᠷ ᠵᠠᠮ ᠤᠨ | ᠠᠵᠤ ᠠᠬᠤᠢ ᠶᠢ ᠳᠦᠯᠬᠢᠨ ᠠᠬᠢᠭᠤᠯᠬᠤ᠂ ᠶᠡᠭᠡ ᠲᠤᠭ᠎ᠠ ᠨᠤᠷᠮ᠎ᠠ ᠶᠢᠨ ᠳᠠᠪᠴᠠᠩ ᠢ ᠪᠥᠲᠥᠭᠡᠨ ᠪᠠᠶᠢᠭᠤᠯᠬᠤ ᠵᠡᠷᠭᠡ | ᠴᠢᠬᠤᠯᠠ ᠶᠡᠭᠡ ᠵᠠᠪᠰᠢᠶᠠᠨ ᠢ ᠴᠢᠩᠭ᠎ᠠ ᠠᠳᠬᠤᠵᠤ᠂ ᠤᠩᠨᠢᠭᠤᠳ ᠬᠤᠰᠢᠭᠤᠨ ᠤ ᠬᠦᠭᠵᠢᠯᠳᠡ ᠶᠢᠨ ᠪᠤᠳᠠᠳᠠᠢ | ᠪᠠᠶᠢᠳᠠᠯ ᠠᠴᠠ ᠵᠤᠭᠰᠤᠴᠠ ᠪᠣᠯᠭᠠᠨ᠂ ᠨᠢᠭᠡ ᠪᠦᠯᠦᠭ ᠰᠠᠭᠤᠷᠢ ᠲᠠᠯᠪᠢᠬᠤ᠂ ᠦᠨᠢ ᠤᠳᠠᠭᠠᠨ ᠠᠰᠢᠭ ᠲᠠᠢ᠂ ᠠᠷᠠᠳ | ᠲᠤ ᠠᠰᠢᠭ ᠬᠦᠷᠳᠡᠭᠡᠬᠦ ᠶᠡᠭᠡ ᠲᠥᠷᠥᠯ ᠵᠦᠢᠯ᠂ ᠰᠠᠶᠢᠨ ᠲᠥᠷᠥᠯ ᠵᠦᠢᠯ ᠢ ᠳᠥᠰᠥᠪᠯᠡᠵᠦ᠂ ᠲᠥᠷᠥᠯ ᠵᠦᠢᠯ ᠢ | ᠰᠤᠳᠤᠯᠵᠤ ᠪᠤᠯᠬᠤ ᠬᠡᠮᠵᠢᠶᠡᠨ ᠳᠤ ᠬᠦᠷᠭᠡᠨ᠎ᠡ᠃ 3 ᠰᠠᠷ᠎ᠠ ᠶᠢᠨ ᠰᠡᠭᠦᠯᠴᠢ ᠠᠴᠠ ᠡᠮᠦᠨ᠎ᠡ ᠪᠡᠯᠡ ᠣᠷᠤᠭᠤᠯᠤᠯᠳᠠ | ᠮᠢᠩᠭᠠᠨ ᠲᠦᠮᠡᠨ ᠲᠦᠭᠦᠷᠢᠭ ᠤᠨ ᠲᠥᠷᠥᠯ ᠵᠦᠢᠯ 100 ᠠᠴᠠ ᠳᠡᠭᠡᠭᠰᠢ ᠪᠣᠯᠬᠤ ᠦᠨᠳᠦᠷ ᠴᠢᠨᠠᠷ ᠴᠢᠨᠰᠠᠭ᠎ᠠ | ᠪᠦᠬᠦᠢ ᠳᠥᠰᠥᠪᠯᠡᠯ ᠢ ᠴᠢᠷᠮᠠᠶᠢᠨ ᠪᠡᠶᠡᠯᠡᠭᠦᠯᠵᠦ᠂ ᠠᠵᠢᠯ ᠲᠥᠷᠥᠯ ᠨᠢᠭᠡᠳᠠᠢ ᠲᠥᠷᠥᠯ ᠵᠦᠢᠯ ᠢ ᠲᠡᠮᠡᠴᠡᠨ ᠣᠯᠬᠤ | ᠳᠤᠭᠳᠠᠯᠴᠠᠭ᠎ᠠ ᠶᠢ ᠪᠠᠶᠢᠭᠤᠯᠵᠤ᠂ ᠬᠡᠯᠳᠡᠰ ᠲᠢᠩᠬᠢᠮ ᠳᠤ ᠬᠦᠷᠬᠦ ᠬᠦᠴᠦᠨ ᠢ ᠨᠡᠮᠡᠭᠳᠡᠭᠦᠯᠵᠦ᠂ ᠨᠢᠭᠡ ᠪᠦᠯᠦᠭ | ᠴᠢᠬᠤᠯᠠ ᠲᠥᠷᠥᠯ ᠵᠦᠢᠯ᠂ ᠴᠢᠬᠤᠯᠠ ᠢᠨᠵᠧᠨᠧᠷᠢᠭ ᠤᠯᠤᠰ᠂ ᠥᠪᠡᠷᠳᠡᠭᠡᠨ ᠵᠠᠰᠠᠬᠤ ᠣᠷᠤᠨ ᠪᠠ ᠤᠯᠠᠭᠠᠨᠬᠠᠳᠠ | ᠬᠤᠳᠠ ᠶᠢᠨ ᠲᠥᠯᠥᠪᠯᠡᠭᠡ ᠳᠤ ᠣᠷᠤᠬᠤ ᠶᠢ ᠪᠠᠳᠤᠯᠠᠨ᠎ᠠ᠃ | 2. ᠲᠥᠷᠥᠯ ᠵᠦᠢᠯ ᠤᠨ ᠪᠥᠲᠥᠭᠡᠨ ᠪᠠᠶᠢᠭᠤᠯᠤᠯᠳᠠ ᠬᠤᠷᠳᠤᠴᠠ ᠪᠠᠨ ᠨᠡᠮᠡᠭᠳᠡᠭᠦᠯᠬᠦ ᠶᠢ ᠳᠦᠯᠬᠢᠨ | ᠠᠬᠢᠭᠤᠯᠤᠨ᠎ᠠ᠃ ᠪᠦᠬᠦ ᠵᠢᠯ ᠳᠤ ᠪᠡᠯᠡ ᠣᠷᠤᠭᠤᠯᠤᠯᠳᠠ 5000 ᠲᠦᠮᠡᠨ ᠲᠦᠭᠦᠷᠢᠭ ᠠᠴᠠ ᠳᠡᠭᠡᠭᠰᠢ ᠭᠤᠤᠯᠳᠠᠯᠭ᠎ᠠ | ᠲᠠᠢ ᠲᠥᠷᠥᠯ ᠵᠦᠢᠯ 47 ᠶᠢ ᠬᠡᠷᠡᠭᠵᠢᠭᠦᠯᠬᠦ ᠪᠠᠷ ᠲᠥᠯᠥᠪᠯᠡᠵᠦ᠂ ᠡᠭᠦᠨ ᠤ ᠳᠣᠲᠤᠷ᠎ᠠ ᠰᠢᠨ᠎ᠡ ᠪᠠᠷ ᠪᠠᠶᠢᠭᠤᠯᠬᠤ ᠨᠢ | 29᠂ ᠵᠠᠯᠭᠠᠵᠤ ᠪᠠᠶᠢᠭᠤᠯᠬᠤ ᠨᠢ 18᠂ ᠶᠡᠷᠦᠩᠬᠡᠢ ᠪᠡᠯᠡ ᠣᠷᠤᠭᠤᠯᠤᠯᠳᠠ 256 ᠳ᠋ᠥᠩᠰᠢᠭᠤᠷ ᠲᠦᠭᠦᠷᠢᠭ᠂ ᠵᠢᠯ | ᠳᠤ 79.9 ᠳ᠋ᠦᠩᠰᠢᠭᠤᠷ ᠲᠦᠬᠦᠷᠢᠭ ᠪᠠᠯᠠ ᠤᠷᠤᠭᠤᠯᠬᠤ ᠶᠢ ᠪᠠᠶᠠᠯᠠᠬᠦᠯᠦᠨ᠎ᠠ᠃ ᠲᠥᠷᠥᠯ ᠵᠦᠢᠯ ᠢ ᠬᠢᠨᠠᠨ | ᠵᠥᠪᠰᠢᠶᠡᠷᠡᠬᠦ ᠰᠠᠭᠠᠳ ᠦᠭᠡᠢ ᠵᠠᠮ ᠢ ᠨᠡᠪᠳᠡᠷᠡᠭᠦᠯᠵᠦ᠂ ᠬᠢᠨᠠᠨ ᠵᠥᠪᠰᠢᠶᠡᠷᠡᠬᠦ ᠬᠤᠭᠤᠴᠠᠭ᠎ᠠ ᠶᠢ ᠪᠠᠭᠠᠰᠬᠠᠵᠤ᠂ | ᠬᠢᠨᠠᠨ ᠵᠥᠪᠰᠢᠶᠡᠷᠡᠬᠦ ᠦᠷ᠎ᠡ ᠪᠥᠲᠥᠮᠵᠢ ᠶᠢ ᠳᠡᠭᠡᠭᠰᠢᠯᠡᠭᠦᠯᠵᠦ᠂ 3 ᠰᠠᠷ᠎ᠠ ᠶᠢᠨ ᠰᠡᠭᠦᠯᠴᠢ ᠠᠴᠠ ᠡᠮᠦᠨ᠎ᠡ ᠠᠯᠢᠪᠠ | ᠲᠥᠷᠥᠯ ᠵᠦᠢᠯ ᠡᠬᠢᠯᠡᠵᠦ ᠰᠠᠷᠭᠦᠭᠡᠬᠦ ᠨᠦᠬᠦᠴᠡᠯ ᠢ ᠪᠦᠷᠢᠯᠳᠦᠭᠦᠯᠵᠦ᠂ 4 ᠰᠠᠷ᠎ᠠ ᠳᠤ ᠨᠢᠭᠡ ᠪᠦᠯᠦᠭ ᠲᠥᠷᠥᠯ ᠵᠦᠢᠯ | ᠢ ᠲᠦᠪᠯᠡᠷᠡᠭᠦᠯᠦᠨ ᠡᠬᠢᠯᠡᠵᠦ ᠰᠡᠷᠭᠦᠭᠡᠵᠦ ᠪᠥᠲᠥᠭᠡᠨ ᠪᠠᠶᠢᠭᠤᠯᠵᠤ᠂ ᠲᠦᠷᠦᠭᠦᠦ ᠤᠯᠠᠷᠢᠯ ᠳᠤ ᠠᠮᠵᠢᠯᠳᠠ ᠣᠯᠬᠤ ᠶᠢ | ᠪᠡᠶᠡᠯᠡᠭᠦᠯᠦᠨ᠎ᠡ᠃ ᠲᠥᠷᠥᠯ ᠵᠦᠢᠯ ᠤᠨ ᠦᠨᠳᠦᠰᠦᠨ ᠪᠥᠲᠥᠭᠡᠨ ᠪᠠᠶᠢᠭᠤᠯᠬᠤ ᠶᠠᠪᠤᠴᠠ ᠶᠢ ᠴᠢᠩᠭᠠᠳᠬᠠᠵᠤ᠂ ᠡᠳ᠋ | ᠤᠨ ᠵᠠᠰᠠᠭ ᠤᠨ ᠦᠨᠡᠯᠡᠨ ᠬᠢᠨᠠᠬᠤ᠂ ᠪᠠᠷᠢᠯᠭ᠎ᠠ ᠶᠢᠨ ᠲᠠᠭᠠᠭᠠᠴᠢᠯᠠᠯᠳᠠ ᠡᠯᠰᠠᠬᠦ᠂ ᠪᠥᠲᠥᠭᠡᠨ ᠪᠠᠶᠢᠭᠤᠯᠤᠯᠳᠠ ᠶᠢᠨ | ᠬᠠᠮᠢᠶᠠᠷᠤᠯᠳᠠ ᠶᠢᠨ ᠳᠠᠭᠤᠰᠤᠭᠰᠠᠨ ᠪᠠᠷᠢᠯᠭ᠎ᠠ ᠶᠢ ᠰᠢᠯᠭᠠᠨ ᠬᠤᠷᠢᠶᠠᠬᠤ ᠵᠡᠷᠭᠡ ᠡᠯ᠎ᠡ ᠲᠥᠷᠥᠯ ᠤᠨ ᠳᠦᠷᠢᠮ | ᠳᠤᠭᠳᠠᠭᠠᠯ ᠢ ᠬᠢᠨᠠᠮᠠᠭᠠᠢ ᠬᠡᠷᠡᠭᠵᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠳᠠ ᠬᠠᠤᠯᠢ ᠶᠤᠰᠤᠭᠠᠷ | ᠳᠦᠷᠢᠮ ᠳᠤ ᠨᠡᠶᠢᠴᠡᠭᠰᠡᠨ ᠪᠠᠶᠢᠬᠤ ᠶᠢ ᠪᠠᠳᠤᠯᠠᠨ᠎ᠠ᠃ | 3. ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠳᠦᠯᠬᠢᠨ ᠠᠬᠢᠭᠤᠯᠬᠤ ᠶᠢ ᠴᠢᠩᠭᠠᠳᠬᠠᠨ᠎ᠠ᠃ ᠲᠥᠷᠥᠯ | ᠵᠦᠢᠯ ᠤᠨ ᠪᠥᠲᠥᠭᠡᠨ ᠪᠠᠶᠢᠭᠤᠯᠤᠯᠳᠠ ᠶᠢ ︽ᠭᠤᠤᠯ ᠤᠳᠤᠷᠢᠳᠤᠯᠭ᠎ᠠ︾ ᠶᠢᠨ ᠢᠨᠵᠧᠨᠧᠷᠢᠭ ᠪᠤᠯᠭᠠᠬᠤ ᠶᠢ | ᠪᠠᠷᠢᠮᠳᠠᠯᠠᠵᠤ᠂ ᠤᠳᠤᠷᠢᠳᠤᠯᠭ᠎ᠠ ᠳᠠᠭᠠᠭᠠᠵᠤ ᠬᠤᠯᠪᠤᠭᠠᠯᠠᠬᠤ᠂ ᠲᠤᠰᠬᠠᠢ ᠲᠦᠷᠦᠯ ᠢᠶᠠᠷ ᠲᠦᠯᠬᠢᠨ ᠠᠬᠢᠭᠤᠯᠬᠤ᠂ | ᠳᠤᠬᠠᠢ ᠶᠢᠨ ᠭᠠᠵᠠᠷ ᠲᠤ ᠠᠵᠢᠯᠯᠠᠬᠤ ᠵᠡᠷᠭᠡ ᠳᠦᠷᠢᠮ ᠳᠤᠭᠳᠠᠭᠠᠯ ᠢ ᠨᠠᠶᠢᠳᠠᠪᠤᠷᠢᠵᠢᠭᠤᠯᠵᠤ᠂ ᠲᠥᠷᠥᠯ ᠵᠦᠢᠯ ᠢ | ᠪᠥᠲᠥᠭᠡᠨ ᠪᠠᠶᠢᠭᠤᠯᠬᠤ ᠶᠠᠪᠤᠴᠠ ᠳᠤᠮᠳᠠ ᠣᠷᠤᠰᠢᠵᠤ ᠪᠠᠶᠢᠭ᠎ᠠ ᠬᠦᠴᠢᠷ ᠪᠡᠷᠬᠡ ᠪᠠ ᠠᠰᠠᠭᠤᠳᠠᠯ ᠢ ᠴᠠᠭ ᠳᠤᠬᠠᠢ | ᠳᠤ ᠨᠢ ᠰᠢᠢᠳᠪᠤᠷᠢᠯᠡᠨ᠎ᠡ᠃ ᠬᠢᠨᠠᠨ ᠪᠠᠶᠢᠴᠠᠭᠠᠬᠤ ᠬᠦᠴᠦᠯᠡᠴᠡ ᠪᠠᠨ ᠨᠡᠮᠡᠭᠳᠡᠭᠦᠯᠵᠦ᠂ ᠳᠤᠬᠠᠢ ᠶᠢᠨ ᠭᠠᠵᠠᠷ ᠲᠤ ᠨᠢ | ᠪᠠᠶᠢᠴᠠᠭᠠᠨ ᠦᠵᠡᠬᠦ᠂ ᠳᠠᠭᠠᠤ ᠳᠤ ᠨᠢ ᠳᠤᠭᠤᠷᠢᠨ ᠰᠤᠷᠪᠤᠯᠵᠢᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ | ᠠᠪᠴᠤ ᠲᠥᠷᠥᠯ ᠵᠦᠢᠯ ᠤᠨ ᠠᠬᠢᠴᠠ ᠶᠢ ᠬᠢᠨᠠᠨ ᠪᠠᠶᠢᠴᠠᠭᠠᠵᠤ᠂ ᠳᠤᠭᠳᠠᠭᠰᠠᠨ ᠴᠠᠭ ᠲᠠᠢ ᠨᠡᠶᠢᠳᠡᠯᠡᠬᠦ᠂ ᠠᠵᠢᠯ ᠤᠨ | ᠳᠠᠩᠰᠠ ᠡᠪᠬᠡᠮᠡᠯ ᠪᠠ ᠬᠦᠳᠡᠯᠤᠩᠬᠦᠢ ᠬᠢᠨᠠᠨ ᠬᠠᠮᠢᠶᠠᠷᠬᠤ ᠳᠦᠷᠢᠮ ᠢ ᠪᠠᠶᠢᠭᠤᠯᠵᠤ᠂ ᠲᠥᠷᠥᠯ ᠵᠦᠢᠯ ᠡᠷᠲᠡ ᠠᠵᠢᠯ | ᠡᠬᠢᠯᠡᠬᠦ᠂ ᠡᠷᠲᠡ ᠪᠠᠶᠢᠭᠤᠯᠤᠭᠳᠠᠬᠤ᠂ ᠡᠷᠲᠡ ᠦᠷ᠎ᠡ ᠠᠰᠢᠭ ᠲᠤ ᠬᠦᠷᠬᠦ ᠶᠢ ᠳᠦᠯᠬᠢᠨ ᠠᠬᠢᠭᠤᠯᠤᠨ᠎ᠠ᠃ ᠴᠢᠨᠠᠷ ᠢ | ᠦᠨᠢᠳᠡ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠬᠢᠷᠢ ᠲᠡᠩᠴᠡᠬᠦ ᠦᠭᠡᠢ ᠢᠨᠵᠧᠨᠧᠷᠢᠭ ᠢᠯᠠᠷᠠᠬᠦ ᠶᠢ ᠡᠷᠡᠰ | ᠰᠡᠷᠭᠡᠶᠢᠯᠡᠨ᠎ᠡ᠃ ᠡᠷᠭᠢᠯᠳᠡ ᠳᠤᠬᠢᠷᠠᠭᠤᠯᠤᠯᠳᠠ ᠶᠢ ᠴᠢᠩᠭᠠᠳᠬᠠᠵᠤ᠂ ᠴᠠᠭ ᠤᠨ ᠬᠤᠪᠢᠶᠠᠷᠢ᠂ ᠵᠠᠮ ᠤᠨ ᠵᠢᠷᠤᠭ ᠢ | ᠲᠤᠬᠳᠠᠭᠠᠵᠤ᠂ ᠬᠠᠷᠢᠭᠤᠴᠠᠯᠭ᠎ᠠ ᠶᠢᠨ ᠨᠢᠭᠡᠴᠡ᠂ ᠬᠠᠷᠢᠭᠤᠴᠠᠬᠤ ᠬᠦᠮᠦᠨ ᠢ ᠲᠤᠳᠤᠷᠬᠠᠶᠢᠯᠠᠵᠤ᠂ ᠴᠢᠨᠠᠷ ᠲᠤᠭ᠎ᠠ ᠶᠢ | ᠪᠠᠳᠤᠯᠠᠬᠰᠠᠨ ᠵᠢᠯ ᠤᠨ ᠪᠥᠲᠥᠭᠡᠨ ᠪᠠᠶᠢᠭᠤᠯᠤᠯᠳᠠ ᠶᠢᠨ ᠡᠭᠦᠷᠭᠡ ᠪᠠᠨ ᠪᠡᠶᠡᠯᠡᠭᠦᠯᠦᠨ᠎ᠡ᠃ | ᠬᠤᠶᠠᠷ᠂ ᠶᠠᠳᠠᠭᠤ ᠠᠴᠠ ᠠᠩᠭᠢᠵᠢᠷᠠᠵᠤ ᠪᠤᠭᠤᠮᠳᠠ ᠰᠢᠪᠳᠤᠯᠬᠤ ᠪᠠᠶᠢᠯᠳᠤᠭᠠᠨ ᠢ ᠡᠷᠡᠰ ᠢᠯᠠᠨ᠎ᠠ᠃ | ᠣᠨᠢᠨ ᠳᠡᠭᠡᠷ᠎ᠡ ᠨᠢ ᠶᠠᠳᠠᠭᠤ ᠶᠢ ᠳᠡᠳᠬᠦᠬᠦ᠂ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠬᠤ ᠦᠨᠳᠦᠰᠦᠨ | ᠠᠷᠭ᠎ᠠ ᠪᠣᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠵᠢᠷᠭᠤᠭᠠᠨ ᠣᠨᠢᠨ ᠳᠡᠭᠡᠷ᠎ᠡ︾᠂ ︽ᠲᠠᠪᠤᠨ ᠨᠢᠭᠡ ᠪᠦᠯᠦᠭ︾ | ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ ᠠᠪᠤᠭᠰᠠᠨ ᠠᠷᠭ᠎ᠠ ᠬᠡᠮᠵᠢᠶ᠎ᠡ ᠪᠦᠬᠦ ᠶᠠᠳᠠᠭᠤ ᠬᠦᠴᠢᠷᠳᠠᠢ | ᠡᠷᠦᠬᠡ ᠶᠢ ᠪᠦᠷᠬᠦᠭᠦᠯᠬᠦ ᠶᠢ ᠪᠠᠳᠤᠯᠠᠵᠤ᠂ ᠵᠢᠯ ᠤᠨ ᠶᠠᠳᠠᠭᠤ ᠠᠴᠠ ᠠᠩᠬᠢᠵᠢᠷᠠᠵᠤ ᠪᠤᠭᠤᠮᠳᠠ ᠰᠢᠪᠳᠤᠯᠬᠤ ᠡᠬᠦᠷᠭᠡ | ᠶᠢ ᠵᠠᠪᠠᠯ ᠪᠠᠶᠠᠯᠠᠬᠦᠯᠦᠨ᠎ᠠ᠃ | 4. ᠶᠠᠳᠠᠭᠤ ᠶᠢ ᠳᠡᠳᠬᠦᠬᠦ ᠲᠤᠬᠳᠠᠯᠴᠠᠭ᠎ᠠ ᠶᠢ ᠦᠨᠡᠨᠬᠦ ᠲᠦᠰᠢᠭᠯᠡᠨ᠎ᠡ᠃ ᠲᠠᠩᠰᠠ ᠺᠠᠷᠲ ᠪᠠᠶᠢᠭᠤᠯᠵᠤ ︽ | ᠡᠷᠬᠢᠨ ᠬᠠᠷᠠᠬᠤ︾ ᠶᠢ ᠪᠦᠬᠦ ᠲᠠᠯ᠎ᠠ ᠪᠠᠷ ᠦᠷᠨᠢᠬᠦᠯᠵᠤ᠂ ᠤᠨᠢᠨ ᠲᠠᠭᠡᠷᠡᠬᠢ ᠶᠢᠨ ᠰᠠᠭᠤᠷᠢ ᠶᠢ ᠪᠠᠳᠤᠳᠬᠠᠨ᠎ᠠ᠃ ︽ | ᠭᠠᠵᠠᠷ ᠤᠨ ᠳᠡᠰ ᠤᠨ ᠤᠳᠤᠷᠢᠳᠤᠯᠭ᠎ᠠ ᠰᠢᠶᠠᠩ ᠢ ᠳᠠᠭᠠᠭᠠᠵᠤ᠂ ᠪᠠᠶᠢᠭᠤᠯᠤᠯᠭ᠎ᠠ ᠨᠢᠭᠡᠴᠡ ᠲᠣᠰᠬᠤᠨ ᠢ ᠳᠠᠭᠠᠭᠠᠵᠤ᠂ | ᠠᠵᠢᠯᠯᠠᠬᠤ ᠳᠤᠭᠤᠶᠢᠯᠠᠩ ᠳᠤᠰᠬᠤᠨ ᠳᠤ ᠰᠠᠭᠤᠵᠤ᠂ ᠺᠠᠳ᠋ᠷ ᠠᠵᠢᠯᠳᠠᠨ ᠡᠷᠦᠬᠡ ᠬᠤᠯᠪᠤᠭᠠᠯᠠᠬᠤ ᠪᠦᠬᠦᠨ ᠢ | ᠪᠦᠷᠬᠦᠭᠦᠯᠬᠦ ᠳᠡᠮᠵᠢᠯᠭᠡ ᠶᠢᠨ ᠳᠤᠭᠳᠠᠯᠴᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤ ᠰᠢᠶᠠᠩ ᠬᠤᠶᠠᠷ | ᠱᠠᠳᠤᠨ ᠠᠴᠠ ᠬᠦᠮᠦᠨ ᠰᠤᠩᠭᠤᠨ ᠲᠤᠮᠢᠯᠠᠵᠤ ᠲᠤᠰᠬᠤᠨ ᠳᠤ ᠰᠠᠭᠤᠬᠤ ᠳᠡᠮᠵᠢᠯᠭᠡ ᠦᠵᠡᠭᠦᠯᠬᠦ ᠬᠦᠴᠦᠨ ᠢ ᠣᠯᠠᠮ | ᠨᠢᠭᠡ ᠠᠯᠬᠤᠮ ᠳᠡᠭᠦᠯᠳᠡᠷᠵᠢᠭᠦᠯᠵᠦ᠂ ᠬᠦᠴᠢᠷᠳᠠᠢ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠪᠦᠷᠢ ᠳᠤ 5 — 10 | ᠬᠦᠮᠦᠨ ᠤ ᠠᠵᠢᠯᠯᠠᠬᠤ ᠳᠤᠭᠤᠶᠢᠯᠠᠩ ᠢ ᠲᠤᠮᠢᠯᠠᠵᠤ ᠰᠠᠭᠤᠯᠭᠠᠨ᠎ᠠ᠃ ᠰᠤᠮᠤ ᠪᠠᠯᠭᠠᠰᠤᠨ ᠤ ᠶᠠᠳᠠᠭᠤ ᠶᠢ ᠳᠡᠳᠬᠦᠬᠦ | ᠠᠯᠪᠠᠨ ᠭᠡᠷ ᠢ ᠪᠠᠶᠢᠭᠤᠯᠵᠤ᠂ ᠶᠠᠳᠠᠭᠤ ᠶᠢ ᠳᠡᠳᠬᠦᠬᠦ ᠠᠵᠢᠯ ᠢ ᠨᠢᠭᠡᠳᠦᠯᠳᠠᠢ ᠳᠦᠯᠬᠢᠨ ᠠᠬᠢᠭᠤᠯᠤᠨ᠎ᠠ᠃ | ᠬᠤᠰᠢᠭᠤᠨ ᠤ ᠰᠢᠭᠤᠳ ᠬᠠᠷᠢᠶ᠎ᠠ ᠨᠢᠭᠡᠴᠡ ᠨᠢ ᠰᠠᠯᠠᠭ᠎ᠠ ᠮᠦᠴᠢᠷ ᠤᠨ ᠴᠢᠳᠠᠪᠬᠢ ᠪᠠ ᠪᠦᠬᠦ ᠬᠤᠰᠢᠭᠤᠨ ᠤ ᠶᠠᠳᠠᠭᠤ | ᠠᠴᠠ ᠠᠩᠭᠢᠵᠢᠷᠠᠵᠤ ᠪᠤᠭᠤᠮᠳᠠ ᠰᠢᠪᠳᠤᠯᠬᠤ ᠳᠤᠬᠢᠷᠠᠭᠤᠯᠤᠯᠳᠠ ᠲᠠᠢ ᠤᠶᠠᠯᠳᠤᠵᠤ᠂ ᠠᠵᠢᠯ ᠲᠥᠷᠥᠯ ᠤᠨ ᠶᠠᠳᠠᠭᠤ | ᠠᠴᠠ ᠠᠩᠭᠢᠵᠢᠷᠠᠬᠤ ᠲᠥᠯᠥᠪᠵᠢᠭᠦᠯᠭᠡ ᠶᠢ ᠳᠤᠭᠳᠠᠭᠠᠨ᠎ᠠ᠃ ᠵᠥᠩ ᠭᠠᠩ ᠪᠦᠯᠦᠭᠯᠡᠯ᠂ ᠵᠧᠵᠢᠶᠠᠩ ᠮᠣᠵᠢ ᠶᠢᠨ | ᠭᠤᠷᠪᠠᠳᠤᠭᠠᠷ ᠪᠠᠷᠢᠯᠭ᠎ᠠ ᠶᠢᠨ ᠦᠢᠯᠡᠰ᠂ ᠮᠧᠩ ᠳ᠋ᠦ᠋ ᠬᠤᠨᠢᠨ ᠤ ᠦᠢᠯᠡᠰ᠂ ᠯᠢᠩ ᡁᠢ ᠲᠥᠮᠥᠰᠥ ᠵᠡᠷᠭᠡ ᠪᠤᠳᠠᠳᠤ | ᠬᠦᠴᠦᠨ ᠲᠠᠢ ᠠᠵᠤ ᠠᠬᠤᠶᠢᠯᠠᠯ ᠢ ᠳᠦᠯᠬᠢᠨ ᠠᠬᠢᠭᠤᠯᠵᠤ ᠪᠡᠯᠡ ᠮᠦᠩᠭᠦ ᠪᠠᠷ ᠳᠡᠮᠵᠢᠬᠦ᠂ ᠠᠵᠢᠯ ᠣᠯᠭᠤᠵᠤ | ᠳᠤᠬᠢᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠬᠡᠷᠡᠭᠯᠡᠵᠦ ᠶᠠᠳᠠᠭᠤ ᠠᠴᠠ ᠠᠩᠭᠢᠵᠢᠷᠠᠵᠤ ᠪᠣᠭᠤᠮᠳᠠ | ᠰᠢᠪᠳᠤᠯᠬᠤ ᠳᠤ ᠤᠷᠤᠯᠴᠠᠭᠤᠯᠵᠤ᠂ ᠵᠡᠷᠭᠡᠪᠡᠷ ᠨᠡᠶᠢᠭᠡᠮ ᠤᠨ ᠪᠦᠯᠬᠦᠮ ᠪᠠ ᠬᠤᠪᠢ ᠬᠦᠮᠦᠨ ᠤ ᠣᠨᠢᠨ ᠳᠡᠭᠡᠷ᠎ᠡ ᠨᠢ | ᠶᠠᠳᠠᠭᠤ ᠶᠢ ᠳᠡᠳᠬᠦᠬᠦ ᠨᠢᠭᠤᠭᠳᠠᠮᠠᠯ ᠬᠦᠴᠦᠨ ᠢ ᠢᠯᠡᠷᠡᠭᠦᠯᠵᠦ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ ᠬᠤᠰᠢᠭᠤᠨ ᠤ ᠳᠡᠰ ᠤᠨ ᠶᠠᠳᠠᠭᠤ ᠶᠢ ᠳᠡᠳᠬᠦᠬᠦ ᠪᠣᠯᠪᠠᠰᠤᠷᠠᠯ ᠤᠨ ᠲᠦᠪ᠂ ᠲᠣᠰᠬᠤᠨ ᠤ | ᠳᠡᠰ ᠤᠨ ᠪᠤᠳᠠᠳᠠᠢ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠳᠠ ᠶᠢ ᠴᠢᠩᠭᠠᠳᠬᠠᠵᠤ᠂ ᠪᠦᠬᠦ | ᠵᠢᠯ ᠢᠶᠠᠷ ᠢᠶᠠᠨ 1 ᠲᠦᠮᠡᠨ ᠬᠦᠮᠦᠨ ᠤᠳᠠᠭ᠎ᠠ ᠠᠴᠠ ᠳᠡᠭᠡᠭᠰᠢ ᠺᠠᠳ᠋ᠷ ᠣᠯᠠᠨ ᠲᠦᠮᠡᠨ ᠢ ᠪᠣᠯᠪᠠᠰᠤᠷᠠᠭᠤᠯᠵᠤ᠂ | ᠶᠠᠳᠠᠭᠤ ᠶᠢ ᠳᠡᠳᠬᠦᠬᠦ ᠳᠤᠳᠤᠭᠠᠳᠤ ᠬᠦᠳᠡᠯᠭᠡᠬᠦ ᠬᠦᠴᠦᠨ ᠢ ᠳᠡᠭᠡᠭᠰᠢᠯᠡᠭᠦᠯᠦᠨ᠎ᠡ᠃ | 5. ᠠᠵᠤ ᠦᠢᠯᠡᠰ ᠲᠤ ᠲᠦᠰᠢᠭᠯᠡᠵᠦ ᠶᠠᠳᠠᠭᠤ ᠠᠴᠠ ᠠᠩᠭᠢᠵᠢᠷᠠᠬᠤ ᠳᠤ ᠬᠦᠴᠦᠨ ᠢᠶᠠᠨ ᠲᠦᠪᠯᠡᠷᠡᠭᠦᠯᠦᠨ᠎ᠡ᠃ | ᠠᠵᠤ ᠠᠬᠤᠶᠢᠯᠠᠯ ᠤᠨ ᠬᠦᠭᠵᠢᠯᠳᠡ ᠶᠢ ᠦᠷᠭᠦᠯᠵᠢᠯᠡᠨ ᠳᠤᠭᠳᠠᠭᠤᠨ ᠢᠶᠠᠷ ᠶᠠᠳᠠᠭᠤ ᠠᠴᠠ ᠠᠩᠭᠢᠵᠢᠷᠠᠬᠤ ᠲᠡᠷᠢᠭᠦᠨ | ᠪᠠᠶᠢᠷᠢᠨ ᠳᠤ ᠲᠠᠯᠪᠢᠨ᠎ᠠ᠃ ᠲᠠᠷᠢᠶᠠᠯᠠᠩ ᠮᠠᠯᠵᠢᠯ ᠳᠤ ᠬᠤᠯᠪᠤᠬᠳᠠᠬᠤ ᠪᠠᠯᠠ ᠮᠦᠩᠬᠦ ᠶᠢ ᠨᠢᠭᠡᠳᠭᠡᠬᠦ ᠬᠦᠴᠦᠨ ᠢ | ᠨᠡᠮᠡᠭᠳᠡᠬᠦᠯᠵᠤ᠂ ︽ᠭᠤᠷᠪᠠ ᠲᠤᠰᠬᠤᠨ ᠳᠤ ᠬᠦᠷᠬᠦ᠂ ᠭᠤᠷᠪᠠ ᠡᠷᠦᠬᠡ ᠳᠤ ᠬᠦᠷᠬᠦ︾᠂ ᠮᠦᠩᠭᠦᠨ ᠭᠦᠢᠯᠭᠡᠭᠡ ᠪᠠᠷ | ᠶᠠᠳᠠᠭᠤ ᠶᠢ ᠳᠡᠳᠬᠦᠵᠦ ᠠᠷᠠᠳ ᠢ ᠪᠠᠶᠠᠵᠢᠭᠤᠯᠬᠤ ᠵᠡᠷᠭᠡ 3.3 ᠳ᠋ᠥᠩᠰᠢᠭᠤᠷ ᠲᠦᠭᠦᠷᠢᠭ ᠪᠡᠯᠡ ᠮᠦᠩᠭᠦ ᠶᠢ | ᠤᠷᠤᠭᠤᠯᠵᠤ᠂ ︽ᠬᠦᠲᠦᠴᠢ ᠠᠵᠤ ᠠᠬᠤᠶᠢᠯᠠᠯ + ᠬᠤᠷᠰᠢᠶᠠᠵᠢᠯ + ᠰᠠᠭᠤᠷᠢᠨ ᠭᠠᠵᠠᠷ + ᠶᠠᠳᠠᠭᠤ ᠬᠦᠴᠢᠷᠳᠠᠢ | ᠡᠷᠦᠬᠡ︾ ᠶᠢᠨ ᠵᠠᠭᠪᠤᠷ ᠢ ᠳᠦᠯᠬᠢᠨ ᠬᠡᠷᠡᠭᠵᠢᠭᠦᠯᠵᠦ᠂ ᠲᠤᠰᠬᠤᠨ ᠪᠠ ᠡᠷᠦᠬᠡ ᠶᠢᠨ ᠪᠤᠳᠠᠳᠠᠢ ᠳᠤ ᠲᠤᠬᠢᠷᠠᠭᠤᠯᠵᠤ᠂ | ᠭᠠᠭ᠋ᠠᠢ ᠦᠬᠡᠷ ᠬᠤᠨᠢ᠂ ᠲᠥᠮᠥᠰᠥ᠂ ᠨᠤᠭᠤᠭ᠎ᠠ᠂ ᠰᠢᠬᠢᠷ ᠵᠡᠷᠭᠡ ᠣᠷᠤᠯᠭ᠎ᠠ ᠨᠡᠮᠡᠭᠳᠡᠬᠦ ᠠᠵᠤ ᠦᠢᠯᠡᠰ ᠢ | ᠬᠦᠭᠵᠢᠭᠦᠯᠵᠦ᠂ ᠠᠯᠢᠪᠠ ᠬᠦᠰᠡᠯ ᠵᠤᠷᠢᠯᠳᠠ ᠲᠠᠢ᠂ ᠬᠦᠳᠡᠯᠮᠤᠷᠢᠯᠡᠬᠦ ᠴᠢᠳᠠᠪᠤᠷᠢ ᠲᠠᠢ ᠳᠠᠩᠰᠠ ᠺᠠᠷᠲ | ᠪᠠᠶᠢᠭᠤᠯᠤᠭᠰᠠᠨ ᠶᠠᠳᠠᠭᠤ ᠬᠦᠴᠢᠷᠳᠠᠢ ᠡᠷᠦᠬᠡ ᠳᠤ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ | ᠬᠡᠯᠬᠢᠶ᠎ᠡ ᠪᠠ ᠥᠷᠳᠡᠭ ᠤᠨ ᠬᠡᠯᠬᠢᠶ᠎ᠡ ᠦᠷ᠎ᠡ ᠠᠰᠢᠭ ᠨᠡᠮᠡᠭᠳᠡᠬᠦ ᠶᠢ ᠡᠳ᠋ᠯᠡᠭᠦᠯᠦᠨ᠎ᠡ᠃ 4000 ᠲᠦᠮᠡᠨ ᠲᠦᠭᠦᠷᠢᠭ | ᠲᠤᠰᠬᠠᠢ ᠪᠡᠯᠡ ᠮᠦᠩᠭᠦ ᠣᠷᠤᠭᠤᠯᠵᠤ᠂ ︽ᠡᠳ᠋ ᠬᠥᠷᠥᠩᠭᠡ ᠠᠰᠢᠭ ᠣᠯᠬᠤ︾ ᠵᠠᠭᠪᠤᠷ ᠢ ᠬᠡᠷᠡᠭᠵᠢᠭᠦᠯᠵᠦ᠂ | ᠬᠦᠳᠡᠯᠮᠤᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠠᠢ ᠬᠦᠮᠦᠨ ᠠᠮᠠ ᠶᠢ ᠳᠠᠮᠵᠢᠵᠤ ᠳᠤᠭᠳᠠᠭᠤᠨ ᠣᠷᠤᠯᠭ᠎ᠠ | ᠣᠯᠭᠤᠨ᠎ᠠ᠃ 1000 ᠲᠦᠮᠡᠨ ᠲᠦᠭᠦᠷᠢᠭ ᠠᠴᠠ ᠳᠡᠭᠡᠭᠰᠢ ᠲᠤᠰᠬᠠᠢ ᠲᠥᠷᠥᠯ ᠤᠨ ᠪᠡᠯᠡ ᠮᠦᠩᠭᠦ ᠣᠷᠤᠭᠤᠯᠵᠤ᠂ | ᠡᠯᠧᠺᠲᠷᠤᠨ ᠬᠤᠳᠠᠯᠳᠤᠭ᠎ᠠ ᠬᠥᠳᠡᠭᠡ ᠲᠤᠰᠬᠤᠨ ᠳᠤ ᠣᠷᠤᠬᠤ ᠵᠢᠱᠢᠶᠡᠴᠢ ᠰᠢᠶᠠᠨ᠂ ᠪᠡᠭᠡᠵᠢᠩ ᠥᠪᠥᠷ ᠮᠣᠩᠭᠤᠯ | ᠠᠵᠢᠯ ᠲᠥᠷᠥᠯ ᠨᠢᠭᠡᠳᠠᠢ ᠪᠠᠷ ᠬᠠᠮᠵᠢᠯᠴᠠᠬᠤ ᠡᠯᠧᠺᠲᠷᠤᠨ ᠬᠤᠳᠠᠯᠳᠤᠭ᠎ᠠ ᠶᠢ ᠬᠥᠳᠡᠭᠡ ᠲᠤᠰᠬᠤᠨ ᠳᠤ | ᠳᠡᠯᠭᠡᠷᠡᠭᠦᠯᠵᠦ ᠬᠡᠷᠡᠭᠯᠡᠬᠦ ᠲᠥᠷᠥᠯ ᠵᠦᠢᠯ ᠢ ᠬᠡᠷᠡᠭᠵᠢᠭᠦᠯᠵᠦ᠂ ᠨᠢᠭᠡᠨᠳᠡ ᠪᠠᠶᠢᠭᠤᠯᠤᠬᠳᠠᠬᠰᠠᠨ ᠲᠦᠮᠠᠨ ᠲᠤᠰᠬᠤᠨ | ᠮᠢᠩᠭᠠᠨ ᠰᠢᠶᠠᠩ ᠤᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠰᠦᠯᠵᠢᠶᠡᠨ ᠤ ᠴᠡᠭ᠂ ᠬᠡᠳᠦ ᠳᠡᠯᠭᠡᠭᠦᠷ | ᠵᠡᠷᠭᠡ ᠭᠦᠢᠯᠭᠡᠭᠡᠨ ᠤ ᠭᠤᠤᠯ ᠴᠤᠭᠴᠠ ᠲᠠᠢ ᠤᠶᠠᠯᠳᠤᠭᠤᠯᠵᠤ᠂ 100 ᠲᠤᠰᠬᠤᠨ ᠤ ᠳᠡᠰ ᠤᠨ ᠡᠯᠧᠺᠲᠷᠤᠨ | ᠬᠤᠳᠠᠯᠳᠤᠭᠠᠨ ᠤ ᠦᠢᠯᠡᠴᠢᠯᠡᠭᠡᠨ ᠤ ᠥᠷᠳᠡᠭᠡ ᠶᠢ ᠦᠭᠡᠷᠠᠴᠢᠯᠠᠨ ᠪᠠᠶᠢᠭᠤᠯᠵᠤ᠂ 29 ᠡᠯᠧᠺᠲᠷᠤᠨ ᠬᠤᠳᠠᠯᠳᠤᠭ᠎ᠠ | ᠪᠠᠷ ᠶᠠᠳᠠᠭᠤ ᠶᠢ ᠳᠡᠳᠬᠦᠬᠦ ᠵᠢᠱᠢᠶ᠎ᠡ ᠦᠵᠡᠭᠦᠯᠬᠦ ᠰᠦᠯᠵᠢᠶᠡᠨ ᠤ ᠴᠡᠭ ᠤᠨ ᠪᠥᠲᠥᠭᠡᠨ ᠪᠠᠶᠢᠭᠤᠯᠤᠯᠳᠠ ᠶᠢ | ᠪᠡᠶᠡᠯᠡᠭᠦᠯᠬᠦ ᠶᠢ ᠳᠦᠯᠬᠢᠨ ᠠᠬᠢᠭᠤᠯᠵᠤ᠂ ᠶᠠᠳᠠᠭᠤ ᠬᠦᠴᠢᠷᠳᠠᠢ ᠭᠠᠴᠠᠭ᠎ᠠ ᠲᠤᠰᠬᠤᠨ ᠤ ᠰᠢᠯᠢᠳᠡᠭ ᠪᠣᠬᠢᠷᠳᠤᠯ ᠦᠭᠡᠢ | ᠲᠠᠷᠢᠶᠠᠯᠠᠩ ᠮᠠᠯ ᠠᠵᠤ ᠠᠬᠤᠢ ᠶᠢᠨ ᠪᠥᠲᠥᠭᠡᠭᠳᠡᠭᠦᠨ ᠢ ᠭᠠᠳᠠᠷ ᠣᠷᠤᠨ ᠤ ᠵᠠᠬ᠎ᠠ ᠳᠡᠯᠭᠡᠭᠦᠷ ᠲᠤ ᠭᠠᠷᠭᠠᠨ᠎ᠠ᠃ | ᠬᠡᠷᠡᠯᠯᠢᠭ ᠢᠶᠠᠷ ᠶᠠᠳᠠᠭᠤ ᠶᠢ ᠲᠠᠳᠬᠦᠬᠦ ᠶᠢ ᠢᠳᠡᠪᠬᠢᠳᠠᠢ ᠲᠦᠯᠬᠢᠨ ᠠᠬᠢᠭᠤᠯᠵᠤ᠂ ᠶᠢᠨ ᠰᠧ ᠡᠨᠧᠷᠬᠢ᠂ ᠶᠦᠩ ᠨᠧᠩ | ᠰᠢᠨ᠎ᠠ ᠡᠨᠧᠷᠬᠢ ᠶᠢᠨ ᠬᠡᠷᠡᠯᠯᠢᠭ ᠴᠠᠬᠢᠯᠭᠠᠨ ᠡᠬᠦᠰᠭᠡᠬᠦ᠂ ᠴᠢᠩ ᠶᠦᠨ ᠶᠠᠩ ᠭᠤᠸᠠᠩ ᠬᠡᠷᠡᠯ ᠢᠯᠴᠢ ᠪᠠᠷ ᠴᠠᠬᠢᠯᠭᠠᠨ | ᠡᠬᠦᠰᠭᠡᠬᠦ ᠵᠠᠷᠭᠡ ᠲᠦᠷᠦᠯ ᠵᠦᠢᠯ ᠢᠶᠠᠷ ᠶᠠᠳᠠᠭᠤ ᠶᠢ ᠲᠠᠳᠬᠦᠵᠤ ᠲᠠᠶᠢᠴᠢᠯᠠᠬᠤ ᠠᠵᠢᠯ ᠢ ᠰᠠᠶᠢᠳᠤᠷ ᠬᠢᠨ᠎ᠠ᠃ ᠭᠠᠵᠠᠷ | ᠣᠷᠤᠨ ᠤ ᠪᠤᠳᠠᠳᠠᠢ ᠪᠠᠶᠢᠳᠠᠯ ᠠᠴᠠ ᠡᠭᠦᠰᠴᠦ ᠵᠤᠭᠠᠴᠠᠯ ᠢᠶᠠᠷ ᠶᠠᠳᠠᠭᠤ ᠶᠢ ᠳᠡᠳᠬᠦᠬᠦ ᠶᠢ ᠥᠷᠨᠢᠭᠦᠯᠵᠦ᠂ ᠮᠠᠯᠴᠢᠨ | ᠲᠠᠷᠢᠶᠠᠴᠢᠨ ᠤ ᠵᠤᠭᠠᠴᠠᠯ ᠤᠨ ᠠᠵᠤ ᠦᠢᠯᠡᠰ ᠲᠤ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠪᠦᠬᠦ ᠵᠢᠯ ᠳᠤ | ᠬᠥᠳᠡᠭᠡ ᠲᠤᠰᠬᠤᠨ ᠢᠶᠠᠷ ᠵᠤᠭᠠᠴᠠᠬᠤ ᠮᠠᠯᠴᠢᠨ ᠲᠠᠷᠢᠶᠠᠴᠢᠨ ᠤ ᠪᠠᠶᠠᠰᠤᠯ ᠤᠨ ᠭᠡᠷ ᠢ ᠰᠢᠨ᠎ᠡ ᠪᠠᠷ 50 ᠶᠢ | ᠨᠡᠮᠡᠭᠳᠡᠭᠦᠯᠵᠦ᠂ ᠵᠤᠭᠠᠴᠠᠯ ᠤᠨ ᠠᠰᠢᠭ ᠣᠯᠵᠠᠪᠤᠷᠢ ᠶᠢ ᠨᠡᠩ ᠣᠯᠠᠨ ᠶᠠᠳᠠᠭᠤ ᠬᠦᠴᠢᠷᠳᠠᠢ ᠣᠯᠠᠨ ᠲᠦᠮᠡᠨ ᠳᠤ | ᠬᠦᠷᠳᠡᠭᠡᠨ᠎ᠡ᠃ | 6. ᠪᠠᠳᠤᠯᠠᠭ᠎ᠠ ᠶᠢ ᠪᠦᠬᠦᠨ ᠢ ᠴᠢᠩᠭᠠᠳᠬᠠᠨ᠎ᠠ᠃ 1.4 ᠳ᠋ᠦᠩᠰᠢᠭᠤᠷ ᠲᠦᠬᠦᠷᠢᠭ ᠲᠤᠰᠬᠠᠢ ᠲᠦᠷᠦᠯ ᠤᠨ | ᠪᠠᠯᠠ ᠮᠦᠩᠬᠦ ᠤᠷᠤᠭᠤᠯᠵᠤ᠂ ᠣᠨᠳᠣᠣ ᠭᠠᠵᠠᠷ ᠠᠷᠠᠳ ᠢ ᠨᠡᠭᠦᠯᠭᠡᠬᠦ ᠪᠠᠷ ᠶᠠᠳᠠᠭᠤ ᠶᠢ ᠳᠡᠳᠬᠦᠬᠦ ᠶᠢ ᠯᠠᠪᠳᠠᠭᠤᠨ | ᠳᠦᠯᠬᠢᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠠᠳᠠᠭᠠᠯᠠᠮᠵᠢ ᠢᠶᠠᠨ ᠪᠠᠭᠠᠰᠬᠠᠬᠤ | ᠲᠠᠢ ᠤᠶᠠᠯᠳᠤᠭᠤᠯᠵᠤ᠂ ︽ᠬᠦᠷᠢᠶᠡᠯᠡᠩ ᠲᠤᠭᠤᠷᠢᠭ ᠤᠨ ᠠᠵᠤ ᠠᠬᠤᠶᠢᠯᠠᠯ + ᠣᠨᠳᠣᠣ ᠭᠠᠵᠠᠷ ᠨᠡᠭᠦᠯᠭᠡᠬᠦ︾ | ᠵᠠᠭᠪᠤᠷ ᠢ ᠳᠦᠯᠬᠢᠨ ᠬᠡᠷᠡᠭᠵᠢᠭᠦᠯᠵᠦ᠂ 781 ᠡᠷᠦᠬᠡ᠂ 2790 ᠨᠡᠷᠡᠰ ᠶᠠᠳᠠᠭᠤ ᠬᠦᠴᠢᠷᠳᠠᠢ ᠬᠦᠮᠦᠨ ᠠᠮᠠ ᠶᠢ | ᠨᠡᠭᠦᠯᠭᠡᠵᠦ ᠠᠵᠢᠯ ᠣᠯᠭᠤᠬᠤ ᠡᠭᠦᠷᠭᠡ ᠶᠢ ᠪᠡᠶᠡᠯᠡᠭᠦᠯᠦᠨ᠎ᠡ᠃ 800 ᠲᠦᠮᠡᠨ ᠲᠦᠭᠦᠷᠢᠭ ᠤᠨ ᠲᠤᠰᠬᠠᠢ ᠲᠥᠷᠥᠯ | ᠤᠨ ᠪᠡᠯᠡ ᠮᠦᠩᠭᠦ ᠣᠷᠤᠭᠤᠯᠵᠤ᠂ ᠡᠮ ᠡᠮᠨᠡᠯᠭᠡ ᠪᠠ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠶᠢ | ᠭᠦᠨᠵᠡᠭᠡᠢ ᠬᠡᠷᠡᠭᠵᠢᠭᠦᠯᠵᠦ᠂ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠠᠢ ᠡᠷᠦᠬᠡ ᠳᠤ ᠬᠤᠳᠠᠯᠳᠤᠭᠠᠨ ᠤ | ᠪᠠ ᠡᠮ ᠡᠮᠨᠡᠯᠭᠡ ᠶᠢᠨ ᠳᠠᠭᠠᠳᠬᠠᠯ ᠢ ᠲᠤᠰᠢᠶᠠᠨ ᠦᠭᠴᠦ᠂ ᠶᠠᠳᠠᠭᠤ ᠬᠦᠴᠢᠷᠳᠠᠢ ᠭᠡᠷ ᠪᠦᠯᠢ ᠶᠢᠨ ᠰᠤᠷᠤᠭᠴᠢ ᠳᠤ | ᠲᠥᠷᠥᠯ ᠬᠤᠪᠢᠶᠠᠨ ᠨᠦᠬᠦᠪᠤᠷᠢ ᠦᠭᠴᠦ᠂ ᠡᠪᠡᠳᠴᠢᠨ ᠪᠤᠶᠤ ᠰᠤᠷᠤᠭᠴᠢ ᠶᠢᠨ ᠵᠠᠷᠤᠳᠠᠯ ᠠᠴᠠ ᠪᠤᠯᠵᠤ | ᠶᠠᠳᠠᠭᠤᠷᠠᠭᠰᠠᠨ ᠪᠠ ᠲᠠᠬᠢᠨ ᠶᠠᠳᠠᠭᠤᠷᠠᠬᠤ ᠠᠰᠠᠭᠤᠳᠠᠯ ᠢ ᠦᠨᠡᠨᠬᠦ ᠰᠢᠢᠳᠪᠤᠷᠢᠯᠡᠨ᠎ᠡ᠃ 480 ᠲᠦᠮᠠᠨ ᠲᠦᠬᠦᠷᠢᠭ | ᠲᠤᠰᠬᠠᠢ ᠲᠦᠷᠦᠯ ᠤᠨ ᠪᠠᠯᠠ ᠮᠦᠩᠬᠦ ᠤᠷᠤᠭᠤᠯᠵᠤ᠂ ᠠᠮᠢ ᠠᠬᠤᠢ ᠶᠢᠨ ᠨᠦᠬᠦᠪᠤᠷᠢ ᠪᠠᠷ ᠶᠠᠳᠠᠭᠤ ᠶᠢ ᠳᠡᠳᠬᠦᠬᠦ ᠶᠢ | ᠢᠳᠡᠪᠬᠢᠳᠠᠢ ᠥᠷᠨᠢᠭᠦᠯᠵᠦ᠂ ᠶᠠᠳᠠᠭᠤ ᠬᠦᠴᠢᠷᠳᠠᠢ ᠬᠦᠮᠦᠨ ᠠᠮᠠ ᠶᠢ ᠲᠤᠬᠠᠢ ᠶᠢᠨ ᠭᠠᠵᠠᠷ ᠲᠤ ᠨᠢ ᠠᠵᠢᠯ ᠤᠨ | ᠪᠠᠶᠢᠷᠢ ᠶᠢ ᠨᠢ ᠬᠤᠪᠢᠷᠠᠭᠤᠯᠵᠤ ᠨᠡᠶᠢᠳᠡ ᠶᠢᠨ ᠠᠰᠠᠷᠠᠮᠵᠢ ᠶᠢᠨ ᠣᠢ ᠶᠢᠨ ᠬᠠᠮᠠᠭᠠᠯᠠᠭᠴᠢ᠂ ᠠᠮᠢ ᠠᠬᠤᠢ ᠶᠢᠨ ᠣᠢ | ᠶᠢ ᠬᠠᠮᠠᠭᠠᠯᠠᠭᠴᠢ᠂ ᠲᠠᠯ᠎ᠠ ᠨᠤᠲᠤᠭ ᠢ ᠬᠠᠮᠢᠶᠠᠷᠤᠨ ᠬᠠᠮᠠᠭᠠᠯᠠᠭᠴᠢ ᠪᠤᠯᠭᠠᠬᠤ ᠪᠠᠷ ᠳᠠᠮᠵᠢᠨ᠂ 415 ᠡᠷᠦᠬᠡ ᠶᠠᠳᠠᠭᠤ | ᠬᠦᠴᠢᠷᠳᠠᠢ ᠡᠷᠦᠬᠡ ᠳᠤᠭᠳᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠦᠨ᠎ᠡ᠃ ᠬᠠᠮᠤᠭ ᠳᠤᠤᠷ᠎ᠠ | ᠠᠮᠢᠳᠤᠷᠠᠯ ᠤᠨ ᠪᠠᠳᠤᠯᠠᠭ᠎ᠠ ᠶᠢᠨ ᠳᠦᠷᠢᠮ ᠪᠠ ᠶᠠᠳᠠᠭᠤ ᠶᠢ ᠳᠡᠳᠬᠦᠬᠦ ᠨᠡᠭᠡᠭᠡᠯᠳᠡ ᠶᠢᠨ ᠲᠥᠷᠥ ᠶᠢᠨ ᠪᠤᠳᠤᠯᠭ᠎ᠠ | ᠵᠠᠯᠭᠠᠬᠤ ᠠᠵᠢᠯ ᠢ ᠬᠢᠨᠠᠮᠠᠭᠠᠢ ᠰᠠᠶᠢᠳᠤᠷ ᠬᠢᠵᠦ᠂ ᠬᠥᠳᠡᠭᠡ ᠲᠤᠰᠬᠤᠨ ᠮᠠᠯᠵᠢᠬᠤ ᠣᠷᠤᠨ ᠤ ᠳᠤᠤᠷ᠎ᠠ ᠪᠠᠳᠤᠯᠠᠭ᠎ᠠ᠂ | ᠣᠨᠴᠠ ᠬᠦᠴᠢᠷᠳᠠᠢ ᠨᠦᠬᠦᠴᠡᠯ ᠳᠤ ᠳᠤᠬᠢᠷᠠᠭᠰᠠᠨ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠠᠢ ᠡᠷᠦᠬᠡ | ᠪᠠᠳᠤᠯᠠᠭ᠎ᠠ ᠪᠦᠬᠦᠨ ᠢ ᠪᠠᠳᠤᠯᠠᠵᠤ᠂ ᠳᠡᠳᠬᠦᠬᠦ ᠪᠦᠬᠦᠨ ᠢ ᠳᠡᠳᠬᠦᠨ᠎ᠡ᠃ | ᠭᠤᠷᠪᠠ᠂ ᠠᠵᠤ ᠦᠢᠯᠡᠰ ᠤᠨ ᠬᠡᠯᠪᠡᠷᠢ ᠬᠤᠪᠢᠷᠠᠭᠠᠵᠤ ᠳᠡᠰ ᠳᠡᠪᠰᠢᠬᠦ ᠠᠯᠬᠤᠴᠠ ᠶᠢ ᠲᠥᠷᠭᠡᠳᠬᠡᠨ᠎ᠡ᠃ | ᠪᠥᠲᠥᠴᠡ ᠶᠢ ᠲᠤᠬᠢᠷᠠᠭᠤᠯᠵᠤ᠂ ᠬᠡᠯᠪᠡᠷᠢ ᠶᠢ ᠬᠤᠪᠢᠷᠠᠭᠠᠬᠤ ᠪᠠᠷ ᠭᠤᠤᠯ ᠲᠠᠭᠠᠷᠢᠯᠳᠠ ᠶᠢᠨ ᠴᠢᠭᠯᠡᠯ ᠪᠤᠯᠭᠠᠵᠤ | ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠬᠦ ᠪᠠᠷ ᠭᠤᠤᠯ ᠬᠠᠷᠠᠯᠳᠠ ᠪᠤᠯᠭᠠᠨ᠂ ᠨᠢᠭᠡ | ᠬᠤᠶᠠᠷ ᠭᠤᠷᠪᠠᠳᠤᠭᠠᠷ ᠠᠵᠤ ᠦᠢᠯᠡᠰ ᠤᠨ ᠪᠥᠲᠥᠴᠡ ᠨᠡᠩ ᠰᠢᠯᠢᠳᠡᠭ᠂ ᠨᠡᠶᠢᠯᠡᠨ ᠬᠦᠭᠵᠢᠬᠦ ᠶᠢ ᠳᠦᠯᠬᠢᠨ | ᠠᠬᠢᠭᠤᠯᠤᠨ᠎ᠠ᠃ | 7. ᠠᠵᠤ ᠦᠢᠯᠡᠳᠪᠤᠷᠢ ᠶᠢᠨ ᠶᠡᠷᠦᠩᠬᠡᠢ ᠲᠤᠭ᠎ᠠ ᠶᠢ ᠥᠷᠭᠡᠳᠬᠡᠬᠦ ᠪᠠ ᠬᠠᠳᠠᠭᠠᠯᠠᠮᠵᠢ ᠶᠢ ᠰᠡᠷᠭᠦᠭᠡᠬᠦ ᠶᠢ | ᠵᠡᠷᠭᠡ ᠪᠠᠷ ᠬᠦᠭᠵᠢᠭᠦᠯᠬᠦ ᠶᠢ ᠪᠠᠷᠢᠮᠳᠠᠯᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠬᠦᠨ ᠢ | ᠪᠣᠯᠪᠠᠰᠤᠷᠠᠭᠤᠯᠬᠤ᠂ ᠴᠡᠪᠡᠷ ᠡᠨᠧᠷᠭᠢ᠂ ᠮᠠᠰᠢᠨ ᠲᠥᠬᠦᠭᠡᠷᠦᠮᠵᠢ ᠦᠢᠯᠡᠳᠪᠤᠷᠢᠯᠡᠬᠦ᠂ ᠠᠭᠤᠷᠬᠠᠢ ᠨᠡᠭᠡᠭᠡᠬᠦ ᠦᠢᠯᠡᠰ | ᠤᠨ ᠲᠣᠭᠤᠷᠢᠨ ᠳᠤ᠂ ᠪᠦᠬᠦ ᠬᠤᠰᠢᠭᠤ 3000 ᠲᠦᠮᠡᠨ ᠲᠦᠭᠦᠷᠢᠭ ᠠᠴᠠ ᠳᠡᠭᠡᠭᠰᠢ ᠭᠤᠤᠯᠳᠠᠯᠭ᠎ᠠ ᠲᠠᠢ ᠠᠵᠤ | ᠦᠢᠯᠡᠳᠪᠤᠷᠢ ᠶᠢᠨ ᠲᠥᠷᠥᠯ ᠵᠦᠢᠯ ᠢ 22 ᠢ ᠬᠡᠷᠡᠭᠵᠢᠭᠦᠯᠬᠦ ᠪᠠᠷ ᠲᠥᠯᠥᠪᠯᠡᠵᠦ᠂ 44.3 ᠳ᠋ᠥᠩᠰᠢᠭᠤᠷ ᠲᠦᠭᠦᠷᠢᠭ | ᠤᠨ ᠪᠡᠯᠡ ᠣᠷᠤᠭᠤᠯᠤᠯᠳᠠ ᠶᠢ ᠪᠡᠶᠡᠯᠡᠭᠦᠯᠦᠨ᠎ᠡ᠃ ᠠᠨ ᠴᠢ ᠢᠰᠭᠡᠭᠦᠷ ᠤᠨ 2.5 ᠲᠦᠮᠡᠨ ᠳᠤᠨ ᠨᠡᠭᠦᠵᠦ | ᠥᠷᠭᠡᠳᠬᠡᠬᠦ ᠪᠥᠲᠥᠭᠡᠨ ᠪᠠᠶᠢᠭᠤᠯᠤᠯᠳᠠ᠂ ᠱᠤᠸᠠᠩ ᠴᠧᠩ ᠬᠦᠨᠳᠦ ᠦᠢᠯᠡᠳᠪᠤᠷᠢ ᠶᠢᠨ 10 ᠲᠦᠮᠡᠨ ᠳᠤᠨ | ᠪᠤᠯᠤᠳ ᠪᠥᠲᠥᠴᠡ ᠶᠢᠨ ᠦᠢᠯᠡᠳᠪᠤᠷᠢᠯᠡᠯ᠂ ᠭᠤᠸᠠᠩ ᠶᠤᠸᠠᠨ ᠴᠠᠬᠢᠯᠭᠠᠨ ᠬᠦᠴᠦᠨ ᠤ 12 ᠲᠦᠮᠡᠨ ᠳᠤᠨ | ᠪᠤᠯᠤᠳ ᠬᠤᠭᠤᠯᠠᠢ ᠶᠢᠨ ᠥᠷᠭᠡᠳᠬᠡᠨ ᠪᠠᠶᠢᠭᠤᠯᠤᠯᠳᠠ᠂ ᠯᠢ ᠡᠸᠤ 150 ᠲᠦᠮᠡᠨ ᠢᠵᠢ ᠪᠤᠬᠢᠷᠳᠤᠯ ᠠᠴᠠ | ᠰᠠᠷᠭᠡᠶᠢᠯᠠᠬᠦ ᠲᠥᠬᠦᠭᠡᠷᠦᠮᠵᠢ ᠶᠢ ᠦᠢᠯᠡᠳᠪᠤᠷᠢᠯᠡᠬᠦ ᠵᠡᠷᠭᠡ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠢ | ᠡᠬᠢᠯᠡᠭᠦᠯᠵᠦ᠂ ᠯᠢᠩ ᡁᠢ ᠹᠠ ᠮᠤ᠋ ᠹᠦ᠋ ᠷᠦᠢ ᠶᠢᠨ 7 ᠲᠦᠮᠡᠨ ᠳᠤᠨ ᠲᠥᠷᠭᠡᠨ ᠬᠦᠯᠳᠡᠭᠡᠬᠦ ᠲᠥᠮᠥᠰᠥᠨ ᠵᠦᠰᠦᠮ᠂ | ᠮᠤ᠋ ᠶᠤᠸᠠᠨ ᠤ 60 ᠲᠦᠮᠡᠨ ᠳᠤᠨ ᠪᠤᠷᠳᠤᠭ᠎ᠠ ᠪᠣᠯᠪᠠᠰᠤᠷᠠᠭᠤᠯᠬᠤ᠂ ᠡᠾᠧᠩ ᠳ᠋ᠦ᠋ ᠶᠢᠨ 10 ᠲᠦᠮᠠᠨ ᠲᠤᠯᠤᠭᠠᠢ | ᠦᠭᠡᠷ ᠠᠯᠠᠵᠤ ᠪᠤᠯᠪᠠᠰᠤᠷᠠᠭᠤᠯᠬᠤ᠂ ᠮᠧᠩ ᠳ᠋ᠦ᠋ ᠶᠢᠨ ᠡᠭᠦᠯᠡᠨ ᠪᠤᠳᠤᠯᠳᠠ O2O ᠮᠠᠯ ᠠᠵᠤ ᠠᠬᠤᠢ ᠶᠢᠨ | ᠪᠥᠲᠥᠭᠡᠭᠳᠡᠭᠦᠨ ᠢ ᠬᠦᠯᠳᠡᠭᠡᠬᠦ ᠪᠤᠳᠠᠰ ᠤᠨ ᠭᠦᠢᠯᠭᠡᠭᠡ᠂ ᠡᠾᠧ ᠡᠾᠧᠩ ᠤᠨ 240 ᠲᠦᠮᠡᠨ ᠸᠠᠭᠠᠷ ᠱᠠᠭᠠᠵᠠᠩ | ᠯᠣᠩᠬᠤ ᠦᠢᠯᠡᠳᠪᠤᠷᠢᠯᠡᠬᠦ ᠵᠡᠷᠭᠡ ᠵᠠᠯᠭᠠᠨ ᠪᠠᠶᠢᠭᠤᠯᠬᠤ ᠲᠥᠷᠥᠯ ᠵᠦᠢᠯ ᠪᠠᠶᠢᠭᠤᠯᠤᠭᠳᠠᠵᠤ ᠬᠡᠷᠡᠭᠯᠡᠭᠡᠨ ᠳᠤ ᠣᠷᠤᠬᠤ | ᠶᠢ ᠪᠠᠳᠤᠯᠠᠨ᠎ᠠ᠃ ᠶᠢᠨ ᠰᠧ ᠡᠨᠧᠷᠭᠢ ᠶᠢᠨ ᠴᠠᠭᠡᠠ ᠤ 20 ᠰᠠᠶ᠎ᠠ ᠸᠠᠲ᠂ ᠭᠤᠸᠠᠩ ᠷᠦᠨ ᠰᠢᠨ᠎ᠡ ᠡᠨᠧᠷᠭᠢ ᠶᠢᠨ | ᠬᠡᠷᠰᠠᠩ ᠤᠨ 10 ᠰᠠᠶ᠎ᠠ ᠸᠠᠲ ᠭᠡᠷᠡᠯᠯᠢᠭ ᠴᠠᠬᠢᠯᠭᠠᠨ ᠡᠭᠦᠰᠬᠡᠬᠦ᠂ ᠴᠢᠩ ᠶᠦᠨ ᠶᠠᠩ ᠭᠤᠸᠠᠩ 100 ᠰᠠᠶ᠎ᠠ ᠸᠠᠲ | ᠭᠡᠷᠡᠯ ᠢᠯᠴᠢ ᠪᠠᠷ ᠴᠠᠬᠢᠯᠭᠠᠨ ᠡᠭᠦᠰᠬᠡᠬᠦ᠂ ᠬᠤᠸᠠ ᠳ᠋ᠢᠶᠠᠨ ᠭᠤᠤ ᠵᠢᠶᠠ ᠯᠢᠶᠠᠩ ᠤᠨ 50 ᠰᠠᠶ᠎ᠠ ᠸᠠᠲ᠂ ᠵᠥᠩ | ᠰᠢᠨ ᠯᠢᠶᠠᠨ ᠢ ᠯᠤᠤᠬ᠎ᠠ ᠶᠢᠨ ᠭᠤᠤᠯ ᠤᠨ 9 ᠰᠠᠶ᠎ᠠ ᠸᠠᠲ ᠰᠠᠯᠬᠢᠨ ᠴᠠᠬᠢᠯᠭᠠᠨ ᠵᠡᠷᠭᠡ ᠲᠥᠷᠥᠯ ᠵᠦᠢᠯ ᠢ ᠰᠠᠶᠢᠳᠤᠷ | ᠬᠡᠷᠡᠭᠵᠢᠭᠦᠯᠵᠦ᠂ ᠵᠢᠯ ᠤᠨ ᠰᠡᠭᠦᠯᠴᠢ ᠠᠴᠠ ᠡᠮᠦᠨ᠎ᠡ ᠲᠤᠤᠷ ᠨᠡᠶᠢᠯᠡᠭᠦᠯᠵᠦ ᠠᠵᠢᠯᠯᠠᠬᠤ ᠶᠢ ᠴᠢᠷᠮᠠᠶᠢᠨ ᠪᠡᠶᠡᠯᠡᠭᠦᠯᠦᠨ᠎ᠡ | ᠃ ᠬᠤᠸᠠᠩ ᠭᠦ᠋ ᠲᠦᠨ ᠤ ᠡᠳᠦᠷ ᠲᠤ 2000 ᠳᠤᠨ ᠰᠢᠢᠳᠪᠤᠷᠢᠯᠡᠬᠦ᠂ ᠱᠧᠩ ᠱᠢ ᠯᠢᠶᠠᠨ ᠬᠤᠸᠠ ᠶᠢᠨ ᠡᠳᠦᠷ | ᠲᠤ 1000 ᠳᠤᠨ ᠰᠢᠢᠳᠪᠤᠷᠢᠯᠡᠬᠦ ᠳᠤᠭᠤᠯᠭ᠎ᠠ ᠴᠠᠶᠢᠷ ᠰᠤᠩᠭᠤᠬᠤ ᠮᠡᠷᠭᠡᠵᠢᠯ ᠢ ᠥᠭᠡᠷᠡᠴᠢᠯᠡᠬᠦ ᠲᠥᠷᠥᠯ ᠵᠦᠢᠯ ᠢ | ᠪᠡᠶᠡᠯᠡᠭᠦᠯᠦᠨ᠎ᠡ᠃ ᠵᠡᠷᠭᠡᠪᠡᠷ ᠵᠢᠩ ᠲᠤᠩ ᠵᠡᠰ ᠤᠨ ᠦᠢᠯᠡᠰ᠂ ᠶᠠᠨ ᠰᠢᠶᠠᠩ ᠲᠡᠮᠦᠷᠯᠢᠭ ᠬᠠᠶᠢᠯᠠᠭᠤᠯᠬᠤ᠂ ᠶᠠ ᠢ | ᠪᠤᠭᠤᠳᠠᠯᠯᠠᠬᠤ ᠵᠡᠷᠭᠡ ᠦᠢᠯᠡᠳᠪᠤᠷᠢᠯᠡᠬᠦ ᠪᠠᠨ ᠵᠤᠭᠰᠤᠭᠰᠠᠨ ᠠᠵᠤ ᠠᠬᠤᠶᠢᠯᠠᠯ ᠳᠠᠬᠢᠨ ᠪᠦᠯᠦᠭᠯᠡᠬᠦ ᠠᠵᠢᠯ ᠤᠷᠤᠭᠰᠢ | ᠲᠠᠢ ᠪᠠᠶᠢᠬᠤ ᠶᠢ ᠳᠦᠯᠬᠢᠨ ᠠᠬᠢᠭᠤᠯᠤᠨ᠎ᠠ᠃ | 8. ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠬᠡᠯᠪᠡᠶᠢᠬᠦ ᠪᠥᠲᠥᠴᠡ ᠶᠢᠨ ᠴᠢᠨᠠᠷᠳᠠᠢ ᠥᠭᠡᠷᠡᠴᠢᠯᠡᠯᠳᠡ | ᠶᠢ ᠳᠦᠯᠬᠢᠨ ᠠᠬᠢᠭᠤᠯᠤᠨ᠎ᠠ᠃ ︽3661︾ ᠢᠨᠵᠧᠨᠧᠷᠢᠭ ᠢᠶᠠᠷ ᠳᠠᠭᠠᠭᠠᠭᠤᠯᠵᠤ᠂ ︽ᠠᠮᠤ ᠪᠤᠳᠠᠭᠠᠨ ᠤ ᠲᠠᠷᠢᠮᠠᠯ | ᠢ ᠪᠠᠭᠠᠰᠬᠠᠵᠤ ᠠᠵᠤ ᠠᠬᠤᠢ ᠶᠢᠨ ᠲᠠᠷᠢᠮᠠᠯ ᠢ ᠥᠷᠭᠡᠳᠬᠡᠨ ᠪᠣᠷᠳᠤᠭ᠎ᠠ ᠶᠢ ᠨᠡᠮᠡᠭᠳᠡᠭᠦᠯᠬᠦ᠂ ᠬᠤᠨᠢ ᠶᠢ ᠪᠠᠭᠠᠰᠬᠠᠵᠤ | ᠦᠬᠡᠷ ᠢ ᠨᠡᠮᠡᠭᠳᠡᠭᠦᠯᠦᠨ ᠭᠠᠭ᠋ᠠᠢ ᠶᠢ ᠥᠷᠭᠡᠳᠬᠡᠬᠦ︾ ᠢᠨᠵᠧᠨᠧᠷᠢᠭ ᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ | ᠠᠬᠤᠢ ᠶᠢᠨ ᠪᠦᠳᠦᠴᠠ ᠶᠢ ᠰᠢᠯᠢᠳᠡᠭᠵᠢᠬᠦᠯᠦᠨ᠎ᠠ᠃ ᠬᠦᠳᠦᠴᠢ ᠠᠵᠤ ᠠᠬᠤᠶᠢᠯᠠᠯ ᠢᠶᠠᠷ ᠵᠤᠬᠰᠤᠴᠠ ᠪᠤᠯᠭᠠᠨ | ᠲᠠᠷᠢᠵᠤ ᠲᠠᠵᠢᠭᠡᠨ᠂ 6 ᠶᠡᠭᠡ ᠭᠤᠤᠯᠯᠠᠬᠤ ᠠᠵᠤ ᠤᠶᠢᠯᠠᠰ ᠢ ᠶᠡᠭᠡ ᠬᠦᠴᠦᠨ ᠢᠶᠠᠷ ᠬᠦᠭᠵᠢᠬᠦᠯᠦᠨ᠎ᠠ᠂ ᠪᠦᠬᠦ | ᠬᠤᠰᠢᠭᠤ 30 ᠲᠦᠮᠡᠨ ᠮᠤ᠋ ᠢᠳᠡᠰᠢᠨ ᠨᠤᠭᠤᠭ᠎ᠠ᠂ 11.5 ᠲᠦᠮᠡᠨ ᠮᠤ᠋ ᠰᠢᠬᠢᠷ ᠯᠤᠤᠪᠠᠩ᠂ 32 ᠲᠦᠮᠡᠨ ᠮᠤ᠋ | ᠲᠥᠮᠥᠰᠥ᠂ ᠵᠢᠯ ᠳᠤ 18 ᠲᠦᠮᠡᠨ ᠠᠯᠠᠰᠢᠨ ᠦᠬᠡᠷ᠂ 105 ᠲᠦᠮᠡᠨ ᠠᠯᠠᠰᠢᠨ ᠬᠤᠨᠢ᠂ 150 ᠲᠦᠮᠡᠨ ᠭᠠᠭ᠋ᠠᠢ | ᠪᠤᠷᠤᠯᠠᠭᠤᠯᠤᠨ᠎ᠠ᠃ ᠡᠳ᠋ ᠤᠨ ᠵᠠᠰᠠᠭ ᠮᠦᠩᠭᠦᠨ ᠭᠦᠢᠯᠭᠡᠭᠡ ᠪᠠᠷ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ | ᠴᠤᠭᠴᠠ ᠶᠢᠨ ᠬᠦᠭᠵᠢᠯᠳᠡ ᠶᠢᠨ ᠳᠤᠭᠳᠠᠯᠴᠠᠭ᠎ᠠ ᠶᠢ ᠳᠡᠮᠵᠢᠬᠦ ᠶᠢ ᠰᠢᠨ᠎ᠡ ᠪᠠᠷ ᠡᠭᠦᠳᠴᠦ᠂ ᠡᠵᠡᠩᠨᠡᠯᠳᠡ ᠨᠢ | ᠳᠦᠷᠢᠮᠵᠢᠭᠰᠡᠨ᠂ ᠣᠯᠠᠨ ᠲᠦᠮᠡᠨ ᠢ ᠳᠠᠶᠢᠴᠢᠯᠠᠵᠤ ᠣᠷᠤᠯᠭ᠎ᠠ ᠨᠡᠮᠡᠭᠳᠡᠬᠦ ᠨᠢ ᠢᠯᠡᠷᠬᠡᠢ᠂ ᠬᠦᠭᠵᠢᠬᠦ ᠳᠠᠯᠳᠠ ᠬᠦᠴᠦᠨ | ᠲᠠᠢ 30 ᠲᠤᠰᠬᠠᠢ ᠬᠤᠷᠰᠢᠶᠠᠵᠢᠯ᠂ 40 ᠮᠠᠯᠵᠢᠵᠤ ᠲᠠᠷᠢᠶᠠᠯᠠᠬᠤ ᠶᠡᠭᠡ ᠡᠷᠦᠬᠡ ᠪᠠ ᠭᠡᠷ ᠪᠦᠯᠢ ᠶᠢᠨ ᠮᠠᠯᠵᠢᠯ | ᠲᠠᠷᠢᠶᠠᠯᠠᠩ ᠤᠨ ᠲᠠᠯᠠᠪᠠᠢ ᠶᠢ ᠳᠠᠮᠵᠢᠵᠤ᠂ ᠭᠠᠵᠠᠷ ᠰᠢᠷᠤᠢ ᠶᠢᠨ ᠡᠷᠭᠢᠯᠳᠡ ᠶᠢᠨ ᠨᠤᠷᠮ᠎ᠠ ᠶᠢ 33.3%᠂ | ᠬᠤᠷᠰᠢᠶᠠᠵᠢᠬᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠬᠦᠭᠦᠯᠬᠦ ᠨᠤᠷᠮ᠎ᠠ ᠶᠢ 66% ᠳᠤ ᠬᠦᠷᠭᠡᠬᠦ | ᠪᠠᠷ ᠴᠢᠷᠮᠠᠶᠢᠨ᠎ᠡ᠃ ᠵᠧᠩ ᠪᠠᠩ 200 ᠲᠦᠮᠡᠨ ᠭᠠᠭ᠋ᠠᠢ ᠲᠡᠵᠢᠭᠡᠬᠦ ᠲᠥᠷᠥᠯ ᠵᠦᠢᠯ ᠢ ᠡᠬᠢᠯᠡᠨ ᠪᠥᠲᠥᠭᠡᠨ | ᠪᠠᠶᠢᠭᠤᠯᠵᠤ᠂ ᠮᠤ᠋ ᠶᠤᠸᠠᠨ ᠭᠠᠭ᠋ᠠᠢ ᠲᠡᠵᠢᠭᠡᠬᠦ ᠲᠠᠯᠠᠪᠠᠢ ᠶᠢ 100 ᠲᠦᠮᠠᠨ ᠭᠠᠭ᠋ᠠᠢ ᠲᠠᠵᠢᠭᠡᠬᠦ ᠴᠢᠳᠠᠪᠬᠢ ᠲᠠᠢ | ᠪᠤᠯᠭᠠᠨ᠎ᠠ᠃ ᠳ᠋ᠥᠩ ᠰᠢᠤᠢ ᠭᠡᠷᠡᠯ ᠴᠠᠬᠢᠯᠭᠠᠨ ᠤ ᠺᠤᠮᠫᠠᠨᠢ᠂ ᠱᠤ᠋ ᠭᠤᠸᠠᠩ ᠢᠳᠡᠰᠢᠨ ᠨᠤᠭᠤᠭ᠎ᠠ ᠶᠢᠨ ᠭᠠᠷᠭᠠᠯᠳᠠ | ᠶᠢᠨ ᠰᠠᠭᠤᠷᠢᠨ ᠭᠠᠵᠠᠷ᠂ ᠪᠡᠭᠡᠵᠢᠩ ᠤᠨ ᠲᠠᠷᠢᠶᠠᠯᠠᠩ ᠤᠨ ᠬᠡᠳᠤ ᠲᠠᠯᠭᠡᠬᠦᠷ ᠲᠠᠢ ᠢᠳᠡᠪᠬᠢᠳᠠᠢ ᠪᠠᠷ ᠠᠵᠢᠯ ᠢᠶᠠᠨ | ᠵᠠᠯᠭᠠᠵᠤ᠂ ᠵᠠᠳᠠᠭᠠᠢ ᠭᠠᠵᠠᠷ ᠤᠨ ᠢᠳᠡᠰᠢᠨ ᠨᠤᠭᠤᠭᠠᠨ ᠤ ᠲᠥᠷᠥᠯ ᠵᠦᠢᠯ ᠢ ᠬᠡᠷᠡᠭᠵᠢᠭᠦᠯᠵᠦ᠂ ᠢᠳᠡᠰᠢᠨ ᠨᠤᠭᠤᠭᠠᠨ | ᠤ ᠰᠢᠨ᠎ᠠ ᠰᠤᠷᠭᠤᠭ ᠢᠶᠠᠷ ᠬᠠᠳᠠᠭᠠᠯᠠᠵᠤ ᠬᠦᠷᠭᠡᠬᠦ ᠪᠤᠳᠠᠰ ᠤᠨ ᠭᠦᠢᠯᠭᠡᠭᠡᠨ ᠤ ᠰᠢᠰᠲ᠋ᠧᠮ ᠤᠨ ᠪᠥᠲᠥᠭᠡᠨ | ᠪᠠᠶᠢᠭᠤᠯᠤᠯᠳᠠ ᠶᠢ ᠲᠥᠷᠭᠡᠳᠬᠡᠨ᠎ᠡ᠃ ᠤᠬᠠᠭᠤᠯᠵᠤ ᠲᠠᠨᠢᠯᠴᠠᠭᠤᠯᠬᠤ᠂ ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠶᠢ | ᠰᠠᠶᠢᠳᠤᠷ ᠬᠢᠵᠦ᠂ ᠤᠩᠨᠢᠭᠤᠳ ᠤᠨ ᠤᠷᠭᠠᠨᠢᠭ ᠪᠤᠬᠢᠷᠳᠤᠯ ᠦᠭᠡᠢ ᠮᠠᠯ ᠲᠠᠷᠢᠶᠠᠯᠠᠩ ᠤᠨ ᠪᠦᠳᠦᠭᠡᠭᠳᠡᠬᠦᠨ ᠤ ᠠᠯᠳᠠᠷ | ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠤᠩᠨᠢᠭᠤᠳ ᠤᠨ ᠨᠠᠷᠠᠨ ᠬᠤᠸᠠᠷ᠂ ᠤᠩᠨᠢᠭᠤᠳ | ᠤᠨ ᠨᠠᠷᠢᠮᠤ᠂ ᠤᠯᠤᠰ ᠤᠨ ᠭᠠᠵᠠᠷ ᠵᠦᠢ ᠶᠢᠨ ᠰᠢᠨᠵᠢ ᠳᠡᠮᠳᠡᠭ ᠪᠤᠯᠬᠤ ᠲᠠᠸᠠᠷ ᠤᠨ ᠲᠡᠮᠳᠡᠭ ᠢ ᠭᠡᠷᠡᠴᠢᠯᠡᠬᠦ ᠠᠵᠢᠯ ᠢ | ᠪᠡᠶᠡᠯᠡᠭᠦᠯᠦᠨ᠎ᠡ᠃ ᠰᠢᠷᠤᠢ ᠬᠡᠮᠵᠢᠵᠦ ᠵᠤᠷ ᠳᠤᠬᠢᠷᠠᠭᠤᠯᠵᠤ ᠪᠤᠷᠳᠤᠭᠤᠷ ᠬᠢᠬᠦ᠂ ᠠᠯᠠᠰᠢᠨ ᠦᠬᠡᠷ᠂ ᠠᠯᠠᠰᠢᠨ ᠬᠤᠨᠢᠨ | ᠤ ᠲᠥᠷᠥᠯ ᠵᠦᠢᠯ ᠢ ᠰᠠᠶᠢᠵᠢᠷᠠᠭᠤᠯᠬᠤ ᠶᠢ ᠰᠠᠶᠢᠳᠤᠷ ᠠᠳᠬᠤᠵᠤ᠂ ᠰᠢᠰᠢ ᠶᠢᠨ ᠡᠰᠢ ᠶᠢ ᠪᠤᠭᠤᠳᠠᠯᠯᠠᠬᠤ᠂ ᠲᠠᠷᠢᠮᠠᠯ | ᠤᠨ ᠵᠦᠢᠯ ᠢ ᠬᠤᠷᠢᠶᠠᠬᠤ ᠵᠡᠷᠭᠡ ᠲᠠᠯ᠎ᠠ ᠪᠠᠷ ᠮᠠᠰᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠰᠢᠨᠵᠢᠯᠡᠭᠡ ᠮᠡᠷᠭᠡᠵᠢᠯ | ᠤᠨ ᠲᠠᠷᠢᠶᠠᠯᠠᠩ ᠮᠠᠯ ᠠᠵᠤ ᠠᠬᠤᠢ ᠳᠤ ᠦᠵᠡᠭᠦᠯᠬᠦ ᠦᠢᠯᠡᠳᠦᠯ ᠢ ᠳᠡᠭᠡᠭᠰᠢᠯᠡᠭᠦᠯᠦᠨ᠎ᠡ᠃ | 9. ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢᠨ ᠬᠦᠷᠦᠯᠴᠡᠬᠦ ᠦᠭᠡᠢ ᠲᠠᠯ᠎ᠠ ᠶᠢ ᠭᠦᠢᠴᠡᠳ ᠪᠣᠯᠭᠠᠨ᠎ᠠ᠃ | ᠪᠦᠬᠦ ᠬᠡᠪᠴᠢᠶ᠎ᠠ ᠶᠢᠨ ᠵᠤᠭᠠᠴᠠᠯ ᠤᠨ ᠬᠦᠭᠵᠢᠯᠳᠡ ᠶᠢᠨ ᠲᠥᠯᠥᠪᠵᠢᠭᠦᠯᠭᠡ ᠵᠢᠴᠢ ᠭᠤᠷᠪᠠᠨ ᠵᠢᠯ ᠤᠨ ᠠᠵᠢᠯᠯᠠᠭ᠎ᠠ | ᠶᠢᠨ ᠲᠥᠯᠥᠪᠯᠡᠭᠡ ᠶᠢ ᠨᠠᠶᠢᠷᠠᠭᠤᠯᠤᠨ ᠳᠠᠭᠤᠰᠬᠠᠵᠤ᠂ ᠤᠯᠤᠰ ᠤᠨ ᠪᠦᠬᠦ ᠬᠡᠪᠴᠢᠶ᠎ᠠ ᠶᠢᠨ ᠵᠤᠭᠠᠴᠠᠯ ᠤᠨ ᠵᠢᠱᠢᠶᠡᠴᠢ | ᠰᠢᠶᠠᠨ ᠢ ᠡᠭᠦᠳᠬᠦ ᠠᠯᠬᠤᠴᠠ ᠪᠠᠨ ᠲᠥᠷᠭᠡᠳᠬᠡᠨ᠎ᠡ᠃ ᠭᠤᠤᠯ ᠦᠵᠠᠮᠵᠢ ᠶᠢᠨ ᠲᠤᠭᠤᠷᠢᠭ ᠢᠶᠠᠷ ᠲᠠᠶᠢᠴᠢᠯᠠᠵᠤ᠂ | ᠬᠠᠰ ᠯᠤᠤ ᠮᠠᠩᠬᠠᠨ ᠨᠠᠭᠤᠷ ᠤᠨ ᠦᠵᠡᠮᠵᠢ ᠶᠢᠨ ᠣᠷᠤᠨ ᠢ ᠶᠡᠬᠡᠳᠬᠡᠨ ᠬᠢᠵᠦ᠂ 2 ᠳ᠋ᠥᠩᠰᠢᠭᠤᠷ ᠲᠦᠭᠦᠷᠢᠭ ᠪᠡᠯᠡ | ᠣᠷᠤᠭᠤᠯᠤᠨ᠂ ᠮᠣᠷᠢᠨ ᠮᠡᠷᠭᠡᠵᠢᠯ ᠤᠨ ᠤᠷᠤᠯᠳᠤᠭᠠᠨ ᠤ ᠵᠠᠮ᠂ ᠮᠠᠩᠬᠠᠨ ᠳᠠᠬᠢ ᠪᠠᠶ᠎ᠠ ᠰᠤᠪᠢᠯᠠᠬᠤ ᠷᠠᠰᠢᠶᠠᠨ᠂ | ᠮᠠᠰᠢᠨ ᠲᠠᠷᠭᠡᠨ ᠤ ᠮᠠᠩᠬᠠᠨ ᠳᠤ ᠬᠡᠬᠡᠷᠯᠠᠬᠦ ᠴᠡᠴᠡᠷᠯᠢᠭ᠂ ᠭᠠᠳᠠᠨᠠᠬᠢ ᠦᠨᠳᠦᠰᠦᠳᠡᠨ ᠤ ᠲᠤᠭᠯᠠᠯᠳᠠ ᠶᠢᠨ ᠲᠠᠩᠬᠢᠮ᠂ | ᠤᠳᠠ ᠮᠤᠳᠤᠨ ᠤ ᠠᠮᠢ ᠠᠬᠤᠢ ᠶᠢᠨ ᠣᠢ ᠰᠢᠭᠤᠢ ᠶᠢ ᠲᠤᠭᠤᠷᠢᠨ ᠦᠵᠡᠬᠦ ᠳᠠᠪᠴᠠᠩ ᠢ ᠪᠥᠲᠥᠭᠡᠨ ᠪᠠᠶᠢᠭᠤᠯᠬᠤ | ᠲᠥᠷᠥᠯ ᠵᠦᠢᠯ ᠢ ᠬᠡᠷᠡᠭᠵᠢᠭᠦᠯᠵᠦ᠂ 5A ᠳᠡᠰ ᠤᠨ ᠦᠵᠡᠮᠴᠢ ᠶᠢᠨ ᠣᠷᠤᠨ ᠢ ᠪᠠᠶᠢᠭᠤᠯᠬᠤ ᠭᠤᠶᠤᠴᠢᠯᠠᠯ ᠪᠠ ᠡᠬᠢ | ᠰᠤᠷᠪᠤᠯᠵᠢ ᠶᠢ ᠬᠢᠨᠠᠨ ᠦᠨᠡᠯᠡᠬᠦ ᠠᠵᠢᠯ ᠢ ᠡᠷᠬᠡᠪᠰᠢ ᠪᠡᠶᠡᠯᠡᠭᠦᠯᠦᠨ᠎ᠡ᠃ ᠵᠡᠷᠭᠡᠪᠡᠷ᠂ ᠬᠤᠩ ᠱᠠᠨ ᠨᠠᠭᠤᠷ᠂ ᠲᠡᠩᠨᠡᠭᠦᠷ | ᠤᠨ ᠭᠤᠤᠯ᠂ ᠮᠤ᠋ ᠶᠧ ᠱᠠᠨ ᠦᠵᠡᠮᠵᠢ ᠶᠢᠨ ᠣᠷᠤᠨ ᠤ ᠵᠤᠭᠠᠴᠠᠯ ᠤᠨ ᠡᠬᠢ ᠰᠤᠷᠪᠤᠯᠵᠢ ᠶᠢ ᠨᠡᠭᠡᠭᠡᠬᠦ ᠵᠢᠴᠢ | ᠳᠦᠭᠦᠷ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠳᠠ ᠶᠢ ᠴᠢᠩᠭᠠᠳᠬᠠᠵᠤ᠂ ᠦᠢᠯᠡᠴᠢᠯᠡᠬᠦ ᠴᠢᠨᠠᠷ ᠪᠠ ᠬᠦᠯᠢᠶᠡᠨ | ᠠᠪᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠲᠦᠯᠦᠪᠵᠢᠬᠦᠯᠭᠡ ᠶᠢ ᠰᠠᠶᠢᠳᠤᠷ ᠬᠢᠵᠤ ᠤᠳᠠᠨᠳᠤᠬᠤᠢ᠂ | ᠬᠠᠶᠢᠯᠠᠰᠤ᠂ ᠲᠠᠩᠨᠠᠬᠦᠷ ᠤᠨ ᠭᠤᠤᠯ ᠤᠨ ᠤᠨᠴᠠᠯᠢᠬᠳᠤ ᠵᠤᠭᠠᠴᠠᠯ ᠤᠨ ᠵᠢᠵᠢᠭ ᠪᠠᠯᠭᠠᠰᠤ ᠶᠢ ᠪᠠᠶᠢᠭᠤᠯᠤᠨ᠎ᠠ᠃ | ᠰᠤᠶᠤᠯ ᠪᠠ ᠵᠤᠭᠠᠴᠠᠯ ᠢ ᠬᠦᠨᠵᠠᠭᠡᠢ ᠠᠭᠤᠰᠤᠯᠴᠠᠭᠤᠯᠵᠤ᠂ ᠵᠤᠭᠠᠴᠠᠯ ᠤᠨ ᠨᠡᠷᠡᠲᠦ ᠲᠡᠮᠳᠡᠭ ᠢ ᠪᠣᠷᠤᠯᠠᠭᠤᠯᠬᠤ | ᠬᠦᠴᠦᠨ ᠢᠶᠠᠨ ᠨᠡᠮᠡᠭᠳᠡᠭᠦᠯᠵᠦ᠂ ᠵᠤᠭᠠᠴᠠᠯ ᠤᠨ ᠪᠥᠲᠥᠭᠡᠭᠳᠡᠭᠦᠨ ᠤ ᠨᠡᠭᠡᠭᠡᠯᠳᠡ ᠶᠢ ᠴᠢᠩᠭᠠᠳᠬᠠᠵᠤ᠂ ᠨᠤᠭᠤᠨᠵᠠᠶᠠᠭ᠎ᠠ | ᠶᠡᠭᠡ ᠬᠡᠯᠪᠡᠷᠢ ᠶᠢᠨ ᠪᠤᠳᠠᠳᠤ ᠦᠵᠡᠭᠳᠡᠯ ᠤᠨ ᠲᠤᠭᠯᠠᠯᠳᠠ ᠶᠢᠨ ᠠᠵᠢᠯᠯᠠᠭ᠎ᠠ ᠶᠢ ᠡᠷᠬᠢᠯᠡᠨ᠎ᠡ᠃ ᠪᠦᠬᠦ ᠵᠢᠯ ᠤᠨ | ᠬᠦᠯᠢᠶᠡᠨ ᠠᠪᠬᠤ ᠵᠤᠭᠠᠴᠠᠭᠠᠰᠠᠳ ᠤᠨ ᠬᠦᠮᠦᠨ ᠤ ᠲᠤᠭ᠎ᠠ ᠶᠢ 150 ᠲᠦᠮᠡᠨ ᠬᠦᠮᠦᠨ ᠤᠳᠠᠭ᠎ᠠ ᠶᠢ ᠴᠢᠷᠮᠠᠶᠢᠨ | ᠰᠢᠪᠳᠤᠯᠵᠤ᠂ ᠵᠤᠭᠠᠴᠠᠯ ᠤᠨ ᠣᠷᠤᠯᠭ᠎ᠠ 20 ᠳ᠋ᠥᠩᠰᠢᠭᠤᠷ ᠲᠦᠭᠦᠷᠢᠭ ᠢ ᠪᠡᠶᠡᠯᠡᠭᠦᠯᠦᠨ᠎ᠡ᠃ ᠬᠤᠳᠠᠯᠳᠤᠭ᠎ᠠ ᠪᠤᠳᠠᠰ | ᠤᠨ ᠭᠦᠢᠯᠭᠡᠭᠡᠨ ᠤ ᠦᠢᠯᠡᠰ ᠢ ᠡᠵᠡᠩᠨᠡᠬᠦ ᠬᠦᠭᠵᠢᠯᠳᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠡᠮᠦᠷ ᠵᠠᠮ ᠤᠨ | ᠪᠠᠷᠠᠭ᠎ᠠ ᠵᠥᠭᠡᠭᠡᠪᠤᠷᠢᠯᠡᠬᠦ ᠲᠦᠪ ᠤᠨ ᠲᠥᠷᠥᠯ ᠵᠦᠢᠯ ᠢ ᠢᠳᠡᠪᠬᠢᠳᠠᠢ ᠳᠥᠰᠥᠪᠯᠡᠵᠦ᠂ ᠵᠥᠩ ᠬᠤᠤ ᠪᠤᠳᠠᠰ ᠤᠨ | ᠬᠦᠢᠯᠭᠡᠭᠡᠨ ᠤ ᠲᠤᠭᠤᠷᠢᠭ᠂ ᠬᠥᠳᠡᠭᠡ ᠲᠤᠰᠬᠤᠨ ᠮᠠᠯᠵᠢᠬᠤ ᠣᠷᠤᠨ ᠤ ᠲᠠᠸᠠᠷ ᠢ ᠳᠤᠬᠢᠷᠠᠭᠤᠯᠵᠤ ᠬᠦᠷᠭᠡᠬᠦ ᠲᠦᠪ | ᠵᠡᠷᠭᠡ ᠪᠠᠶᠢᠭᠤᠯᠤᠭᠳᠠᠭᠰᠠᠨ ᠲᠥᠷᠥᠯ ᠵᠦᠢᠯ ᠤᠨ ᠡᠵᠡᠩᠨᠡᠯᠳᠡ ᠬᠠᠮᠢᠶᠠᠷᠤᠯᠳᠠ ᠶᠢ ᠴᠢᠩᠭᠠᠳᠬᠠᠵᠤ᠂ ᠸᠠᠨ ᠯᠥᠩ | ᠪᠠᠭᠤᠳᠠᠯ᠂ ᠯᠢ ᠨᠥᠩ ᠶᠡᠭᠡ ᠠᠰᠠᠷ᠂ ᡂᠢ ᠵᠢᠶᠠᠨ ᠠᠷᠠᠯᠵᠢᠶ᠎ᠠ ᠬᠤᠳᠠᠯᠳᠤᠭᠠᠨ ᠤ ᠬᠠᠳᠠᠭᠠᠯᠠᠮᠵᠢ ᠪᠤᠳᠠᠰ ᠤᠨ | ᠭᠦᠢᠯᠭᠡᠭᠡ ᠵᠡᠷᠭᠡ ᠲᠥᠷᠥᠯ ᠵᠦᠢᠯ ᠢ ᠳᠠᠭᠤᠰᠬᠠᠵᠤ ᠬᠡᠷᠡᠭᠯᠡᠭᠡᠨ ᠳᠤ ᠣᠷᠤᠭᠤᠯᠬᠤ ᠶᠢ ᠪᠠᠳᠤᠯᠠᠨ᠎ᠠ᠃ ᠤᠯᠤᠰ ᠤᠨ | ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠨᠡᠭᠡᠭᠡᠨ ᠪᠠᠶᠢᠭᠤᠯᠬᠤ ᠪᠡᠯᠡ ᠮᠦᠩᠭᠦ ᠶᠢ ᠲᠡᠮᠡᠴᠡᠨ ᠣᠯᠵᠣ᠂ | ᠭᠤᠸᠠᠩ ᠳ᠋ᠧ ᠭᠥᠩ᠂ ᠴᠢᠶᠤᠤ ᠲᠸᠤ᠂ ᠰᠢᠨᠠᠰᠦ᠋ᠮ᠎ᠠ ᠵᠡᠷᠭᠡ ᠨᠢᠭᠡ ᠪᠦᠯᠦᠭ ᠭᠠᠷᠤᠯᠳᠠ ᠶᠢᠨ ᠭᠠᠵᠠᠷ ᠤᠨ ᠪᠦᠭᠡᠮ | ᠢᠶᠠᠷ ᠪᠤᠷᠤᠯᠠᠭᠤᠯᠬᠤ ᠵᠠᠬ᠎ᠠ ᠳᠡᠯᠭᠡᠭᠦᠷ ᠪᠠ ᠲᠤᠰᠬᠠᠢ ᠵᠠᠬ᠎ᠠ ᠳᠡᠯᠭᠡᠭᠦᠷ ᠢ ᠥᠭᠡᠷᠡᠴᠢᠯᠡᠵᠦ ᠳᠡᠰ ᠳᠡᠪᠰᠢᠭᠦᠯᠦᠨ᠎ᠡ᠂ | ᠨᠠᠪᠳᠠᠷᠬᠡᠢ ᠦᠨᠳᠤᠷ ᠦᠷ᠎ᠡ ᠠᠰᠢᠬᠳᠤ᠂ ᠠᠮᠦᠷ ᠲᠦᠪᠰᠢᠨ᠂ ᠲᠦᠬᠦᠮ ᠲᠦᠳᠠ ᠲᠠᠷᠢᠶᠠᠯᠠᠩ ᠮᠠᠯ ᠠᠵᠤ ᠠᠬᠤᠢ ᠶᠢᠨ | ᠪᠦᠳᠦᠭᠡᠭᠳᠡᠬᠦᠨ ᠤ ᠰᠤᠯᠢᠯᠴᠠᠭᠠᠨ ᠤ ᠲᠤᠤᠷ ᠰᠦᠯᠵᠢᠶ᠎ᠠ ᠶᠢ ᠪᠦᠷᠢᠯᠳᠤᠬᠦᠯᠦᠨ᠎ᠠ᠃ | ᠳᠦᠷᠪᠡ᠂ ᠬᠤᠳᠠ ᠬᠥᠳᠡᠭᠡ ᠵᠤᠬᠢᠴᠠᠩᠭᠤᠢ ᠬᠦᠭᠵᠢᠬᠦ ᠬᠢᠷᠢ ᠲᠦᠪᠰᠢᠨ ᠢ ᠳᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ | ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠳᠠ ᠶᠢ ᠨᠢᠭᠡᠳᠦᠯᠳᠠᠢ ᠳᠦᠯᠬᠢᠨ | ᠠᠬᠢᠭᠤᠯᠵᠤ᠂ ᠬᠦᠭᠵᠢᠬᠦ ᠨᠦᠬᠦᠴᠡᠯ ᠢ ᠣᠯᠠᠮ ᠨᠢᠭᠡ ᠠᠯᠬᠤᠮ ᠰᠠᠶᠢᠵᠢᠷᠠᠭᠤᠯᠵᠤ᠂ ᠬᠦᠭᠵᠢᠯᠳᠡ ᠶᠢ ᠪᠠᠳᠤᠯᠠᠬᠤ | ᠴᠢᠳᠡᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | 10. ᠬᠤᠳᠠ ᠶᠢ ᠲᠤᠭᠤᠷᠢᠭᠰᠠᠨ ᠠᠵᠤ ᠤᠶᠢᠯᠠᠰ ᠤᠨ ᠪᠦᠰᠡ ᠶᠢᠨ ᠳᠠᠪᠴᠠᠩ ᠤᠨ ᠪᠥᠲᠥᠭᠡᠨ | ᠪᠠᠶᠢᠭᠤᠯᠤᠯᠳᠠ ᠶᠢ ᠲᠥᠷᠭᠡᠳᠬᠡᠨ᠎ᠡ᠃ ᠠᠵᠤ ᠦᠢᠯᠡᠰ ᠲᠤ ᠲᠤᠬᠢᠷᠠᠬᠰᠠᠨ ᠬᠤᠳᠠ ᠶᠢᠨ ᠭᠦᠭᠵᠢᠯᠳᠠ ᠶᠢ ᠲᠦᠯᠬᠢᠨ | ᠠᠬᠢᠭᠤᠯᠤᠨ᠎ᠠ᠃ ᠶᠠᠩ ᠵᠢᠶᠠ ᠢᠩᠽᠢ ᠣᠳᠣᠬᠢᠴᠢᠯᠠᠭᠰᠠᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠤᠨ | ᠲᠥᠯᠥᠪᠵᠢᠭᠦᠯᠭᠡ ᠶᠢ ᠳᠠᠬᠢᠨ ᠵᠠᠰᠠᠨ ᠨᠠᠶᠢᠷᠠᠭᠤᠯᠵᠤ᠂ ᠬᠠᠰ ᠯᠤᠤ ᠠᠵᠤ ᠦᠢᠯᠡᠳᠪᠤᠷᠢ ᠶᠢᠨ ᠲᠤᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠪᠥᠲᠥᠭᠡᠭᠳᠡᠭᠦᠨ ᠢ ᠪᠣᠯᠪᠠᠰᠤᠷᠠᠭᠤᠯᠬᠤ ᠣᠷᠤᠨ ᠢ ᠨᠢᠭᠡᠳᠬᠡᠵᠦ᠂ 7 ᠲᠦᠮᠡᠨ ᠮᠤ᠋ | ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠤᠶᠢᠯᠠᠳᠪᠤᠷᠢᠯᠠᠵᠤ ᠪᠣᠯᠪᠠᠰᠤᠷᠠᠭᠤᠯᠬᠤ ᠲᠤᠭᠤᠷᠢᠭ ᠢ | ᠪᠠᠶᠢᠭᠤᠯᠤᠨ᠎ᠠ᠃ PPP ᠵᠠᠭᠪᠤᠷ ᠢ ᠬᠡᠷᠡᠭᠵᠢᠭᠦᠯᠵᠦ᠂ ᠨᠡᠶᠢᠭᠡᠮ ᠤᠨ ᠪᠡᠯᠡ ᠮᠦᠩᠭᠦ ᠶᠢ ᠲᠠᠳᠠᠠ ᠰᠠᠭᠤᠷᠢ | ᠲᠥᠬᠦᠭᠡᠷᠦᠮᠵᠢ᠂ ᠠᠮᠠᠷᠠᠵᠤ ᠵᠤᠭᠠᠴᠠᠬᠤ ᠵᠡᠷᠭᠡ ᠲᠥᠷᠥᠯ ᠵᠦᠢᠯ ᠳᠤ ᠣᠷᠤᠯᠴᠠᠭᠤᠯᠵᠤ᠂ ᠲᠣᠭᠤᠷᠢᠭ ᠤᠨ ᠶᠡᠷᠦᠩᠬᠡᠢ | ᠬᠦᠭᠵᠢᠯᠳᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠪᠣᠷᠤᠬᠤᠳᠠ ᠠᠷᠠᠯᠵᠢᠶ᠎ᠠ ᠬᠤᠳᠠᠯᠳᠤᠭᠠᠨ ᠤ ᠪᠤᠳᠠᠰ ᠤᠨ | ᠭᠦᠢᠯᠭᠡᠭᠡᠨ ᠤ ᠲᠤᠭᠤᠷᠢᠭ ᠤᠨ ᠵᠠᠮ ᠬᠠᠳᠠᠭᠤᠷᠠᠭᠤᠯᠬᠤ ᠶᠢ ᠬᠡᠷᠡᠭᠵᠢᠭᠦᠯᠵᠦ᠂ ᠬᠤᠰᠢᠭᠤᠨ ᠳᠡᠰ ᠤᠨ ᠬᠦᠳᠡᠭᠡ | ᠲᠤᠰᠬᠤᠨ ᠤ ᠡᠯᠧᠺᠲᠷᠤᠨ ᠬᠤᠳᠠᠯᠳᠤᠭᠠᠨ ᠤ ᠡᠵᠡᠩᠨᠠᠬᠦ ᠤᠶᠢᠯᠠᠴᠢᠯᠠᠭᠡᠨ ᠤ ᠲᠦᠪ ᠪᠠ ᠬᠦᠮᠦᠷᠭᠡᠯᠠᠬᠦ ᠪᠤᠳᠠᠰ ᠤᠨ | ᠬᠦᠢᠯᠭᠡᠭᠡᠨ ᠤ ᠲᠦᠪ ᠢ ᠰᠢᠨ᠎ᠡ ᠪᠠᠷ ᠪᠠᠶᠢᠭᠤᠯᠤᠨ᠎ᠠ᠃ ᠴᠢᠤᠸᠠᠨ ᠨᠢᠩ ᠰᠤᠶᠤᠯ ᠵᠤᠭᠠᠴᠠᠯ ᠤᠨ ᠪᠥᠲᠥᠭᠡᠯᠴᠢ | ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠳᠠ ᠶᠢ ᠲᠥᠷᠭᠡᠳᠬᠡᠵᠦ᠂ | ᠢᠳᠡᠭ ᠠᠯᠬᠤᠮ ᠢᠶᠠᠷ ᠰᠤᠶᠤᠯ ᠵᠤᠭᠠᠴᠠᠯ ᠤᠨ ᠶᠡᠭᠡ ᠠᠰᠠᠷ᠂ ᠦᠵᠡᠭᠦᠯᠦᠯᠭᠡ ᠶᠢᠨ ᠲᠦᠪ᠂ ᠲᠠᠭᠡᠳᠤ ᠲᠠᠰ ᠤᠨ | ᠪᠠᠭᠤᠳᠠᠯ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠠᠷᠤ ᠠᠭᠤᠯᠠ ᠶᠢᠨ ᠱᠠᠰᠢᠨ ᠰᠤᠷᠳᠠᠬᠤᠨ ᠰᠤᠶᠤᠯ ᠤᠨ | ᠲᠤᠭᠤᠷᠢᠨ ᠦᠵᠡᠬᠦ ᠣᠷᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ᠨᠤᠭᠤᠭᠠᠷᠠᠭᠤᠯᠬᠤ ᠵᠡᠷᠭᠡ | ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠴᠠᠭ ᠳᠤᠬᠢᠷᠠᠭᠤᠯᠵᠤ ᠡᠬᠢᠯᠡᠭᠦᠯᠦᠨ᠎ᠡ᠃ ᠳᠡᠷᠡᠰᠦ ᠶᠢᠨ ᠠᠮᠢ ᠠᠬᠤᠢ | ᠲᠠᠷᠢᠶᠠᠯᠠᠩ ᠣᠢ ᠰᠢᠭᠤᠢ ᠶᠢᠨ ᠠᠮᠠᠷᠠᠵᠤ ᠳᠤᠭᠤᠷᠢᠬᠤ ᠬᠦᠷᠢᠶᠡᠯᠡᠩ ᠤᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ | ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠰᠠᠭᠤᠷᠢᠨ ᠭᠠᠵᠠᠷ ᠲᠤ ᠲᠦᠰᠢᠭᠯᠡᠵᠦ ᠭᠠᠳᠠᠷ ᠲᠤᠭᠤᠷᠢᠯ ᠤᠨ ᠲᠠᠷᠢᠶᠠᠯᠠᠩ | ᠤᠨ ᠰᠤᠯᠠ ᠰᠡᠯᠡᠭᠦᠴᠡᠵᠦ ᠲᠡᠭᠦᠬᠦ ᠬᠦᠷᠢᠶᠡᠯᠡᠩ ᠵᠡᠷᠭᠡ ᠲᠥᠷᠥᠯ ᠵᠦᠢᠯ ᠢ ᠪᠥᠲᠥᠭᠡᠨ ᠪᠠᠶᠢᠭᠤᠯᠤᠨ᠂ ᠡᠮᠨᠡᠵᠦ | ᠠᠰᠠᠷᠠᠬᠤ ᠡᠷᠡᠭᠦᠯ ᠴᠢᠭᠢᠷᠠᠭ ᠠᠰᠠᠷᠠᠮᠵᠢ ᠶᠢᠨ ᠬᠦᠷᠢᠶᠡᠯᠡᠩ ᠤᠨ ᠭᠤᠤᠯ ᠨᠠᠰᠤᠳᠠᠨ ᠤ ᠬᠦᠷᠢᠶᠡᠯᠡᠩ᠂ ᠨᠠᠰᠤᠳᠠᠨ ᠢ | ᠠᠰᠠᠷᠠᠵᠤ ᠬᠠᠮᠠᠭᠠᠯᠠᠬᠤ ᠬᠦᠷᠢᠶᠡᠯᠡᠩ ᠤᠨ ᠪᠥᠲᠥᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠬᠢᠳᠠᠳ ᠮᠣᠩᠭᠤᠯ | ᠡᠮᠨᠡᠯᠭᠡ ᠶᠢ ᠰᠢᠯᠵᠢᠭᠦᠯᠵᠦ ᠪᠠᠶᠢᠭᠤᠯᠬᠤ ᠲᠥᠷᠥᠯ ᠵᠦᠢᠯ ᠤᠨ ᠭᠤᠤᠯ ᠴᠤᠭᠴᠠ ᠶᠢ ᠳᠠᠭᠤᠰᠬᠠᠬᠤ ᠶᠢ ᠪᠠᠳᠤᠯᠠᠨ᠎ᠠ᠃ | 11. ᠬᠤᠳᠠ ᠪᠠᠯᠭᠠᠰᠤ ᠪᠠ ᠬᠥᠳᠡᠭᠡ ᠲᠤᠰᠬᠤᠨ ᠮᠠᠯᠵᠢᠬᠤ ᠣᠷᠤᠨ ᠤ ᠬᠦᠭᠵᠢᠯᠳᠡ ᠶᠢ ᠨᠢᠭᠡᠳᠦᠯᠳᠠᠢ | ᠲᠥᠯᠥᠪᠯᠡᠨ᠎ᠡ᠃ ᠣᠷᠤᠰᠢᠨ ᠰᠠᠭᠤᠬᠤ ᠳᠤ ᠳᠤᠬᠢᠷᠠᠮᠵᠢᠳᠠᠢ ᠬᠤᠳᠠ ᠶᠢᠨ ᠪᠥᠲᠥᠭᠡᠨ ᠪᠠᠶᠢᠭᠤᠯᠤᠯᠳᠠ ᠶᠢ | ᠲᠥᠷᠭᠡᠳᠬᠡᠨ᠎ᠡ᠃ ᠤᠯᠤᠰ ᠤᠨ ᠴᠡᠴᠡᠷᠯᠢᠭᠲᠦ ᠬᠤᠳᠠ ᠶᠢ ᠡᠭᠦᠳᠦᠨ ᠪᠠᠶᠢᠭᠤᠯᠬᠤ ᠶᠢᠨ ᠲᠤᠭᠤᠷᠢᠨ ᠳᠤ᠂ ︽ᠬᠤᠶᠠᠷ | ᠠᠭᠤᠯᠠ ᠨᠢᠭᠡ ᠭᠤᠤᠯ︾ ᠠᠮᠢ ᠠᠬᠤᠢ ᠶᠢᠨ ᠦᠵᠠᠮᠦᠷᠢ ᠶᠢᠨ ᠬᠤᠩᠬᠢᠯ ᠤᠨ ᠢᠨᠵᠧᠨᠧᠷᠢᠭ ᠢ ᠬᠡᠷᠡᠭᠵᠢᠭᠦᠯᠵᠦ᠂ | ᠣᠪᠣᠭ᠎ᠠ ᠠᠭᠤᠯᠠ ᠶᠢᠨ ᠣᠷᠤᠢ ᠵᠢᠴᠢ ᠪᠠᠷᠠᠭᠤᠨ ᠠᠭᠤᠯᠠ ᠶᠢᠨ 120 ᠲᠦᠮᠡᠨ ᠳᠡᠭᠰᠢ ᠳᠦᠷᠪᠡᠯᠵᠢᠨ ᠮᠧᠲᠷ ᠢ | ᠨᠤᠭᠤᠭᠠᠷᠠᠭᠤᠯᠬᠤ ᠶᠢ ᠪᠡᠶᠡᠯᠡᠭᠦᠯᠵᠦ᠂ ᠴᠦᠨᠳᠦᠪ ᠤᠨ ᠭᠤᠤᠯ ᠤᠨ ᠪᠤᠷᠤᠬᠤᠳᠠ ᠲᠤᠭᠤᠷᠢᠭ ᠲᠠᠬᠢ 10 ᠺᠢᠯᠤᠮᠧᠲᠷ | ᠦᠵᠡᠮᠵᠢ ᠶᠢᠨ ᠪᠦᠰᠡ ᠶᠢᠨ ᠪᠥᠲᠥᠭᠡᠨ ᠪᠠᠶᠢᠭᠤᠯᠤᠯᠳᠠ ᠶᠢ ᠡᠬᠢᠯᠡᠭᠦᠯᠵᠦ᠂ ᠪᠠᠶᠠᠨᠬᠠᠨ ᠤᠰᠤᠯᠠᠯᠳᠠ ᠶᠢᠨ ᠣᠷᠤᠨ ᠤ | ᠴᠦᠬᠦᠷᠤᠮ ᠢ ᠥᠷᠭᠡᠳᠬᠡᠵᠦ ᠤᠰᠤ ᠬᠠᠳᠠᠭᠠᠯᠠᠬᠤ ᠬᠡᠮᠵᠢᠶ᠎ᠡ ᠶᠢ ᠨᠡᠮᠡᠭᠳᠡᠭᠦᠯᠬᠦ᠂ ᠴᠢᠤᠸᠠᠨ ᠨᠢᠩ ᠬᠥᠭᠦᠷᠭᠡ ᠶᠢᠨ | ᠳᠤᠤᠷᠠᠳᠤ ᠤᠷᠤᠰᠬᠠᠯ ᠤᠨ 150 ᠮᠧᠲᠷ ᠤᠨ ᠪᠤᠯᠤᠳ ᠬᠠᠰᠢᠯᠭ᠎ᠠ ᠶᠢᠨ ᠢᠨᠵᠧᠨᠧᠷᠢᠭ ᠢ ᠪᠠᠶᠢᠭᠤᠯᠤᠨ᠎ᠠ᠂ | ᠪᠦᠷᠢᠳᠤᠨ ᠨᠠᠭᠤᠷ ᠪᠠ ᠴᠦᠨᠳᠤᠪ ᠤᠨ ᠭᠤᠤᠯ ᠤᠨ ᠬᠤᠳᠠ ᠲᠤᠭᠤᠷᠢᠭ ᠤᠨ ᠬᠡᠰᠡᠭ ᠲᠠᠬᠢ ᠵᠠᠯᠭᠠᠯᠳᠤᠭᠤᠯᠬᠤ | ᠢᠨᠵᠧᠨᠧᠷᠢᠭ ᠢ ᠲᠦᠯᠦᠪᠵᠢᠬᠦᠯᠦᠨ ᠬᠡᠷᠠᠴᠢᠯᠠᠨᠠ᠃ ︽ᠬᠤᠶᠠᠷ ᠵᠡᠭᠡᠯᠢ ᠨᠢᠭᠡ ᠵᠠᠮ︾ ᠬᠤᠳᠠ ᠶᠢᠨ ᠶᠠᠪᠤᠳᠠᠯ ᠤᠨ | ᠢᠨᠵᠧᠨᠧᠷᠢᠭ ᠢ ᠳᠦᠯᠬᠢᠨ ᠠᠬᠢᠭᠤᠯᠵᠤ᠂ ᠪᠠᠶᠠᠨᠳᠠᠯ᠎ᠠ ᠶᠡᠭᠡ ᠵᠡᠭᠡᠯᠢ ᠶᠢ ᠡᠬᠢᠯᠡᠨ ᠪᠥᠲᠥᠭᠡᠨ ᠪᠠᠶᠢᠭᠤᠯᠵᠤ᠂ ᠬᠠᠶᠢᠯᠠᠰᠤ | ᠶᠡᠭᠡ ᠵᠡᠭᠡᠯᠢ ᠵᠡᠭᠦᠨᠰᠢ ᠨᠡᠪᠳᠡᠷᠡᠬᠦ᠂ ᠽᠢ ᠴᠧᠩ ᠵᠠᠮ ᠢ ᠨᠡᠪᠳᠡᠷᠡᠭᠦᠯᠬᠦ ᠭᠠᠵᠠᠷ ᠡᠵᠡᠯᠡᠵᠦ ᠨᠡᠭᠦᠯᠭᠡᠬᠦ ᠠᠵᠢᠯ ᠢ | ᠡᠬᠢᠯᠡᠭᠦᠯᠦᠨ᠎ᠡ᠃ ᠵᠡᠷᠭᠡᠪᠡᠷ ᠪᠤᠷᠤᠬᠤᠳᠠ ᠵᠠᠮ ᠡᠮᠦᠨᠡᠰᠢ ᠤᠷᠳᠤᠳᠬᠠᠬᠤ᠂ ᠤᠳᠠᠠᠳᠤᠬᠤᠢ ᠶᠡᠭᠡ ᠵᠡᠭᠡᠯᠢ ᠵᠢᠴᠢ ᠴᠢᠩ | ᠴᠢᠤᠸᠠᠨ ᠵᠠᠮ ᠢ ᠨᠡᠪᠳᠡᠷᠡᠯᠴᠡᠭᠦᠯᠬᠦ ᠢᠨᠵᠧᠨᠧᠷᠢᠭ ᠢ ᠵᠠᠷᠭᠡᠪᠠᠷ ᠬᠡᠷᠡᠭᠵᠢᠬᠦᠯᠦᠨ᠎ᠠ᠃ ᠬᠠᠭᠤᠴᠢᠨ ᠲᠤᠭᠤᠷᠢᠭ ᠢ | ᠦᠭᠡᠷᠠᠴᠢᠯᠠᠨ ᠰᠢᠨᠠᠴᠢᠯᠠᠬᠦ ᠶᠢ ᠲᠦᠷᠭᠡᠳᠭᠡᠵᠤ᠂ ᠰᠢᠨᠠᠳᠴᠤ ᠪᠣᠯᠬᠤ ᠤᠰᠤ ᠶᠢ ᠠᠰᠢᠬᠯᠠᠵᠤ ᠪᠣᠵᠠᠷ ᠰᠢᠪᠠᠷ ᠢ | ᠰᠢᠢᠳᠪᠤᠷᠢᠯᠡᠬᠦ ᠢᠨᠵᠧᠨᠧᠷᠢᠭ ᠢ ᠪᠠᠶᠢᠭᠤᠯᠵᠤ ᠬᠡᠷᠡᠭᠯᠡᠭᠡᠨ ᠳᠤ ᠣᠷᠤᠭᠤᠯᠬᠤ ᠶᠢ ᠪᠠᠳᠤᠯᠠᠨ᠎ᠠ᠃ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠳᠤᠭᠳᠠᠭᠤᠨ ᠢᠶᠠᠷ ᠬᠦᠭᠵᠢᠬᠦ ᠶᠢ ᠳᠦᠯᠬᠢᠨ ᠠᠬᠢᠭᠤᠯᠵᠤ᠂ ᠭᠡᠷ ᠪᠠᠶᠢᠰᠢᠩ | ᠭᠠᠵᠠᠷ ᠬᠥᠷᠥᠩᠭᠡ ᠶᠢᠨ ᠬᠠᠳᠠᠭᠠᠯᠠᠮᠵᠢ ᠶᠢ ᠰᠢᠢᠳᠪᠤᠷᠢᠯᠠᠨ᠎ᠠ᠃ ᠪᠠᠶᠢᠭᠤᠯᠬᠤ ᠬᠠᠮᠢᠶᠠᠷᠬᠤ ᠶᠢ ᠴᠤᠭᠭᠠᠷ | ᠴᠢᠬᠤᠯᠠᠴᠢᠯᠠᠬᠤ ᠵᠠᠷᠴᠢᠮ ᠢ ᠪᠠᠷᠢᠮᠳᠠᠯᠠᠵᠤ᠂ ᠬᠤᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠦᠴᠦᠨ ᠢ | ᠨᠡᠮᠡᠭᠳᠡᠭᠦᠯᠵᠦ᠂ ᠬᠤᠳᠠ ᠶᠢᠨ ᠠᠷᠠᠳ ᠤᠨ ᠤᠤᠷ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠣᠯᠪᠠᠰᠤᠨ | ᠠᠷᠢᠭᠤᠨ ᠴᠡᠪᠡᠷ ᠬᠤᠳᠠ ᠶᠢᠨ ᠳᠦᠷᠰᠦ ᠶᠢ ᠪᠣᠢ ᠪᠣᠯᠭᠠᠨ᠎ᠠ᠃ ᠭᠤᠶᠤ ᠰᠠᠶᠢᠬᠠᠨ ᠬᠥᠳᠡᠭᠡ ᠲᠤᠰᠬᠤᠨ ᠤ ᠪᠥᠲᠥᠭᠡᠨ | ᠪᠠᠶᠢᠭᠤᠯᠤᠯᠳᠠ ᠪᠠ ᠬᠠᠮᠢᠶᠠᠷᠤᠯᠳᠠ ᠶᠢ ᠴᠢᠩᠭᠠᠳᠬᠠᠨ᠎ᠠ᠃ ᠰᠤᠮᠤ ᠪᠠᠯᠭᠠᠰᠤ ᠵᠡᠭᠡᠯᠢ ᠭᠤᠳᠤᠮᠵᠢ ᠳᠠᠯᠠᠪᠠᠢ ᠶᠢᠨ ᠵᠠᠰᠠᠭ | ᠤᠨ ᠣᠷᠳᠤᠨ ᠤ ᠰᠠᠭᠤᠭ᠎ᠠ ᠭᠠᠵᠠᠷ ᠤᠨ ᠨᠦᠬᠦᠴᠡᠯ ᠲᠠᠢ ᠭᠤᠤᠯ ᠲᠤᠰᠬᠤᠨ ᠢ ᠢᠳᠡᠪᠬᠢᠳᠠᠢ ᠰᠦᠪᠡᠭᠴᠢᠯᠡᠵᠦ᠂ | ᠲᠦᠪᠯᠡᠷᠡᠭᠦᠯᠦᠨ ᠢᠯᠴᠢ ᠬᠠᠩᠭᠠᠬᠤ᠂ ᠬᠡᠢ ᠬᠠᠩᠭᠠᠬᠤ᠂ ᠬᠤᠭ ᠨᠣᠪᠰᠢ ᠰᠢᠢᠳᠪᠤᠷᠢᠯᠡᠬᠦ ᠵᠡᠷᠭᠡ ᠢᠨᠵᠧᠨᠧᠷᠢᠭ ᠢ | ᠬᠡᠷᠡᠭᠵᠢᠭᠦᠯᠵᠦ᠂ ᠪᠠᠭ᠎ᠠ ᠬᠤᠳᠠ ᠪᠠᠯᠭᠠᠰᠤ ᠶᠢᠨ ᠳᠠᠭᠠᠭᠠᠴᠠ ᠶᠢ ᠳᠡᠭᠡᠭᠰᠢᠯᠡᠭᠦᠯᠵᠦ᠂ ᠣᠶᠢᠷ᠎ᠠ ᠣᠷᠴᠢᠮ ᠤᠨ | ᠲᠤᠰᠬᠤᠨ ᠤ ᠨᠡᠩ ᠣᠯᠠᠨ ᠮᠠᠯᠴᠢᠨ ᠲᠠᠷᠢᠶᠠᠴᠢᠨ ᠢ ᠳᠠᠳᠠᠵᠤ ᠬᠤᠳᠠᠴᠢᠯᠠᠯᠳᠠ ᠶᠢ ᠪᠡᠶᠡᠯᠡᠭᠦᠯᠦᠨ᠎ᠡ᠃ ᠪᠠᠯᠭᠠᠰᠤ | ᠲᠤᠰᠬᠤᠨ ᠬᠤᠶᠠᠷ ᠱᠠᠳᠤᠨ ᠤ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠨᠡᠶᠢᠳᠡ ᠶᠢᠨ ᠲᠥᠭᠦᠭᠡᠷᠦᠮᠵᠢ | ᠂ ᠨᠣᠭᠤᠭᠠᠷᠠᠭᠤᠯᠬᠤ᠂ ᠨᠢᠯᠬ᠎ᠠ ᠮᠤᠳᠤᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠤᠷᠳᠤ ᠬᠤᠭᠤᠴᠠᠭ᠎ᠠ ᠦᠷ᠎ᠡ | ᠠᠰᠢᠭ ᠢ ᠪᠠᠳᠠᠷᠠᠭᠤᠯᠬᠤ ᠶᠢ ᠪᠠᠳᠤᠯᠠᠨ᠎ᠠ᠃ ᠲᠤᠰᠬᠤᠨ ᠤ ᠲᠦᠷᠢᠮ ᠠᠷᠠᠳ ᠤᠨ ᠬᠡᠷ᠎ᠡ ᠶᠢ ᠲᠠᠬᠦᠯᠳᠠᠷᠵᠢᠬᠦᠯᠵᠤ᠂ ︽ | ᠭᠤᠶᠤ ᠰᠠᠶᠢᠬᠠᠨ ᠬᠡᠷ ᠬᠦᠷᠢᠶ᠎ᠠ︾᠂ ︽ᠠᠷᠢᠭᠤᠨ ᠴᠠᠪᠠᠷ ᠬᠡᠷ ᠪᠦᠯᠢ︾᠂ ︽ᠭᠠᠷ ᠭᠠᠷ ᠢᠶᠠᠨ ᠬᠦᠳᠦᠯᠦᠯᠴᠠᠬᠦ︾ | ᠰᠢᠷᠢᠰ ᠠᠵᠢᠯᠯᠠᠭ᠎ᠠ ᠶᠢ ᠦᠷᠬᠦᠯᠵᠢᠯᠠᠨ ᠦᠷᠨᠢᠬᠦᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠰᠠᠭᠤᠭᠠᠯᠢ | ᠠᠷᠠᠳ ᠢ ᠦᠪᠠᠷ ᠤᠨ ᠤᠬᠠᠮᠰᠠᠷ ᠠᠴᠠ ᠪᠠᠨ ᠰᠠᠶᠢᠨ ᠰᠠᠶᠢᠬᠠᠨ ᠠᠮᠢᠳᠤᠷᠠᠯ ᠤᠨ ᠵᠠᠩ ᠲᠠᠳᠬᠠᠯ ᠲᠠᠢ ᠪᠤᠯᠭᠠᠵᠤ᠂ | ᠭᠤᠶᠤ ᠰᠠᠶᠢᠬᠠᠨ ᠬᠦᠳᠡᠭᠡ ᠲᠤᠰᠬᠤᠨ ᠢ ᠪᠠᠶᠢᠭᠤᠯᠤᠬᠰᠠᠨ ᠦᠷ᠎ᠡ ᠪᠦᠳᠦᠮᠵᠢ ᠶᠢ ᠪᠠᠳᠤᠵᠢᠭᠤᠯᠤᠨ᠎ᠠ᠃ | 12. ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠲᠤᠤᠷ ᠰᠦᠯᠵᠢᠶ᠎ᠠ ᠶᠢ ᠲᠠᠬᠦᠯᠳᠠᠷᠵᠢᠬᠦᠯᠦᠨ᠎ᠠ᠃ | ᠮᠤᠵᠢ ᠶᠢᠨ ᠵᠠᠮ 304 ᠱᠤᠭᠤᠮ ᠤᠨ ᠬᠠᠶᠢᠯᠠᠰᠤ ᠠᠴᠠ ᠳ᠋ᠠᠰᠢᠩ ᠬᠦᠷᠬᠦ ᠮᠤᠵᠢ ᠶᠢᠨ ᠵᠠᠮ 219 ᠱᠤᠭᠤᠮ | ᠲᠠᠩᠨᠠᠬᠦᠷ ᠤᠨ ᠭᠤᠤᠯ ᠠᠴᠠ ᠤᠯᠠᠭᠠᠨᠬᠠᠳᠠ ᠬᠦᠷᠬᠦ᠂ ᠤᠯᠤᠰ ᠤᠨ ᠵᠠᠮ 305 ᠱᠤᠭᠤᠮ ᠮᠠ ᠨᠢ ᠬᠠᠨ ᠠᠴᠠ | ᠢᠳᠠᠭᠤᠨ ᠭᠤᠤ ᠬᠦᠷᠬᠦ ᠵᠠᠷᠭᠡ ᠵᠠᠰᠠᠮᠠᠯ ᠵᠠᠮ ᠢ ᠲᠠᠰ ᠲᠠᠪᠰᠢᠬᠦᠯᠵᠤ ᠦᠭᠡᠷᠠᠴᠢᠯᠠᠬᠦ ᠢᠨᠵᠧᠨᠧᠷᠢᠭ ᠢ ᠡᠬᠢᠯᠠᠨ | ᠪᠦᠳᠦᠭᠡᠨ ᠪᠠᠶᠢᠭᠤᠯᠵᠤ᠂ ᠬᠤᠩ ᠱᠠᠨ ᠨᠠᠭᠤᠷ ᠤᠨ ᠵᠤᠭᠠᠴᠠᠯ ᠤᠨ ᠵᠠᠰᠠᠮᠠᠯ ᠵᠠᠮ᠂ ᠳ᠋ᠠᠨ ᠰᠢ ᠲᠦᠷᠭᠡᠨ | ᠬᠤᠷᠳᠤᠴᠠᠳᠤ ᠵᠠᠮ ᠦᠳᠠ ᠶᠢᠨ ᠬᠤᠸᠠ ᠲᠠᠢ ᠬᠠᠷᠢᠯᠴᠠᠨ ᠨᠠᠪᠳᠠᠷᠠᠯᠴᠠᠬᠦ ᠢᠨᠵᠧᠨᠧᠷᠢᠭ ᠢ ᠰᠢᠨ᠎ᠠ ᠪᠠᠷ ᠪᠠᠶᠢᠭᠤᠯᠤᠨ᠎ᠠ | ᠃ ᠲᠤᠰᠬᠤᠨ ᠳᠤ ᠨᠠᠪᠳᠠᠷᠠᠬᠦ ᠴᠠᠷᠳᠠᠮᠠᠯ ᠵᠠᠮ ᠢ 300 ᠺᠢᠯᠤᠮᠧᠲᠷ ᠵᠠᠯᠭᠠᠨ ᠪᠠᠶᠢᠭᠤᠯᠵᠤ᠂ ᠪᠦᠬᠦ ᠬᠤᠰᠢᠭᠤᠨ ᠤ | ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠤ ᠨᠠᠪᠳᠠᠷᠠᠬᠦ ᠨᠤᠷᠮ᠎ᠠ ᠶᠢ 100% ᠳᠤ ᠬᠦᠷᠭᠡᠨ᠎ᠠ᠃ ᠡᠯ ᠫᠠᠶᠢᠽᠢ᠂ | ᠬᠤᠸᠠᠩ ᠬᠦ᠋ ᠲᠦᠨ᠂ ᠺᠠᠩ ᠵᠢᠶᠠ ᠢᠩᠽᠢ ᠠᠴᠠ ᠪᠠᠶᠠᠨᠳᠤᠬᠤᠢ ᠬᠦᠷᠬᠦ 66 ᠺᠢᠯᠤᠸᠤᠯᠲ ᠬᠦᠴᠦᠳᠠᠯ | ᠬᠤᠪᠢᠷᠠᠭᠠᠵᠤ ᠬᠦᠷᠭᠡᠬᠦ ᠢᠨᠵᠧᠨᠧᠷᠢᠭ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠭᠤᠤ ᠵᠢᠶᠠ ᠯᠢᠶᠠᠩ ᠤᠨ | 500 ᠺᠢᠯᠤᠸᠤᠯᠲ ᠴᠠᠬᠢᠯᠭᠠᠨ ᠬᠤᠪᠢᠰᠬᠠᠵᠤ ᠬᠦᠷᠭᠡᠬᠦ᠂ ᠠᠰᠢᠬᠠᠨ ᠤ 220 ᠺᠢᠯᠤᠸᠤᠯᠲ ᠰᠠᠯᠬᠢ ᠬᠡᠷᠡᠯ | ᠬᠠᠷᠢᠯᠴᠠᠨ ᠨᠦᠬᠦᠪᠤᠷᠢᠯᠠᠬᠦ ᠲᠠᠷᠤᠯᠳᠠ ᠶᠢ ᠲᠠᠭᠡᠭᠰᠢᠯᠠᠬᠦᠯᠬᠦ ᠦᠷᠳᠡᠭᠡ᠂ ᠤᠳᠠᠠᠳᠤᠬᠤᠢ ᠶᠢᠨ 1000 ᠺᠢᠯᠤᠸᠤᠯᠲ | ᠤᠷᠤᠰᠬᠠᠯ ᠰᠤᠯᠢᠯᠴᠠᠬᠤ ᠦᠷᠳᠡᠭᠡᠨ ᠤ ᠢᠨᠵᠧᠨᠧᠷᠢᠭ ᠢ ᠨᠠᠶᠢᠳᠠᠪᠤᠷᠢᠵᠢᠭᠤᠯᠵᠤ ᠬᠡᠷᠡᠭᠵᠢᠬᠦᠯᠬᠦ ᠶᠢ ᠲᠦᠯᠬᠢᠨ | ᠠᠬᠢᠭᠤᠯᠵᠤ᠂ ᠰᠢᠷᠠᠳᠠᠯ᠎ᠠ᠂ ᠺᠠᠩ ᠵᠢᠶᠠ ᠢᠩᠽᠢ ᠠᠴᠠ ᠬᠤᠩ ᠱᠠᠨ ᠬᠦᠷᠬᠦ᠂ ᠺᠠᠩ ᠵᠢᠶᠠ ᠢᠩᠽᠢ ᠠᠴᠠ ᠠᠰᠢᠬᠠᠨ | ᠬᠦᠷᠬᠦ 66 ᠺᠢᠯᠤᠸᠤᠯᠲ ᠬᠦᠴᠦᠳᠠᠯ ᠬᠤᠪᠢᠷᠠᠭᠠᠬᠤ ᠬᠦᠷᠭᠡᠬᠦ ᠢᠨᠵᠧᠨᠧᠷᠢᠭ ᠢ ᠪᠠᠶᠢᠭᠤᠯᠵᠤ ᠡᠵᠡᠩᠨᠠᠬᠦ ᠶᠢ ᠪᠠᠳᠤᠯᠠᠨ᠎ᠠ | ᠃ ᠦᠪᠠᠷᠳᠡᠭᠡᠨ ᠵᠠᠰᠠᠬᠤ ᠤᠷᠤᠨ ᠠᠴᠠ ᠦᠪᠤᠷ ᠮᠤᠩᠭᠤᠯ ᠤᠨ ᠵᠠᠬᠦᠨ ᠬᠡᠰᠡᠭ ᠤᠨ ᠲᠠᠷᠢᠶᠠᠯᠠᠩ ᠴᠠᠬᠢᠯᠭᠠᠨ ᠤ ᠲᠤᠤᠷ | ᠢ ᠵᠠᠬᠦᠨᠰᠢ ᠬᠡᠯᠪᠠᠶᠢᠯᠭᠡᠬᠦ ᠲᠤᠬᠢᠶᠠᠯ ᠢ ᠠᠰᠢᠬᠯᠠᠵᠤ᠂ ᠲᠠᠷᠢᠶᠠᠯᠠᠩ ᠤᠨ ᠴᠠᠬᠢᠯᠭᠠᠨ ᠤ ᠲᠤᠤᠷᠵᠢᠯ ᠤᠨ ᠦᠭᠡᠷᠠᠴᠢᠯᠠᠯᠳᠠ | ᠶᠢᠨ ᠠᠯᠬᠤᠴᠠ ᠪᠠᠨ ᠲᠦᠷᠭᠡᠳᠭᠡᠨ᠎ᠠ᠃ ᠪᠡᠬᠡᠵᠢᠩ ᠲᠢᠶᠠᠨᠵᠢᠨ ᠤ ᠰᠠᠯᠬᠢ ᠡᠯᠡᠰᠤᠨ ᠤ ᠡᠬᠢ ᠰᠤᠷᠪᠤᠯᠵᠢ ᠶᠢᠨ | ᠬᠤᠶᠠᠳᠤᠭᠠᠷ ᠬᠤᠭᠤᠴᠠᠭᠠᠨ ᠤ ᠤᠰᠤ ᠶᠢ ᠵᠠᠰᠠᠬᠤ ᠲᠦᠷᠦᠯ ᠵᠦᠢᠯ ᠢ ᠬᠡᠷᠡᠭᠵᠢᠬᠦᠯᠵᠤ᠂ 18 ᠲᠡᠭᠰᠢ ᠲᠦᠷᠪᠠᠯᠵᠢᠨ | ᠺᠢᠯᠦᠮᠧᠲᠷ ᠪᠠᠭ᠎ᠠ ᠤᠷᠤᠰᠬᠠᠯ ᠢ ᠵᠠᠰᠠᠬᠤ ᠲᠠᠯᠠᠪᠠᠢ ᠶᠢ ᠰᠢᠨ᠎ᠠ ᠪᠠᠷ ᠨᠡᠮᠡᠭᠳᠡᠬᠦᠯᠦᠨ᠎ᠠ᠃ ᠰᠢᠷᠠᠮᠦ᠋ᠷᠠᠨ ᠭᠤᠤᠯ ᠤᠨ | ᠤᠩᠨᠢᠭᠤᠳ ᠬᠤᠰᠢᠭᠤᠨ ᠤ ᠬᠠᠷᠢᠶᠠᠨ ᠳᠠᠬᠢ ᠬᠡᠰᠡᠭ ᠢ ᠵᠠᠰᠠᠬᠤ᠂ ᠬᠠᠶᠢᠯᠠᠰᠤ ᠶᠢᠨ ᠤᠰᠤᠨ ᠠᠰᠢᠬᠯᠠᠯᠳᠠ ᠶᠢᠨ | ᠬᠦᠢᠰᠤ ᠪᠠᠷᠢᠯᠭ᠎ᠠ ᠶᠢᠨ ᠲᠦᠭᠰᠢᠬᠦᠷᠢ ᠶᠢ ᠠᠷᠢᠯᠭᠠᠵᠤ ᠪᠠᠬᠢᠵᠢᠬᠦᠯᠬᠦ᠂ ᠵᠠᠩ ᠹᠠᠩ ᠡᠾᠧ ᠶᠢᠨ ᠰᠢᠶᠠ ᠫᠤᠤᠽᠢ ᠠᠴᠠ | ᠪᠦᠷᠢᠳᠤᠨ ᠬᠦᠷᠬᠦ ᠤᠰᠤ ᠲᠠᠳᠠᠬᠤ ᠢᠨᠵᠧᠨᠧᠷᠢᠭ ᠢ ᠲᠦᠯᠬᠢᠨ ᠠᠬᠢᠭᠤᠯᠵᠤ᠂ ᠴᠦᠨᠳᠤᠪ ᠤᠨ ᠭᠤᠤᠯ ᠪᠠ ᠴᠠᠭᠡᠨ | ᠨᠠᠭᠤᠷ ᠢ ᠨᠠᠪᠳᠠᠷᠠᠬᠦᠯᠬᠦ ᠢᠨᠵᠧᠨᠧᠷᠢᠭ ᠢ ᠨᠤᠳᠠᠯᠠᠵᠤ᠂ ᠨᠠᠩ ᠤᠯᠠᠨ ᠤᠰᠤᠨ ᠤ ᠰᠤᠷᠪᠤᠯᠵᠢ ᠶᠢ ᠤᠩᠨᠢᠭᠤᠳ ᠤᠨ | ᠬᠢᠯᠢ ᠳᠤ ᠦᠯᠠᠳᠡᠭᠡᠨᠠ᠃ 9.9 ᠲᠦᠮᠠᠨ ᠮᠤ᠋ ᠦᠨᠳᠤᠷ ᠪᠠᠷᠢᠮᠵᠢᠶᠠᠳᠤ ᠦᠨᠳᠤᠰᠤᠨ ᠲᠠᠷᠢᠶᠠᠯᠠᠩ ᠢ ᠰᠢᠨ᠎ᠠ ᠪᠠᠷ | ᠪᠠᠶᠢᠭᠤᠯᠵᠤ᠂ ᠬᠠᠶᠢᠯᠠᠰᠤ᠂ ᠪᠠᠶᠠᠨᠳᠤᠬᠤᠢ᠂ ᠴᠢᠶᠤᠤ ᠲᠸᠤ ᠶᠢᠨ ᠤᠰᠤᠯᠠᠯᠳᠠ ᠶᠢᠨ ᠤᠷᠤᠨ ᠤ ᠤᠰᠤ ᠠᠷᠪᠢᠯᠠᠬᠤ ᠶᠢ | ᠲᠦᠬᠦᠷᠵᠢᠬᠦᠯᠬᠦ ᠦᠭᠡᠷᠡᠴᠢᠯᠠᠯᠳᠠ ᠶᠢᠨ ᠡᠬᠦᠷᠭᠡ ᠶᠢ ᠪᠠᠶᠠᠯᠠᠬᠦᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ | ᠦᠶᠠᠷ ᠢ ᠰᠠᠷᠭᠡᠶᠢᠯᠠᠵᠤ ᠭᠠᠩ ᠬᠠᠭᠰᠠᠷᠭᠠᠨ ᠲᠠᠢ ᠲᠠᠮᠠᠴᠠᠬᠦ ᠴᠢᠳᠠᠪᠤᠷᠢ ᠶᠢ ᠤᠯᠠᠮ ᠨᠢᠭᠡ ᠠᠯᠬᠤᠮ ᠲᠠᠭᠡᠭᠰᠢᠯᠠᠬᠦᠯᠦᠨ᠎ᠠ | ᠃ | ᠲᠠᠪᠤ᠂ ᠪᠤᠬᠢᠷᠳᠤᠯ ᠦᠭᠡᠢ ᠠᠮᠦᠷ ᠲᠦᠪᠰᠢᠨ ᠲᠤᠬᠳᠠᠭᠤᠨ ᠨᠠᠶᠢᠭᠡᠮ ᠤᠨ ᠤᠷᠴᠢᠨ ᠲᠤᠭᠤᠷᠢᠨ ᠢ ᠪᠤᠢ | ᠪᠤᠯᠭᠠᠨ᠎ᠠ | ᠬᠤᠷᠢᠭ᠎ᠠ ᠱᠤᠭᠤᠮ ᠤᠨ ᠰᠡᠳᠬᠢᠮᠵᠢ᠂ ᠤᠯᠠᠭᠠᠨ ᠱᠤᠭᠤᠮ ᠤᠨ ᠦᠵᠠᠯ ᠤᠬᠠᠮᠰᠠᠷ ᠢ ᠪᠠᠳᠤ ᠪᠤᠯᠭᠠᠵᠤ᠂ | ᠴᠢᠩᠭ᠎ᠠ ᠲᠠᠭᠡᠷ᠎ᠡ ᠨᠢ ᠴᠢᠩᠭ᠎ᠠ᠂ ᠪᠤᠳᠠᠳᠠᠢ ᠲᠡᠭᠡᠷ᠎ᠡ ᠨᠢ ᠪᠤᠳᠠᠳᠠᠢ ᠠᠷᠭ᠎ᠠ ᠪᠠᠷᠢᠯ ᠢᠶᠠᠷ᠂ ᠠᠵᠤ ᠠᠬᠤᠢ ᠨᠠᠶᠢᠭᠡᠮ ᠨᠠᠩ | ᠠᠮᠦᠷ ᠲᠦᠪᠰᠢᠨ᠂ ᠨᠠᠩ ᠪᠤᠯᠤᠮᠵᠢᠳᠤ ᠬᠦᠭᠵᠢᠯᠳᠠ ᠲᠠᠢ ᠪᠠᠶᠢᠬᠤ ᠶᠢ ᠲᠦᠯᠬᠢᠨ ᠠᠬᠢᠭᠤᠯᠵᠤ᠂ ᠨᠠᠮ ᠤᠨ ᠠᠷᠪᠠ | ᠶᠢᠰᠤᠳᠤᠭᠡᠷ ᠶᠡᠭᠡ ᠬᠤᠷᠠᠯ ᠠᠮᠵᠢᠯᠳᠠ ᠲᠠᠢ ᠬᠤᠷᠠᠯᠳᠤᠬᠤ ᠪᠠ ᠦᠪᠠᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ | 70 ᠵᠢᠯ ᠤᠨ ᠤᠢ ᠶᠢ ᠪᠠᠯᠭᠡᠯᠡᠬᠦ ᠪᠠᠶᠠᠷ ᠲᠤ ᠰᠠᠶᠢᠨ ᠰᠠᠶᠢᠬᠠᠨ ᠠᠭᠤᠷ ᠠᠮᠢᠰᠬᠤᠯ ᠢ ᠡᠬᠦᠳᠦᠨ᠎ᠠ᠃ | 13. ᠠᠶᠤᠯᠬᠦᠢ ᠤᠶᠢᠯᠠᠳᠪᠤᠷᠢᠯᠠᠯ ᠦᠨᠳᠤᠷ ᠲᠠᠷᠤᠯᠳᠠ ᠲᠠᠢ ᠪᠠᠶᠢᠬᠤ ᠬᠠᠨᠳᠤᠰᠢ ᠶᠢ ᠪᠠᠷᠢᠮᠳᠠᠯᠠᠨ᠎ᠠ᠃ | ᠠᠶᠤᠯᠬᠦᠢ ᠤᠶᠢᠯᠠᠳᠪᠤᠷᠢᠯᠠᠯ ᠤᠨ | ᠠᠵᠢᠯ ᠳᠤ ︽ᠨᠢᠭᠡ ᠫᠢᠶᠤᠤ ᠪᠠᠷ ᠦᠭᠡᠶᠢᠰᠭᠡᠬᠦ︾ ᠶᠢ ᠬᠡᠷᠡᠭᠵᠢᠬᠦᠯᠵᠤ᠂ ᠬᠡᠷᠡᠭ ᠶᠠᠪᠤᠳᠠᠯ ᠡᠬᠦᠰᠦᠭᠰᠡᠨ ᠭᠠᠵᠠᠷ | ᠤᠷᠤᠨ ᠪᠠ ᠰᠠᠯᠠᠭ᠎ᠠ ᠮᠦᠴᠢᠷ ᠠᠴᠠ ᠬᠠᠷᠢᠭᠤᠴᠠᠯᠭ᠎ᠠ ᠨᠡᠬᠡᠮᠵᠢᠯᠠᠨ᠎ᠠ᠃ ︽ᠠᠶᠤᠯᠬᠦᠢ ᠤᠶᠢᠯᠠᠳᠪᠤᠷᠢᠯᠠᠯ ᠢ ᠬᠢᠨᠠᠨ | ᠪᠠᠶᠢᠴᠠᠭᠠᠵᠤ ᠬᠠᠤᠯᠢ ᠬᠡᠷᠡᠭᠵᠢᠬᠦᠯᠬᠦ ᠤᠨ︾ ᠤ ᠠᠵᠢᠯᠯᠠᠭ᠎ᠠ ᠶᠢ ᠯᠠᠪᠳᠠᠭᠤᠨ ᠲᠦᠯᠬᠢᠨ ᠠᠬᠢᠭᠤᠯᠵᠤ᠂ ᠨᠠᠬᠦᠷᠠᠰᠤᠨ | ᠠᠭᠤᠷᠬᠠᠢ ᠪᠤᠰᠤ᠂ ᠠᠶᠤᠯ ᠲᠠᠢ ᠬᠢᠮᠢ ᠶᠢᠨ ᠤᠶᠢᠯᠠᠳᠬᠦᠨ᠂ ᠬᠤᠸᠠᠷ ᠫᠤᠤᠵᠢᠩ᠂ ᠢᠳᠡᠭᠡᠨ ᠪᠠ ᠡᠮ ᠤᠨ ᠵᠦᠢᠯ᠂ | ᠪᠠᠷᠢᠯᠭ᠎ᠠ ᠵᠠᠮ ᠬᠠᠷᠢᠯᠴᠠᠭ᠎ᠠ᠂ ᠤᠨᠴᠠᠭᠠᠢ ᠲᠦᠬᠦᠭᠡᠷᠦᠮᠵᠢ᠂ ᠭᠠᠯ ᠢ ᠰᠠᠷᠭᠡᠶᠢᠯᠠᠬᠦ ᠵᠠᠷᠭᠡ ᠭᠤᠤᠯᠳᠠᠯᠭ᠎ᠠ ᠲᠠᠢ ᠠᠵᠢᠯ | ᠲᠦᠷᠦᠯ ᠵᠢᠴᠢ ᠰᠤᠷᠭᠠᠭᠤᠯᠢ᠂ ᠡᠮᠨᠠᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠠᠢ᠂ ᠠᠭᠤᠳᠠᠮ ᠲᠠᠯᠠᠪᠠᠢ᠂ | ᠬᠦᠷᠢᠶᠠᠯᠠᠩ ᠲᠤᠭᠤᠷᠢᠭ᠂ ᠦᠵᠠᠮᠵᠢ ᠶᠢᠨ ᠤᠷᠤᠨ ᠵᠠᠷᠭᠡ ᠬᠦᠮᠦᠨ ᠴᠤᠬᠯᠠᠷᠠᠬᠤ ᠲᠠᠯᠠᠪᠤᠷ ᠶᠢᠨ ᠲᠦᠭᠰᠢᠬᠦᠷᠢ ᠶᠢ | ᠪᠠᠶᠢᠴᠠᠭᠠᠵᠤ ᠵᠠᠰᠠᠨ ᠴᠡᠭᠴᠠᠯᠠᠬᠦ ᠶᠢ ᠲᠤᠪᠤᠶᠢᠮ᠎ᠠ ᠠᠳᠬᠤᠵᠤ᠂ ᠡᠯ᠎ᠡ ᠲᠦᠷᠦᠯ ᠤᠨ ᠠᠮᠦᠷ ᠲᠦᠪᠰᠢᠨ ᠤ ᠬᠡᠷᠡᠭ | ᠶᠠᠪᠤᠳᠠᠯ᠂ ᠤᠨᠴᠠᠭᠠᠶᠢᠯᠠᠨ ᠬᠦᠨᠳᠤ ᠶᠡᠭᠡ ᠬᠡᠷᠡᠭ ᠶᠠᠪᠤᠳᠠᠯ ᠡᠬᠦᠰᠬᠦ ᠶᠢ ᠡᠷᠠᠰ ᠰᠠᠷᠭᠡᠶᠢᠯᠠᠨ᠎ᠠ᠃ ᠠᠶᠤᠯᠬᠦᠢ | ᠤᠶᠢᠯᠠᠳᠪᠤᠷᠢᠯᠠᠯ ᠤᠨ ᠬᠢᠨᠠᠨ ᠪᠠᠶᠢᠴᠠᠭᠠᠬᠤ ᠰᠠᠯᠠᠭ᠎ᠠ ᠮᠦᠴᠢᠷ ᠤᠨ ᠲᠤᠰᠬᠠᠢ ᠮᠠᠷᠭᠡᠵᠢᠯᠳᠠᠨ ᠢ ᠪᠦᠷᠢᠨ ᠲᠤᠬᠢᠷᠠᠭᠤᠯᠵᠤ | ᠂ ᠦᠨᠳᠤᠰᠤᠨ ᠱᠠᠳᠤᠨ ᠤ ᠠᠶᠤᠯᠬᠦᠢ ᠤᠶᠢᠯᠠᠳᠪᠤᠷᠢᠯᠠᠯ ᠢ ᠬᠢᠨᠠᠨ ᠪᠠᠶᠢᠴᠠᠭᠠᠬᠤ ᠦᠷᠳᠡᠭᠡᠨ ᠤ ᠠᠵᠢᠯᠯᠠᠬᠤ ᠬᠦᠴᠦᠨ | ᠢ ᠲᠠᠬᠦᠯᠳᠠᠷᠵᠢᠬᠦᠯᠵᠤ᠂ ᠵᠠᠷᠤᠯᠭ᠎ᠠ ᠶᠢᠨ ᠤᠷᠤᠭᠤᠯᠤᠯᠳᠠ ᠶᠢ ᠨᠠᠮᠡᠭᠳᠡᠬᠦᠯᠵᠤ᠂ ᠠᠶᠤᠯᠬᠦᠢ ᠤᠶᠢᠯᠠᠳᠪᠤᠷᠢᠯᠠᠯ ᠤᠨ | ᠡᠬᠦᠯᠠᠨ ᠲᠠᠪᠴᠠᠩ ᠢ ᠪᠦᠳᠦᠭᠡᠨ ᠪᠠᠶᠢᠭᠤᠯᠵᠤ᠂ ᠬᠠᠷᠢᠭᠤᠴᠠᠯᠭ᠎ᠠ ᠨᠡᠬᠡᠮᠵᠢᠯᠠᠬᠦ ᠬᠢᠨᠠᠨ ᠪᠠᠶᠢᠴᠠᠭᠠᠯᠳᠠ ᠶᠢ | ᠴᠢᠩᠭᠠᠳᠬᠠᠵᠤ᠂ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ︽ᠬᠠᠮᠤᠭ ᠰᠠᠬᠦᠯᠴᠢ ᠶᠢᠨ ᠨᠢᠭᠡ ᠺᠢᠯᠤᠮᠧᠲᠷ︾ ᠤᠨ | ᠠᠰᠠᠭᠤᠳᠠᠯ ᠢ ᠪᠠᠶᠠᠯᠠᠬᠦᠯᠦᠨ᠎ᠠ᠃ ᠠᠶᠤᠯᠬᠦᠢ ᠤᠶᠢᠯᠠᠳᠪᠤᠷᠢᠯᠠᠯ ᠤᠨ ᠡᠯ᠎ᠡ ᠲᠦᠷᠦᠯ ᠤᠨ ᠪᠠᠴᠢᠮ ᠪᠠᠶᠢᠳᠠᠯ ᠢ | ᠠᠷᠭᠠᠴᠠᠭᠠᠬᠤ ᠲᠦᠰᠦᠯ ᠢ ᠲᠠᠬᠦᠯᠳᠠᠷᠵᠢᠬᠦᠯᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ᠂ ᠪᠤᠯᠪᠠᠰᠤᠷᠠᠯ ᠢ | ᠴᠢᠩᠭᠠᠳᠬᠠᠵᠤ᠂ ᠬᠡᠨᠡᠳᠳᠡ ᠶᠢᠨ ᠬᠡᠷᠡᠭ ᠡᠬᠦᠰᠬᠦ ᠪᠠᠴᠢᠮ ᠪᠠᠶᠢᠳᠠᠯ ᠢ ᠰᠢᠢᠳᠪᠤᠷᠢᠯᠠᠬᠦ ᠴᠢᠳᠠᠪᠤᠷᠢ ᠶᠢ | ᠲᠠᠭᠡᠭᠰᠢᠯᠠᠬᠦᠯᠦᠨ᠎ᠠ᠃ ᠠᠶᠦᠯᠬᠦᠢ ᠤᠶᠢᠯᠠᠳᠪᠤᠷᠢᠯᠠᠯ ᠤᠨ ᠢᠯᠠᠴᠢᠯᠠᠨ ᠮᠠᠳᠠᠬᠦᠯᠬᠦ ᠱᠠᠩᠨᠠᠯ ᠤᠨ ᠰᠠᠭᠤᠷᠢ ᠮᠦᠩᠬᠦ ᠶᠢ | 100 ᠲᠦᠮᠠᠨ ᠲᠦᠬᠦᠷᠢᠭ ᠪᠠᠶᠢᠭᠤᠯᠵᠤ᠂ ᠪᠦᠬᠦ ᠨᠠᠶᠢᠭᠡᠮ ᠪᠦᠬᠦᠳᠠᠭᠡᠷ ᠤᠷᠤᠯᠴᠠᠬᠤ ᠶᠢ ᠲᠠᠶᠢᠴᠢᠯᠠᠵᠤ ᠤᠯᠠᠨ ᠢᠶᠠᠷ | ᠢᠶᠠᠨ ᠰᠠᠷᠭᠡᠶᠢᠯᠠᠵᠤ ᠤᠯᠠᠨ ᠢᠶᠠᠷ ᠢᠶᠠᠨ ᠵᠠᠰᠠᠬᠤ ᠠᠶᠤᠯᠬᠦᠢ ᠤᠶᠢᠯᠠᠳᠪᠤᠷᠢᠯᠠᠯ ᠤᠨ ᠬᠢᠨᠠᠨ ᠬᠠᠮᠢᠶᠠᠷᠬᠤ ᠪᠠᠶᠢᠳᠠᠯ ᠢ | ᠡᠬᠦᠳᠦᠨ ᠪᠠᠶᠢᠭᠤᠯᠤᠨ᠎ᠠ᠃ | 14. ᠨᠠᠶᠢᠭᠡᠮ ᠤᠨ ᠲᠤᠬᠳᠠᠭᠤᠨ ᠪᠠᠶᠢᠳᠠᠯ ᠢ ᠦᠨᠠᠩᠬᠦ ᠬᠠᠮᠠᠭᠠᠯᠠᠨ᠎ᠠ᠃ ᠰᠤᠮᠤ ᠰᠢᠶᠠᠩ ᠪᠠᠯᠭᠠᠰᠤ ᠶᠢᠨ | ᠬᠠᠷᠢᠶᠠᠳᠤ ᠤᠷᠤᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠤᠨ | ᠬᠦᠯᠢᠶᠠᠨ ᠠᠪᠬᠤ ᠡᠳᠦᠷ ᠤᠨ ᠲᠦᠷᠢᠮ ᠢ ᠪᠠᠷᠢᠮᠳᠠᠯᠠᠵᠤ᠂ ᠬᠤᠰᠢᠭᠤ ᠰᠢᠶᠠᠩ ᠬᠤᠶᠠᠷ ᠱᠠᠳᠤ ᠬᠤᠯᠪᠤᠭᠠᠯᠠᠨ | ᠰᠤᠷᠪᠤᠯᠵᠢᠯᠠᠭ᠎ᠠ ᠬᠦᠯᠢᠶᠠᠨ ᠠᠪᠬᠤ ᠲᠦᠪ᠂ ᠠᠯᠤᠰ ᠠᠴᠠ ᠬᠠᠷᠠᠭᠠᠨ ᠲᠠᠪᠳᠠᠮᠵᠢ ᠪᠠᠷ ᠰᠤᠷᠪᠤᠯᠵᠢᠯᠠᠭ᠎ᠠ ᠬᠦᠯᠢᠶᠠᠨ | ᠠᠪᠬᠤ ᠰᠢᠰᠲ᠋ᠧᠮ ᠤᠨ ᠤᠶᠢᠯᠠᠳᠤᠯ ᠢ ᠬᠦᠢᠴᠡᠳ ᠪᠠᠳᠠᠷᠠᠭᠤᠯᠵᠤ᠂ ︽ᠵᠢᠷᠭᠤᠭᠠᠨ ᠠᠯᠬᠤᠮ ᠤᠨ ᠠᠵᠢᠯ ᠤᠨ ᠠᠷᠭ᠎ᠠ︾ | ᠶᠤᠰᠤ ᠪᠠᠷ ᠠᠵᠢᠯ ᠢᠶᠠᠨ ᠦᠷᠨᠢᠬᠦᠯᠵᠤ᠂ ᠰᠤᠷᠪᠤᠯᠵᠢᠯᠠᠭ᠎ᠠ ᠶᠢᠨ ᠵᠦᠢᠯᠠᠰ ᠡᠬᠢᠨ ᠤ ᠬᠤᠭᠤᠴᠠᠭᠠᠨ ᠳᠤ ᠪᠦᠳᠦᠮᠵᠢ | ᠲᠠᠢ ᠰᠢᠢᠳᠪᠤᠷᠢᠯᠡᠭᠳᠡᠬᠦ ᠶᠢ ᠲᠦᠯᠬᠢᠨ ᠠᠬᠢᠭᠤᠯᠤᠨ᠎ᠠ᠃ ᠤᠯᠠᠨ ᠲᠦᠮᠠᠨ ᠤ ᠬᠠᠤᠯᠢ ᠶᠤᠰᠤ ᠪᠠᠷ ᠱᠠᠳᠤ ᠲᠠᠷᠠᠭᠠᠯᠠᠨ | ᠲᠤᠭᠠᠴᠢᠯᠳᠠ ᠪᠠᠨ ᠢᠯᠠᠳᠭᠡᠬᠦ ᠶᠢ ᠵᠢᠯᠤᠭᠤᠳᠴᠤ᠂ ᠵᠢᠭᠤᠷᠠᠵᠤ ᠠᠭᠠᠰᠢᠯᠠᠵᠤ ᠰᠤᠷᠪᠤᠯᠵᠢᠯᠠᠬᠤ᠂ ᠪᠦᠯᠦᠭᠯᠠᠵᠤ | ᠲᠠᠭᠡᠭᠰᠢ ᠰᠤᠷᠪᠤᠯᠵᠢᠯᠠᠬᠤ᠂ ᠱᠠᠳᠤ ᠠᠯᠤᠰᠯᠠᠵᠤ ᠲᠠᠭᠡᠭᠰᠢ ᠰᠤᠷᠪᠤᠯᠵᠢᠯᠠᠬᠤ ᠠᠵᠢᠯᠯᠠᠭ᠎ᠠ ᠳᠤ ᠴᠢᠩᠭ᠎ᠠ ᠴᠤᠬᠢᠯᠳᠠ | ᠦᠭᠬᠦᠨ᠎ᠠ᠃ ᠭᠤᠤᠯᠳᠠᠯᠭ᠎ᠠ ᠲᠠᠢ ᠬᠦᠮᠦᠨ᠂ ᠭᠤᠤᠯᠳᠠᠯᠭ᠎ᠠ ᠲᠠᠢ ᠤᠷᠤᠨ ᠤ ᠡᠳᠦᠷ ᠲᠤᠳᠤᠮ ᠤᠨ ᠬᠢᠨᠠᠨ ᠡᠵᠠᠮᠰᠢᠬᠦ | ᠶᠢ ᠴᠢᠩᠭᠠᠳᠬᠠᠵᠤ᠂ ᠤᠨᠴᠠᠭᠠᠢ ᠬᠤᠪᠢ ᠬᠦᠮᠦᠨ ᠤ ᠰᠦᠷᠳᠡᠭᠦᠯᠵᠤ ᠬᠦᠴᠦᠷᠭᠡᠭᠯᠠᠯ ᠤᠨ ᠬᠡᠷᠡᠭ ᠡᠬᠦᠰᠭᠡᠬᠦ ᠶᠢ ᠡᠷᠠᠰ | ᠰᠠᠷᠭᠡᠶᠢᠯᠠᠨ᠎ᠠ᠃ ᠡᠳᠦᠷ ᠲᠤᠳᠤᠮ ᠤᠨ ᠠᠮᠦᠷ ᠲᠦᠪᠰᠢᠨ ᠢ ᠲᠤᠭᠤᠷᠢᠨ ᠪᠠᠶᠢᠴᠠᠭᠠᠬᠤ ᠲᠠᠪᠳᠠᠮᠵᠢ ᠤᠳᠠᠭ᠎ᠠ ᠪᠠ | ᠬᠦᠴᠦᠨ ᠢᠶᠠᠨ ᠨᠡᠮᠡᠭᠳᠡᠬᠦᠯᠵᠤ᠂ ᠴᠢᠬᠤᠯᠠ ᠠᠵᠢᠯᠯᠠᠭ᠎ᠠ ᠰᠠᠷᠭᠡᠭ ᠴᠠᠭ ᠬᠤᠭᠤᠴᠠᠭᠠᠨ ᠳᠠᠬᠢ ᠠᠮᠦᠷ ᠲᠦᠪᠰᠢᠨ ᠢ | ᠬᠠᠮᠠᠭᠠᠯᠠᠬᠤ ᠠᠵᠢᠯ ᠢ ᠰᠠᠶᠢᠳᠤᠷ ᠬᠢᠵᠤ᠂ ᠡᠯ᠎ᠡ ᠲᠦᠷᠦᠯ ᠤᠨ ᠡᠷᠡᠬᠦᠦ ᠶᠢᠨ ᠬᠡᠷᠡᠭ ᠤᠨ ᠶᠠᠯ᠎ᠠ ᠵᠢᠴᠢ ᠴᠠᠬᠢᠯᠭᠠᠨ | ᠬᠤᠯᠪᠤᠭᠠᠨ ᠤ ᠰᠦᠯᠵᠢᠶ᠎ᠠ ᠪᠠᠷ ᠮᠠᠬᠡᠯᠡᠬᠦ᠂ ᠬᠠᠤᠯᠢ ᠪᠤᠰᠤ ᠪᠠᠷ ᠪᠠᠯᠠ ᠴᠤᠬᠯᠠᠭᠤᠯᠬᠤ ᠵᠠᠷᠭᠡ ᠡᠳ᠋ ᠬᠦᠷᠦᠩᠭᠡ ᠳᠤ | ᠬᠠᠯᠳᠠᠬᠰᠠᠨ ᠶᠠᠯᠠᠳᠤ ᠠᠵᠢᠯᠯᠠᠭ᠎ᠠ ᠳᠤ ᠬᠦᠨᠳᠤ ᠴᠤᠬᠢᠯᠳᠠ ᠦᠭᠴᠤ᠂ ᠤᠯᠠᠨ ᠲᠦᠮᠠᠨ ᠤ ᠠᠮᠦᠷ ᠲᠦᠪᠰᠢᠨ | ᠰᠠᠷᠡᠭᠳᠡᠯ ᠪᠠ ᠬᠠᠨᠤᠮᠵᠢ ᠶᠢᠨ ᠬᠡᠮᠵᠢᠶ᠎ᠠ ᠶᠢ ᠨᠡᠮᠡᠭᠳᠡᠬᠦᠯᠦᠨ᠎ᠠ᠃ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢ | ᠡᠬᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠱᠠᠰᠢᠨ ᠰᠤᠷᠳᠠᠬᠤᠨ ᠤ ᠬᠡᠷᠡᠭ ᠶᠠᠪᠤᠳᠠᠯ ᠢ | ᠬᠠᠤᠯᠢ ᠶᠤᠰᠤᠭᠠᠷ ᠬᠠᠮᠢᠶᠠᠷᠴᠤ᠂ ᠦᠨᠳᠤᠰᠤᠳᠠᠨ ᠱᠠᠰᠢᠨ ᠰᠤᠷᠳᠠᠬᠤᠨ ᠤ ᠨᠠᠶᠢᠭᠡᠮ ᠤᠨ ᠲᠤᠬᠳᠠᠭᠤᠨ ᠢ ᠬᠠᠮᠠᠭᠠᠯᠠᠬᠤ | ᠲᠤᠮᠳᠠᠬᠢ ᠴᠢᠬᠤᠯᠠ ᠤᠶᠢᠯᠠᠳᠤᠯ ᠢ ᠪᠠᠳᠠᠷᠠᠭᠤᠯᠤᠨ᠎ᠠ᠃ | 15. ᠠᠮᠢ ᠠᠬᠤᠢ ᠶᠢᠨ ᠠᠮᠦᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ᠃ ᠠᠮᠢ ᠠᠬᠤᠢ ᠶᠢᠨ | ᠴᠢᠳᠠᠪᠬᠢ ᠤᠷᠤᠨ ᠤ ᠤᠯᠠᠭᠠᠨ ᠱᠤᠭᠤᠮ ᠢ ᠴᠢᠩᠭ᠎ᠠ ᠰᠠᠬᠢᠵᠤ᠂ ᠪᠠᠯᠴᠢᠭᠡᠷᠯᠠᠬᠦᠯᠦᠨ ᠮᠠᠯᠵᠢᠬᠤ ᠶᠢ ᠬᠤᠷᠢᠬᠯᠠᠬᠤ | ᠬᠠᠤᠯᠢ ᠶᠢ ᠬᠡᠷᠡᠭᠵᠢᠬᠦᠯᠬᠦ ᠬᠦᠴᠦᠨ ᠢᠶᠠᠨ ᠨᠡᠮᠡᠭᠳᠡᠬᠦᠯᠵᠤ᠂ ᠨᠢᠭᠤᠴᠠ ᠪᠠᠷ ᠮᠠᠯᠵᠢᠬᠤ᠂ ᠲᠤᠷ᠎ᠠ ᠪᠠᠷ ᠮᠠᠯᠵᠢᠬᠤ᠂ | ᠬᠡᠳᠦᠷᠠᠳᠠᠯ᠎ᠠ ᠮᠠᠯᠵᠢᠬᠤ ᠠᠵᠢᠯᠯᠠᠭ᠎ᠠ ᠳᠤ ᠬᠦᠨᠳᠤ ᠴᠤᠬᠢᠯᠳᠠ ᠦᠭᠴᠤ᠂ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ ᠶᠢᠨ ᠲᠠᠯ᠎ᠠ ᠪᠠᠷ ᠤᠯᠤᠬᠰᠠᠨ ᠦᠷ᠎ᠡ ᠪᠦᠳᠦᠮᠵᠢ ᠪᠠᠨ ᠪᠠᠳᠤᠳᠬᠠᠨ᠎ᠠ᠃ ᠤᠰᠤᠨ ᠤ ᠡᠬᠢ ᠰᠤᠷᠪᠤᠯᠵᠢ | ᠶᠢᠨ ᠬᠠᠮᠢᠶᠠᠷᠤᠯᠳᠠ ᠶᠢ ᠴᠢᠩᠭ᠎ᠠ ᠬᠡᠷᠡᠭᠵᠢᠬᠦᠯᠵᠤ᠂ ᠬᠡᠷᠡᠭᠯᠠᠬᠦ ᠤᠰᠤ ᠶᠢ ᠬᠡᠮᠵᠢᠬᠦ ᠲᠦᠷᠢᠮ ᠢ ᠪᠦᠬᠦ ᠲᠠᠯ᠎ᠠ ᠪᠠᠷ | ᠬᠡᠷᠡᠭᠵᠢᠬᠦᠯᠵᠤ᠂ ᠪᠤᠷᠤᠬᠤᠳᠠ ᠲᠤᠭᠤᠷᠢᠭ᠂ ᠬᠠᠰ ᠯᠤᠤ ᠠᠵᠤ ᠤᠶᠢᠯᠠᠳᠪᠤᠷᠢ ᠶᠢᠨ ᠲᠤᠭᠤᠷᠢᠭ᠂ ᠬᠡᠳᠦᠷᠭᠡᠢ | ᠵᠠᠷᠤᠬᠰᠠᠨ ᠤᠷᠤᠨ ᠤ ᠭᠠᠵᠠᠷ ᠲᠤᠤᠷᠠᠬᠢ ᠤᠰᠤ ᠶᠢ ︽ᠲᠠᠪᠬᠤᠷ ᠡᠵᠡᠮᠰᠢᠬᠦ︾ ᠲᠤᠤᠷ ᠰᠦᠯᠵᠢᠶ᠎ᠠ ᠪᠠᠷ ᠬᠢᠨᠠᠬᠤ | ᠰᠢᠰᠲ᠋ᠧᠮ ᠢ ᠪᠠᠶᠢᠭᠤᠯᠵᠤ᠂ ᠤᠰᠤᠨ ᠤ ᠡᠬᠢ ᠰᠤᠷᠪᠤᠯᠵᠢ ᠶᠢᠨ ᠵᠠᠷᠤᠳᠠᠯ ᠢ ᠬᠤᠷᠢᠶᠠᠬᠤ ᠪᠠᠨ ᠴᠢᠩᠭᠠᠳᠬᠠᠵᠤ᠂ | ᠬᠠᠮᠤᠭ ᠤᠨ ᠶᠡᠭᠡ ᠬᠡᠮᠵᠢᠶ᠎ᠠ ᠪᠠᠷ ᠤᠰᠤᠨ ᠤ ᠡᠬᠢ ᠰᠤᠷᠪᠤᠯᠵᠢ ᠶᠢ ᠠᠷᠪᠢᠯᠠᠵᠤ ᠠᠰᠢᠬᠯᠠᠨ᠎ᠠ᠃ ︽ᠭᠤᠤᠯ ᠤᠨ | ᠲᠠᠷᠤᠭ᠎ᠠ ᠶᠢᠨ ᠲᠦᠷᠢᠮ︾ ᠢ ᠢᠳᠡᠪᠬᠢᠳᠠᠢ ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ ᠡᠯᠡᠰᠤ ᠮᠠᠯᠳᠠᠬᠤ᠂ ᠭᠤᠤᠯ | ᠢ ᠲᠤᠭᠤᠷᠢᠵᠤ ᠬᠠᠭᠠᠯᠪᠤᠷᠢᠯᠠᠬᠤ ᠵᠠᠷᠭᠡ ᠠᠵᠢᠯᠯᠠᠭ᠎ᠠ ᠶᠢ ᠬᠦᠴᠦᠯᠠᠨ ᠵᠠᠰᠠᠵᠤ᠂ ᠦᠶᠠᠷ ᠤᠰᠤ ᠰᠠᠭᠠᠳ ᠦᠭᠡᠢ | ᠪᠠᠶᠢᠬᠤ ᠶᠢ ᠪᠠᠳᠤᠯᠠᠨ᠎ᠠ᠃ ᠪᠤᠵᠠᠷ ᠤᠰᠤ᠂ ᠬᠤᠭ ᠨᠤᠪᠰᠢ ᠶᠢ ᠲᠦᠪᠯᠠᠷᠠᠬᠦᠯᠦᠨ ᠰᠢᠢᠳᠪᠤᠷᠢᠯᠠᠬᠦ᠂ ᠬᠦᠳᠡᠭᠡ | ᠲᠤᠰᠬᠤᠨ ᠤ ᠡᠰᠢ ᠰᠦᠷᠠᠯ ᠰᠢᠳᠠᠭᠠᠬᠤ ᠶᠢ ᠴᠠᠭᠠᠵᠠᠯᠠᠬᠤ᠂ ᠨᠠᠬᠦᠷᠠᠰᠤ ᠰᠢᠳᠠᠭᠠᠬᠤ ᠵᠤᠤᠬ᠎ᠠ ᠶᠢ ᠬᠠᠶᠠᠬᠤ ᠵᠠᠷᠭᠡ | ᠲᠤᠰᠬᠠᠢ ᠠᠵᠢᠯᠯᠠᠭ᠎ᠠ ᠶᠢ ᠦᠷᠨᠢᠬᠦᠯᠵᠤ᠂ ᠴᠢᠶᠤᠤ ᠲᠸᠤ ᠪᠠᠯᠭᠠᠰᠤ ᠶᠢᠨ ᠳ᠋ᠠ ᠰᠢ ᠢᠩᠽᠢ ᠲᠤᠰᠬᠤᠨ ᠤ | ᠬᠠᠶᠠᠬᠳᠠᠮᠠᠯ ᠸᠠᠭᠠᠷ ᠰᠢᠷᠦᠢ ᠶᠢᠨ ᠨᠦᠭᠡ ᠶᠢ ᠵᠠᠰᠠᠬᠤ᠂ ᠴᠢᠤᠸᠠᠨ ᠨᠢᠩ ᠵᠡᠬᠡᠯᠢ ᠭᠤᠳᠤᠮᠵᠢ ᠶᠢᠨ ᠴᠢᠶᠤᠤ ᠨᠠᠨ | ᠲᠤᠰᠬᠤᠨ ᠤ ᠢᠳᠡᠬᠦ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠤᠷᠤᠨ ᠢ ᠨᠠᠬᠦᠯᠭᠡᠬᠦ ᠵᠠᠷᠭᠡ ᠢᠨᠵᠧᠨᠧᠷᠢᠭ ᠢ | ᠰᠠᠶᠢᠳᠤᠷ ᠬᠡᠷᠡᠭᠵᠢᠬᠦᠯᠵᠤ᠂ ᠪᠤᠷᠤᠬᠤᠳᠠ ᠲᠤᠭᠤᠷᠢᠭ ᠤᠨ 2000 ᠡᠷᠦᠭᠡ ᠶᠢᠨ ᠤᠯᠠᠮᠵᠢᠯᠠᠯᠳᠤ ᠨᠠᠬᠦᠷᠠᠰᠤ | ᠰᠢᠳᠠᠭᠠᠬᠤ ᠵᠤᠤᠬ᠎ᠠ ᠶᠢ ᠦᠭᠡᠷᠡᠴᠢᠯᠠᠬᠦ ᠪᠠ ᠠᠯᠢᠪᠠ ᠰᠢᠷ᠎ᠠ ᠲᠠᠮᠳᠡᠭᠳᠤ ᠲᠠᠷᠭᠡ ᠶᠢ ᠬᠠᠶᠠᠬᠤ ᠠᠵᠢᠯ ᠢ ᠪᠠᠶᠠᠯᠠᠬᠦᠯᠵᠤ᠂ | ᠠᠮᠢ ᠠᠬᠤᠢ ᠶᠢᠨ ᠤᠷᠴᠢᠨ ᠲᠤᠭᠤᠷᠢᠨ ᠦᠷᠬᠦᠯᠵᠢᠯᠠᠨ ᠰᠠᠶᠢᠵᠢᠷᠠᠬᠤ ᠶᠢ ᠲᠦᠯᠬᠢᠨ ᠠᠬᠢᠭᠤᠯᠤᠨ᠎ᠠ᠃ ᠪᠡᠬᠡᠵᠢᠩ | ᠲᠢᠶᠠᠨᠵᠢᠨ ᠤ ᠡᠯᠡᠰᠤ ᠰᠠᠯᠬᠢ ᠶᠢᠨ ᠡᠬᠢ ᠶᠢ ᠵᠠᠰᠠᠬᠤ᠂ ᠲᠠᠷᠢᠶᠠᠯᠠᠬᠤ ᠶᠢ ᠵᠤᠬᠰᠤᠵᠤ ᠤᠶᠢᠵᠢᠭᠤᠯᠬᠤ ᠵᠠᠷᠭᠡ ᠴᠢᠬᠤᠯᠠ | ᠲᠦᠷᠦᠯ ᠵᠦᠢᠯ ᠳᠤ ᠲᠦᠰᠢᠭᠯᠡᠵᠤ᠂ 30 ᠲᠦᠮᠠᠨ ᠮᠤ᠋ ᠡᠯᠡᠰᠤᠨ ᠭᠠᠵᠠᠷ ᠢ ᠶᠠᠷᠦᠩᠭᠡᠶᠢᠯᠠᠨ ᠵᠠᠰᠠᠵᠤ᠂ 15 ᠲᠦᠮᠠᠨ | ᠮᠤ᠋ ᠬᠠᠰᠢᠵᠤ ᠴᠠᠭᠠᠵᠠᠯᠠᠬᠤ ᠬᠠᠮᠠᠭᠠᠯᠠᠯᠳᠠ ᠶᠢᠨ ᠤᠷᠤᠨ ᠤ ᠬᠤᠶᠠᠳᠤᠭᠠᠷ ᠬᠤᠭᠤᠴᠠᠭᠠᠨ ᠤ ᠢᠨᠵᠧᠨᠧᠷᠢᠭ ᠢ | ᠪᠠᠶᠠᠯᠠᠬᠦᠯᠦᠨ᠎ᠠ᠃ 2.4 ᠲᠦᠮᠠᠨ ᠮᠤ᠋ ᠭᠤᠤᠯᠳᠠᠯᠭ᠎ᠠ ᠲᠠᠢ ᠤᠷᠤᠨ ᠢ ᠨᠤᠭᠤᠭᠠᠷᠠᠭᠤᠯᠬᠤ ᠶᠢ ᠬᠡᠷᠡᠭᠵᠢᠬᠦᠯᠵᠤ᠂ ᠮᠤᠵᠢ | ᠶᠢᠨ ᠵᠠᠮ 304 ᠱᠤᠭᠤᠮ ᠬᠠᠶᠢᠯᠠᠰᠤ ᠠᠴᠠ ᠪᠤᠷᠤᠬᠤᠳᠠ ᠬᠦᠷᠬᠦ᠂ ᠬᠠᠰ ᠯᠤᠤ ᠮᠠᠩᠬᠠᠨ ᠨᠠᠭᠤᠷ ᠤᠨ ᠵᠤᠭᠠᠴᠠᠯ ᠤᠨ | ᠵᠠᠮ ᠤᠨ ᠬᠤᠶᠠᠷ ᠲᠠᠯ᠎ᠠ ᠵᠢᠴᠢ ᠤᠪᠤᠭ᠎ᠠ ᠠᠭᠤᠯᠠ ᠶᠢᠨ ᠪᠠᠷᠠᠭᠤᠨ ᠬᠡᠰᠡᠭ ᠢ ᠨᠤᠭᠤᠭᠠᠷᠠᠭᠤᠯᠬᠤ ᠢᠨᠵᠧᠨᠧᠷᠢᠭ ᠢ | ᠭᠤᠤᠯᠳᠠᠯᠭ᠎ᠠ ᠲᠠᠢ ᠬᠢᠨ᠎ᠠ᠃ ᠨᠠᠷᠠᠰᠤᠨ ᠠᠭᠤᠯᠠ᠂ ᠮᠦᠸᠧ ᠱᠢ ᠭᠸᠤ ᠶᠢᠨ ᠪᠠᠶᠢᠭᠠᠯᠢ ᠬᠠᠮᠠᠭᠠᠯᠠᠯᠳᠠ ᠶᠢᠨ ᠤᠷᠤᠨ ᠤ | ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠴᠢᠩᠭᠠᠳᠬᠠᠵᠤ᠂ ᠠᠮᠢ ᠠᠬᠤᠢ᠂ ᠠᠵᠤ ᠠᠬᠤᠢ᠂ ᠨᠠᠶᠢᠭᠡᠮ ᠤᠨ | ᠦᠷ᠎ᠠ ᠠᠰᠢᠭ ᠬᠠᠮᠳᠤ ᠪᠠᠷ ᠠᠮᠵᠢᠯᠳᠠ ᠤᠯᠬᠤ ᠶᠢ ᠪᠠᠶᠠᠯᠠᠬᠦᠯᠦᠨ᠎ᠠ᠃ | ᠵᠢᠷᠭᠤᠭ᠎ᠠ᠂ ᠬᠦᠴᠦᠨ ᠢᠶᠠᠨ ᠰᠢᠪᠬᠠᠵᠤ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠤᠨ᠎ᠠ᠃ | ᠠᠷᠠᠳ ᠲᠦᠮᠠᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠠᠯ ᠰᠠᠨᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠠᠷᠠᠳ ᠢ ᠪᠠᠶᠠᠵᠢᠭᠤᠯᠵᠤ ᠬᠤᠰᠢᠭᠤ ᠪᠠᠨ ᠬᠦᠴᠦᠷᠭᠡᠭᠵᠢᠬᠦᠯᠬᠦ ᠶᠢ ᠬᠠᠮᠳᠤ ᠳᠤᠨᠢ | ᠴᠢᠬᠤᠯᠠᠴᠢᠯᠠᠵᠤ᠂ ᠠᠷᠠᠳ ᠢ ᠪᠠᠶᠠᠵᠢᠭᠤᠯᠬᠤ ᠶᠢ ᠲᠠᠷᠢᠬᠦᠨ ᠳᠤ ᠲᠠᠯᠪᠢᠬᠤ ᠶᠢ ᠪᠠᠷᠢᠮᠳᠠᠯᠠᠵᠤ᠂ ᠪᠦᠬᠦ ᠵᠢᠯ ᠤᠨ ᠠᠷᠠᠳ | ᠤᠨ ᠠᠮᠢᠳᠤᠷᠠᠯ ᠤᠨ ᠵᠠᠷᠤᠯᠭ᠎ᠠ ᠪᠦᠬᠦ ᠬᠤᠰᠢᠭᠤᠨ ᠤ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ 80% | ᠠᠴᠠ ᠲᠠᠭᠡᠭᠰᠢ ᠬᠦᠷᠭᠡᠨ᠎ᠠ᠃ | 16. ᠠᠷᠠᠳ ᠲᠦᠮᠠᠨ ᠬᠠᠨᠤᠮᠵᠢᠳᠠᠢ ᠰᠤᠷᠭᠠᠨ ᠬᠦᠮᠦᠵᠢᠯ ᠢ ᠡᠷᠬᠢᠯᠠᠨ᠎ᠠ᠃ ᠵᠢᠭᠠᠨ ᠰᠤᠷᠭᠠᠬᠤ ᠴᠢᠨᠠᠷ | ᠴᠢᠨᠰᠠᠭ᠎ᠠ ᠶᠢ ᠴᠢᠩᠭ᠎ᠠ ᠠᠳᠬᠤᠵᠤ᠂ ᠲᠠᠭᠡᠳᠤ ᠲᠤᠮᠳᠠᠳᠤ ᠶᠢᠨ ᠰᠤᠷᠭᠠᠨ ᠬᠦᠮᠦᠵᠢᠯ ᠢ ᠲᠤᠪᠤᠶᠢᠯᠭᠠᠵᠤ᠂ | ᠦᠨᠳᠤᠰᠤᠳᠠᠨ ᠤ ᠰᠤᠷᠭᠠᠨ ᠬᠦᠮᠦᠵᠢᠯ ᠢ ᠲᠠᠷᠢᠬᠦᠨ ᠳᠤ ᠬᠦᠭᠵᠢᠬᠦᠯᠵᠤ᠂ ᠵᠢᠩᠬᠢᠨᠢ ᠠᠩᠬᠢ ᠳᠤ ᠤᠷᠤᠬᠤ ᠨᠤᠷᠮ᠎ᠠ | ᠪᠠ ᠨᠠᠷᠠᠳᠤ ᠰᠤᠷᠭᠠᠭᠤᠯᠢ ᠳᠤ ᠤᠷᠤᠬᠤ ᠰᠤᠷᠤᠬᠴᠢ ᠶᠢᠨ ᠲᠤᠭ᠎ᠠ ᠶᠢ ᠬᠤᠤᠰ ᠰᠢᠪᠳᠤᠯᠤᠯᠳᠠ ᠲᠠᠢ ᠪᠠᠶᠢᠯᠭᠠᠬᠤ ᠶᠢ | ᠴᠢᠷᠮᠠᠶᠢᠨ ᠪᠠᠶᠠᠯᠠᠬᠦᠯᠦᠨ᠎ᠠ᠃ ᠰᠤᠷᠭᠠᠭᠤᠯᠢ ᠶᠢᠨ ᠵᠠᠬᠢᠷᠤᠯ ᠤᠨ ᠦᠷ᠎ᠡ ᠪᠦᠳᠦᠮᠵᠢ ᠶᠢ ᠬᠠᠮᠢᠶᠠᠷᠤᠨ ᠡᠵᠡᠮᠰᠢᠬᠦ | ᠦᠨᠠᠯᠠᠯᠳᠠ ᠶᠢ ᠴᠢᠩᠭᠠᠳᠬᠠᠵᠤ᠂ ᠬᠠᠤᠯᠢ ᠪᠠᠷ ᠰᠤᠷᠭᠠᠭᠤᠯᠢ ᠶᠢ ᠵᠠᠰᠠᠬᠤ ᠠᠬᠢᠴᠠ ᠶᠢ ᠲᠦᠯᠬᠢᠨ ᠠᠬᠢᠭᠤᠯᠤᠨ᠎ᠠ᠃ | ᠪᠠᠭᠰᠢ ᠶᠢᠨ ᠡᠩᠨᠡᠭᠡ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠬᠦᠳᠡᠭᠡ ᠲᠤᠰᠬᠤᠨ ᠮᠠᠯᠵᠢᠬᠤ | ᠤᠷᠤᠨ ᠤ ᠪᠠᠭᠰᠢ ᠶᠢ 150 ᠬᠦᠮᠦᠨ ᠨᠦᠭᠦᠪᠤᠷᠢᠯᠠᠵᠤ᠂ ᠪᠠᠭᠰᠢ ᠶᠢᠨ ᠰᠤᠯᠢᠯᠴᠠᠬᠤ᠂ ᠪᠤᠯᠪᠠᠰᠤᠷᠠᠬᠤ᠂ | ᠵᠤᠷᠢᠬᠵᠢᠭᠤᠯᠬᠤ ᠵᠠᠷᠭᠡ ᠡᠯ᠎ᠡ ᠲᠦᠷᠦᠯ ᠤᠨ ᠲᠤᠬᠳᠠᠯᠴᠠᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠬᠦᠳᠠᠯᠭᠡᠬᠦ | ᠬᠦᠴᠦᠨ ᠢ ᠪᠤᠢ ᠪᠤᠯᠭᠠᠨ᠎ᠠ᠃ ᠰᠤᠷᠭᠠᠭᠤᠯᠢ ᠡᠷᠬᠢᠯᠠᠬᠦ ᠨᠦᠬᠦᠴᠠᠯ ᠢ ᠰᠠᠶᠢᠵᠢᠷᠠᠭᠤᠯᠵᠤ᠂ ᠪᠤᠷᠤᠬᠤᠳᠠ ᠨᠢᠭᠡᠳᠦᠭᠡᠷ | ᠲᠤᠮᠳᠠᠳᠤ ᠰᠤᠷᠭᠠᠭᠤᠯᠢ ᠶᠢᠨ ᠨᠤᠮ ᠤᠨ ᠰᠠᠩ ᠢ ᠰᠢᠨ᠎ᠠ ᠪᠠᠷ ᠪᠠᠶᠢᠭᠤᠯᠬᠤ᠂ ᠪᠤᠷᠤᠬᠤᠳᠠ ᠬᠤᠶᠠᠳᠤᠭᠠᠷ ᠲᠤᠮᠳᠠᠳᠤ | ᠰᠤᠷᠭᠠᠭᠤᠯᠢ᠂ ᠬᠠᠶᠢᠯᠠᠰᠤ ᠮᠤᠩᠭᠤᠯ ᠲᠤᠮᠳᠠᠳᠤ ᠰᠤᠷᠭᠠᠭᠤᠯᠢ ᠶᠢᠨ ᠦᠭᠡᠷᠠᠴᠢᠯᠠᠨ ᠪᠠᠶᠢᠭᠤᠯᠬᠤ᠂ ᠪᠤᠷᠤᠬᠤᠳᠠ | ᠨᠢᠭᠡᠳᠦᠭᠡᠷ ᠬᠡᠦᠭᠡᠳ ᠤᠨ ᠴᠡᠴᠡᠷᠯᠢᠭ ᠢ ᠨᠠᠬᠦᠯᠭᠡᠵᠤ ᠪᠠᠶᠢᠭᠤᠯᠬᠤ ᠲᠦᠷᠦᠯ ᠵᠦᠢᠯ ᠢ ᠬᠡᠷᠡᠭᠵᠢᠬᠦᠯᠵᠤ᠂ ᠪᠤᠷᠤᠬᠤᠳᠠ | ᠮᠤᠩᠭᠤᠯ ᠬᠡᠦᠭᠡᠳ ᠤᠨ ᠴᠡᠴᠡᠷᠯᠢᠭ᠂ ᠪᠤᠷᠤᠬᠤᠳᠠ ᠬᠤᠶᠠᠳᠤᠭᠠᠷ ᠬᠡᠦᠭᠡᠳ ᠤᠨ ᠴᠠᠴᠡᠷᠯᠢᠭ᠂ ᠦ᠋ ᠹᠧᠨ ᠳ᠋ᠢ ᠶᠢᠨ | ᠪᠠᠷᠢᠮᠵᠢᠶᠠᠳᠤ ᠬᠡᠦᠭᠡᠳ ᠤᠨ ᠴᠡᠴᠡᠷᠯᠢᠭ᠂ ᠬᠡᠷᠰᠡᠩ ᠤᠨ ᠬᠦᠰᠠᠯᠳᠠᠢ ᠬᠡᠦᠭᠡᠳ ᠤᠨ ᠴᠡᠴᠡᠷᠯᠢᠭ ᠤᠨ ᠬᠡᠷᠡᠭᠯᠠᠭᠡᠨ ᠳᠤ | ᠤᠷᠤᠬᠤ ᠶᠢ ᠪᠠᠳᠤᠯᠠᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ 46 ᠰᠠᠭᠤᠷᠢ ᠲᠤᠮᠳᠠᠳᠤ ᠪᠠᠭ᠎ᠠ ᠰᠤᠷᠭᠠᠭᠤᠯᠢ | ᠶᠢᠨ ᠰᠤᠷᠭᠠᠭᠤᠯᠢ ᠡᠷᠬᠢᠯᠠᠬᠦ ᠨᠦᠬᠦᠴᠠᠯ ᠢ ᠲᠠᠭᠡᠭᠰᠢᠯᠠᠬᠦᠯᠬᠦ ᠢᠨᠵᠧᠨᠧᠷᠢᠭ ᠢ ᠪᠦᠬᠦ ᠲᠠᠯ᠎ᠠ ᠪᠠᠷ ᠪᠠᠶᠠᠯᠠᠬᠦᠯᠵᠤ᠂ | ᠤᠮᠠᠷᠠᠳᠤ ᠶᠢᠨ ᠠᠵᠢᠯ ᠮᠠᠷᠭᠡᠵᠢᠯ ᠤᠨ ᠰᠤᠷᠭᠠᠭᠤᠯᠢ ᠶᠢᠨ ᠪᠤᠯᠪᠠᠰᠤᠷᠠᠯ ᠤᠨ ᠰᠠᠭᠤᠷᠢᠨ ᠭᠠᠵᠠᠷ ᠢ 9 ᠰᠠᠷ᠎ᠠ ᠳᠤ | ᠪᠠᠶᠢᠭᠤᠯᠵᠤ ᠪᠠᠷᠠᠭᠠᠳ ᠡᠵᠡᠩᠨᠠᠯᠳᠠ ᠳᠤ ᠤᠷᠤᠬᠤ ᠶᠢ ᠲᠦᠯᠬᠢᠨ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠲᠠᠩᠴᠠᠬᠦᠷᠢ ᠲᠠᠢ ᠬᠦᠭᠵᠢᠯᠳᠠ ᠶᠢᠨ ᠪᠠᠷᠢᠮᠵᠢᠶ᠎ᠠ ᠳᠤ ᠬᠦᠷᠬᠦ ᠠᠵᠢᠯ ᠢ ᠰᠠᠶᠢᠳᠤᠷ ᠬᠢᠵᠤ᠂ | ᠦᠨᠳᠦᠰᠤᠨ ᠰᠤᠷᠭᠠᠨ ᠬᠦᠮᠦᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠲᠠᠭᠡᠭᠰᠢᠯᠠᠬᠦᠯᠦᠨ᠎ᠠ᠃ | 17. ᠡᠷᠡᠬᠦᠯ ᠰᠠᠶᠢᠬᠠᠨ ᠤᠩᠨᠢᠭᠤᠳ ᠬᠤᠰᠢᠭᠤᠨ ᠤ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ | ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠭᠤᠷᠪᠠᠨ ᠱᠠᠳᠤᠨ ᠤ ᠲᠤᠤᠷ ᠰᠦᠯᠵᠢᠶ᠎ᠠ ᠶᠢ ᠲᠠᠬᠦᠯᠳᠠᠷᠵᠢᠬᠦᠯᠵᠤ᠂ ᠬᠢᠳᠡᠳ | ᠮᠤᠩᠭᠤᠯ ᠡᠮᠨᠠᠯᠭᠡ ᠶᠢᠨ ᠬᠤᠷᠢᠶᠠᠨ ᠤ ᠭᠤᠤᠯ ᠴᠤᠬᠴᠠ ᠶᠢᠨ ᠢᠨᠵᠧᠨᠧᠷᠢᠭ ᠢ ᠪᠠᠷᠠᠭᠠᠵᠤ᠂ ᠬᠤᠰᠢᠭᠤᠨ ᠤ ᠡᠮᠨᠠᠯᠭᠡ | ᠶᠢᠨ ᠬᠤᠷᠢᠶ᠎ᠠ ᠶᠢᠨ ᠭᠠᠵᠠᠷ ᠲᠠᠳᠠᠪᠤᠷᠢᠯᠠᠵᠤ ᠦᠷᠭᠡᠳᠭᠡᠨ ᠪᠠᠶᠢᠭᠤᠯᠬᠤ ᠲᠦᠷᠦᠯ ᠵᠦᠢᠯ ᠢ ᠡᠬᠢᠯᠠᠬᠦᠯᠵᠤ᠂ ᠮᠠᠤ ᠱᠠᠨ | ᠳ᠋ᠦᠩ᠂ ᠲᠸᠤ ᠳ᠋ᠤᠸᠠᠠ ᠳ᠋ᠢ᠂ ᠪᠠᠭᠠᠳᠠᠯ᠎ᠠ᠂ ᠳ᠋ᠠᠰᠢᠩ ᠤᠨ 4 ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ | ᠬᠤᠷᠢᠶ᠎ᠠ ᠶᠢ ᠰᠢᠨ᠎ᠠ ᠪᠠᠷ ᠪᠠᠶᠢᠭᠤᠯᠵᠤ᠂ ᠭᠠᠴᠠᠭ᠎ᠠ ᠲᠤᠰᠬᠤᠨ ᠤ ᠱᠠᠳᠤᠨ ᠤ ᠡᠷᠡᠬᠦᠯ ᠬᠠᠮᠠᠭᠠᠯᠠᠯ ᠤᠨ ᠬᠡᠷ ᠤᠨ | ᠡᠵᠡᠩᠨᠠᠯᠳᠠ ᠬᠠᠮᠢᠶᠠᠷᠤᠯᠳᠠ ᠶᠢ ᠰᠠᠶᠢᠳᠤᠷ ᠠᠳᠬᠤᠨ᠎ᠠ᠃ ᠦᠨᠳᠤᠰᠤᠨ ᠨᠠᠶᠢᠳᠠ ᠶᠢᠨ ᠡᠷᠡᠬᠦᠯ ᠬᠠᠮᠠᠭᠠᠯᠠᠯ ᠤᠨ | ᠤᠶᠢᠯᠠᠴᠢᠯᠡᠭᠡ ᠶᠢ ᠲᠡᠭᠰᠢ ᠬᠤᠪᠢᠶᠠᠬᠤ ᠠᠵᠢᠯ ᠢ ᠲᠦᠷᠭᠡᠳᠭᠡᠵᠤ᠂ ᠶᠠᠪᠤᠭᠤᠯ ᠬᠦᠮᠦᠨ ᠠᠮᠠ ᠶᠢᠨ ᠡᠷᠡᠬᠦᠯ ᠴᠢᠬᠢᠷᠠᠭ | ᠤᠨ ᠲᠤᠬᠠᠢ ᠰᠤᠷᠭᠠᠨ ᠬᠦᠮᠦᠵᠢᠯ᠂ ᠬᠠᠯᠳᠠᠪᠤᠷᠢᠳᠤ ᠡᠪᠡᠳᠴᠢᠨ ᠢ ᠰᠠᠷᠭᠡᠶᠢᠯᠠᠵᠤ ᠵᠠᠰᠠᠬᠤ᠂ ᠬᠡᠦᠭᠡᠳ ᠪᠠᠭᠠᠴᠤᠳ ᠤᠨ | ᠲᠠᠷᠢᠯᠭ᠎ᠠ ᠶᠢᠨ ᠠᠵᠢᠯ ᠢ ᠰᠠᠶᠢᠳᠤᠷ ᠬᠢᠵᠤ᠂ ᠪᠷᠤᠸᠢᠰᠧᠯ ᠡᠪᠡᠳᠴᠢᠨ᠂ ᠭᠠᠷ ᠬᠦᠯ ᠠᠮᠠᠨ ᠬᠦᠨᠳᠠᠢ ᠶᠢᠨ ᠡᠪᠡᠳᠴᠢᠨ | ᠵᠠᠷᠭᠡ ᠬᠢᠵᠢᠭ ᠢ ᠰᠠᠷᠭᠡᠶᠢᠯᠠᠨ ᠵᠠᠰᠠᠬᠤ ᠴᠢᠳᠠᠪᠬᠢ ᠶᠢ ᠲᠠᠭᠡᠭᠰᠢᠯᠠᠬᠦᠯᠵᠤ᠂ ᠡᠮ ᠡᠮᠨᠡᠯᠭᠡ ᠡᠷᠡᠬᠦᠯ ᠬᠠᠮᠠᠭᠠᠯᠠᠯ ᠤᠨ | ᠨᠠᠶᠢᠳᠠ ᠶᠢᠨ ᠤᠶᠢᠯᠠᠴᠢᠯᠠᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠠᠭᠡᠭᠰᠢᠯᠠᠬᠦᠯᠦᠨ᠎ᠠ᠃ ᠠᠯᠪᠠᠨ ᠠᠴᠠ | ᠪᠠᠶᠢᠭᠤᠯᠤᠬᠰᠠᠨ ᠡᠮᠨᠠᠯᠭᠡ ᠶᠢᠨ ᠬᠤᠷᠢᠶ᠎ᠠ ᠶᠢᠨ ᠦᠭᠡᠷᠡᠴᠢᠯᠠᠯᠳᠠ ᠶᠢ ᠲᠦᠷᠭᠡᠳᠭᠡᠵᠤ᠂ ᠠᠯᠪᠠᠨ ᠠᠴᠠ ᠪᠠᠶᠢᠭᠤᠯᠤᠬᠰᠠᠨ | ᠡᠮᠨᠡᠯᠭᠡ ᠶᠢᠨ ᠬᠤᠷᠢᠶᠠᠨ ᠤ ᠬᠠᠮᠢᠶᠠᠷᠤᠯᠳᠠ ᠪᠠ ᠡᠵᠡᠩᠨᠠᠯᠳᠠ ᠶᠢᠨ ᠴᠢᠳᠠᠪᠤᠷᠢ ᠶᠢ ᠲᠠᠭᠡᠭᠰᠢᠯᠠᠬᠦᠯᠦᠨ᠎ᠠ᠃ ᠡᠮᠴᠢ ᠶᠢᠨ | ᠮᠤᠷᠠᠯ ᠰᠤᠷᠳᠠᠯ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠡᠮ ᠡᠮᠨᠡᠯᠭᠡ ᠶᠢᠨ ᠵᠢᠭᠤᠷᠠᠯᠳᠤᠭᠠᠨ ᠢ | ᠰᠠᠷᠭᠡᠶᠢᠯᠠᠬᠦ ᠪᠠ ᠪᠠᠭᠠᠰᠬᠠᠨ᠎ᠠ᠃ ᠲᠦᠯᠦᠪᠯᠠᠭᠡᠳᠤ ᠦᠷᠠᠵᠢᠯ ᠤᠨ ᠦᠨᠳᠤᠰᠤᠨ ᠲᠦᠷᠦ ᠶᠢᠨ ᠪᠤᠳᠤᠯᠭ᠎ᠠ ᠶᠢ | ᠪᠠᠷᠢᠮᠳᠠᠯᠠᠵᠤ᠂ ︽ᠬᠤᠶᠠᠷ ᠪᠤᠯᠬᠤ ᠦᠭᠡᠢ︾ ᠬᠡᠷᠡᠭ ᠢ ᠪᠠᠶᠢᠴᠠᠭᠠᠵᠤ ᠡᠷᠬᠢᠯᠠᠬᠦ ᠶᠢ ᠴᠢᠩᠭ᠎ᠠ ᠠᠳᠬᠤᠵᠤ᠂ | ᠲᠦᠷᠦᠭᠰᠡᠨ ᠬᠦᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠦᠷᠬᠦᠯᠵᠢᠯᠠᠨ ᠲᠤᠷᠤᠬᠰᠢᠯᠠᠬᠤ ᠶᠢ ᠪᠠᠳᠤᠯᠠᠨ᠎ᠠ᠃ | ᠡᠮᠡᠭᠳᠡᠶᠢᠴᠤᠳ ᠬᠡᠦᠭᠡᠳ ᠪᠠᠭᠠᠴᠤᠳ᠂ ᠬᠤᠶᠢᠴᠢᠰ ᠢᠶᠠᠨ ᠬᠠᠷᠠᠭᠠᠯᠵᠠᠬᠤ ᠠᠵᠢᠯ ᠢ ᠴᠢᠬᠤᠯᠠᠴᠢᠯᠠᠨ ᠰᠠᠶᠢᠳᠤᠷ ᠬᠢᠵᠤ | ᠂ ᠵᠠᠮᠳᠡᠭ ᠬᠦᠮᠦᠨ᠂ ᠤᠯᠠᠭᠠᠨ ᠵᠠᠭᠠᠯᠮᠠᠶᠢᠳᠠᠨ᠂ ᠨᠢᠬᠦᠯᠠᠰᠤᠩᠬᠦᠢ ᠵᠠᠷᠭᠡ ᠠᠵᠢᠯ ᠤᠶᠢᠯᠠᠰ ᠢ ᠢᠳᠡᠪᠬᠢᠳᠠᠢ | ᠬᠦᠭᠵᠢᠬᠦᠯᠦᠨ᠎ᠠ᠃ | 18. ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠲᠤᠤᠷ ᠢ ᠪᠠᠬᠢᠵᠢᠬᠦᠯᠦᠨ᠎ᠠ᠃ ᠨᠠᠩ ᠢᠳᠡᠪᠬᠢᠳᠠᠢ ᠠᠵᠢᠯ | ᠤᠯᠭᠤᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠭᠤᠤᠯᠳᠠᠯᠭ᠎ᠠ ᠲᠠᠢ ᠲᠦᠷᠦᠯ ᠵᠦᠢᠯ ᠢ ᠲᠠᠳᠠᠬᠤ᠂ ᠤᠶᠢᠯᠠᠰ | ᠪᠦᠳᠦᠭᠡᠬᠦ ᠪᠠᠷ ᠲᠠᠶᠢᠴᠢᠯᠠᠬᠤ᠂ ᠨᠠᠶᠢᠳᠠ ᠶᠢᠨ ᠠᠰᠠᠷᠠᠮᠵᠢ ᠶᠢᠨ ᠴᠢᠨᠠᠷ ᠲᠠᠢ ᠠᠵᠢᠯ ᠤᠨ ᠪᠠᠶᠢᠷᠢ ᠶᠢ ᠨᠠᠬᠡᠬᠡᠬᠦ ᠵᠠᠷᠭᠡ | ᠠᠷᠭ᠎ᠠ ᠬᠡᠯᠪᠠᠷᠢ ᠶᠢ ᠬᠡᠷᠡᠭᠵᠢᠬᠦᠯᠵᠤ᠂ ᠪᠦᠬᠦ ᠵᠢᠯ ᠳᠤ ᠬᠤᠳᠠ ᠪᠠᠯᠭᠠᠰᠤ ᠶᠢᠨ ᠠᠵᠢᠯ ᠤᠯᠭᠤᠬᠰᠠᠳ 2500 | ᠬᠦᠮᠦᠨ ᠰᠢᠨ᠎ᠠ ᠪᠠᠷ ᠨᠡᠮᠡᠭᠳᠡᠵᠤ᠂ ᠬᠦᠳᠡᠭᠡ ᠲᠤᠰᠬᠤᠨ ᠮᠠᠯᠵᠢᠬᠤ ᠤᠷᠤᠨ ᠤ 6.5 ᠲᠦᠮᠠᠨ ᠬᠦᠳᠠᠯᠮᠤᠷᠢ ᠬᠦᠴᠦ ᠶᠢ | ᠰᠢᠯᠵᠢᠬᠦᠯᠵᠤ ᠠᠵᠢᠯ ᠤᠯᠭᠤᠬᠤ ᠶᠢ ᠪᠠᠶᠠᠯᠠᠬᠦᠯᠦᠨ᠎ᠠ᠃ ᠬᠦᠳᠠᠯᠮᠤᠷᠢ ᠬᠦᠴᠦ ᠬᠡᠷᠡᠭᠰᠡᠬᠦ ᠴᠢᠮᠡᠭᠡ ᠵᠠᠩᠬᠢ ᠶᠢᠨ | ᠰᠦᠯᠵᠢᠶᠠᠨ ᠲᠠᠭᠡᠷ᠎ᠡ ᠲᠠᠩᠰᠠ ᠳᠤ ᠲᠠᠮᠳᠡᠭᠯᠠᠬᠦ ᠬᠠᠮᠢᠶᠠᠷᠤᠯᠳᠠ ᠶᠢ ᠲᠠᠬᠦᠯᠳᠠᠷᠵᠢᠬᠦᠯᠵᠤ᠂ ᠬᠦᠯᠦᠰᠤᠨ ᠠᠵᠢᠯᠴᠢᠨ ᠤ | ᠴᠠᠯᠢᠩ ᠤᠨ ᠡᠳᠦᠷ ᠲᠤᠳᠤᠮ ᠤᠨ ᠬᠢᠨᠠᠨ ᠡᠵᠡᠮᠰᠢᠬᠦ ᠪᠠ ᠦᠷᠢ ᠰᠢᠷᠢ ᠶᠢ ᠢᠯᠭᠠᠷᠠᠭᠤᠯᠬᠤ ᠠᠵᠢᠯ ᠢ ᠴᠢᠩᠭᠠᠳᠬᠠᠵᠤ᠂ | ᠬᠦᠳᠠᠯᠮᠤᠷᠢᠴᠢᠳ ᠤᠨ ᠬᠠᠤᠯᠢ ᠳᠤ ᠨᠠᠶᠢᠴᠡᠭᠰᠡᠨ ᠡᠷᠭᠡ ᠠᠰᠢᠭ ᠢ ᠬᠠᠮᠠᠭᠠᠯᠠᠨ᠎ᠠ᠃ ᠬᠤᠳᠠ ᠬᠦᠳᠡᠭᠡ ᠶᠢᠨ ᠬᠠᠮᠤᠭ | ᠤᠨ ᠲᠤᠤᠷ᠎ᠠ ᠪᠠᠳᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠬᠤ ᠵᠠᠷᠭᠡ ᠡᠯ᠎ᠡ ᠲᠦᠷᠦᠯ ᠤᠨ ᠲᠦᠷᠦ ᠶᠢᠨ | ᠪᠤᠳᠤᠯᠭ᠎ᠠ ᠶᠢ ᠰᠤᠯᠠᠷᠠᠰᠢ ᠦᠭᠡᠢ ᠨᠠᠶᠢᠳᠠᠪᠤᠷᠢᠵᠢᠭᠤᠯᠵᠤ᠂ ᠬᠦᠴᠢᠷᠳᠠᠢ ᠤᠯᠠᠨ ᠲᠦᠮᠠᠨ ᠴᠠᠭ ᠲᠤᠬᠠᠢ ᠳᠤᠨᠢ | ᠬᠠᠪᠰᠤᠷᠤᠯᠭ᠎ᠠ ᠬᠦᠷᠳᠡᠬᠦ ᠶᠢ ᠪᠠᠳᠤᠯᠠᠨ᠎ᠠ᠃ ᠪᠦᠬᠦ ᠠᠷᠠᠳ ᠤᠨ ᠲᠠᠭᠠᠳᠬᠠᠯ ᠳᠤ ᠤᠷᠤᠯᠴᠠᠬᠤ ᠶᠢ ᠲᠠᠩᠰᠠᠯᠠᠬᠤ | ᠲᠦᠯᠦᠪᠯᠡᠭᠡ ᠶᠢ ᠲᠦᠯᠬᠢᠨ ᠠᠬᠢᠭᠤᠯᠵᠤ᠂ ᠨᠠᠶᠢᠭᠡᠮ ᠤᠨ ᠲᠠᠭᠠᠳᠬᠠᠯ ᠤᠨ ᠪᠦᠷᠬᠦᠴᠠ ᠶᠢ ᠦᠷᠭᠡᠳᠭᠡᠨ᠎ᠠ᠃ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠨᠢᠭᠡᠳᠦᠯᠳᠠᠢ ᠡᠮ ᠡᠮᠨᠠᠯᠭᠡ ᠲᠠᠭᠠᠳᠬᠠᠯ ᠤᠨ ᠲᠦᠷᠢᠮ ᠢ ᠪᠠᠶᠢᠭᠤᠯᠵᠤ᠂ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠪᠠᠳᠤᠯᠠᠭ᠎ᠠ ᠶᠢᠨ ᠬᠢᠷᠢ ᠲᠦᠪᠰᠢᠨ ᠲᠠᠩᠴᠠᠬᠦᠷᠢᠳᠠᠢ | ᠪᠠᠶᠢᠬᠤ ᠶᠢ ᠪᠠᠶᠠᠯᠠᠬᠦᠯᠦᠨ᠎ᠠ᠃ ᠢᠳᠡᠬᠦ ᠤᠰᠤᠨ ᠤ ᠢᠨᠵᠧᠨᠧᠷᠢᠭ 13 ᠢ ᠪᠠᠬᠢᠵᠢᠬᠦᠯᠦᠨ ᠲᠠᠭᠡᠭᠰᠢᠯᠠᠬᠦᠯᠵᠤ᠂ 3278 | ᠬᠦᠮᠦᠨ ᠤ ᠢᠳᠠᠬᠦ ᠤᠰᠤᠨ ᠤ ᠠᠮᠦᠷ ᠲᠦᠪᠰᠢᠨ ᠤ ᠠᠰᠠᠭᠤᠳᠠᠯ ᠢ ᠰᠢᠢᠳᠪᠤᠷᠢᠯᠠᠨ᠎ᠠ᠃ 1255 ᠡᠷᠦᠭᠡ ᠬᠤᠳᠠ | ᠶᠢᠨ ᠪᠠᠶᠢᠰᠢᠩ ᠬᠡᠷ ᠤᠨ ᠲᠤᠭᠤᠷᠢᠭ ᠢ ᠦᠭᠡᠷᠠᠴᠢᠯᠠᠵᠤ᠂ ᠵᠤᠭᠤᠰ ᠢᠶᠠᠷ ᠰᠢᠭᠤᠳ ᠨᠤᠭᠤᠯᠤᠨ ᠪᠤᠳᠤᠵᠤ 1800 | ᠬᠡᠷ ᠲᠦᠪᠬᠢᠨᠠᠬᠦᠯᠬᠦ ᠶᠢ ᠬᠡᠷᠡᠭᠵᠢᠬᠦᠯᠦᠨ᠎ᠠ᠃ ᠰᠤᠶᠤᠯ ᠢ ᠬᠦᠳᠡᠭᠡ ᠳᠤ ᠬᠦᠷᠭᠡᠬᠦ ᠠᠵᠢᠯᠯᠠᠭ᠎ᠠ ᠶᠢ 100 ᠤᠳᠠᠭ᠎ᠠ | ᠠᠴᠠ ᠲᠠᠭᠡᠭᠰᠢ ᠦᠷᠨᠢᠬᠦᠯᠵᠤ᠂ ᠤᠯᠠᠨ ᠲᠦᠮᠠᠨ ᠤ ᠡᠳᠦᠷ ᠢᠷᠠᠬᠦᠶ᠎ᠠ ᠨᠠᠮᠡᠭᠳᠡᠵᠤ ᠪᠠᠶᠢᠭ᠎ᠠ ᠤᠶᠤᠨ ᠤᠬᠠᠭᠠᠨ ᠰᠤᠶᠤᠯ | ᠤᠨ ᠬᠡᠷᠡᠭᠴᠡᠭᠡ ᠶᠢ ᠬᠠᠩᠭᠠᠨ᠎ᠠ᠃ | ᠳᠣᠯᠤᠭ᠎ᠠ᠂ ᠥᠭᠡᠷᠡᠴᠢᠯᠡᠯᠳᠡ ᠬᠢᠵᠦ ᠴᠢᠯᠥᠭᠡᠲᠠᠢ ᠶᠠᠪᠤᠯᠴᠠᠬᠤ ᠶᠢ ᠭᠦᠨᠵᠡᠭᠡᠢ ᠳᠦᠯᠬᠢᠨ ᠠᠬᠢᠭᠤᠯᠤᠨ᠎ᠠ | ᠨᠡᠩ ᠢᠯᠡᠭᠦᠦ ᠭᠤᠶᠢᠪᠢᠰᠢ ᠦᠭᠡᠢ ᠡᠷᠡᠰ ᠵᠣᠷᠢᠭ ᠢᠶᠠᠷ ᠥᠭᠡᠷᠡᠴᠢᠯᠡᠯᠳᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠨᠡᠩ ᠢᠯᠡᠭᠦᠦ ᠠᠭᠤᠳᠠᠮ ᠪᠠᠭᠳᠠᠭᠠᠮᠵᠢᠳᠠᠢ ᠪᠠᠷ ᠪᠦᠬᠦ ᠲᠠᠯ᠎ᠠ ᠪᠠᠷ ᠭᠠᠳᠠᠭᠠᠳᠤ ᠲᠠᠢ ᠴᠢᠯᠥᠭᠡᠳᠠᠢ | ᠶᠠᠪᠤᠯᠴᠠᠵᠤ᠂ ᠠᠵᠤ ᠠᠬᠤᠢ ᠶᠢᠨ ᠬᠦᠭᠵᠢᠯᠳᠡ ᠶᠢᠨ ᠬᠦᠳᠡᠯᠭᠡᠬᠦ ᠬᠦᠴᠦᠨ ᠪᠠ ᠢᠳᠡᠪᠬᠢ ᠬᠦᠴᠦᠨ ᠢ ᠳᠠᠰᠤᠷᠠᠯᠳᠠ | ᠦᠭᠡᠢ ᠴᠢᠩᠭᠠᠳᠬᠠᠨ᠎ᠠ᠃ | 19. ᠭᠤᠤᠯᠳᠠᠯᠭ᠎ᠠ ᠲᠠᠢ ᠣᠷᠤᠨ ᠬᠡᠪᠴᠢᠶᠡᠨ ᠳᠠᠬᠢ ᠥᠭᠡᠷᠡᠴᠢᠯᠡᠯᠳᠡ ᠶᠢ ᠢᠳᠡᠪᠬᠢᠳᠠᠢ ᠯᠠᠪᠳᠠᠭᠤᠨ ᠢᠶᠠᠷ | ᠲᠦᠯᠬᠢᠨ ᠠᠬᠢᠭᠤᠯᠤᠨ᠎ᠠ᠃ ᠲᠠᠭᠡᠳᠤ ᠱᠠᠳᠤᠨ ᠤ ᠱᠠᠭᠠᠷᠳᠠᠯᠭ᠎ᠠ ᠶᠤᠰᠤᠭᠠᠷ ︽ᠲᠠᠯᠪᠢᠵᠤ ᠬᠠᠮᠢᠶᠠᠷᠬᠤ ᠦᠢᠯᠠᠴᠢᠯᠠᠬᠦ︾ | ᠦᠭᠡᠷᠠᠴᠢᠯᠠᠯᠳᠠ ᠶᠢ ᠬᠦᠨᠵᠡᠭᠡᠶᠢᠷᠠᠬᠦᠯᠵᠤ᠂ ᠬᠠᠷᠢᠴᠠᠩᠭᠤᠢ ᠪᠠᠷ ᠲᠦᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ | ᠤᠨ ᠡᠷᠬᠡ ᠶᠢᠨ ᠥᠭᠡᠷᠡᠴᠢᠯᠡᠯᠳᠡ ᠶᠢᠨ ᠳᠤᠷᠰᠢᠯᠳᠠ ᠶᠢᠨ ᠴᠡᠭ ᠤᠨ ᠠᠵᠢᠯ ᠢ ᠰᠠᠶᠢᠳᠤᠷ ᠬᠢᠵᠦ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠯ ᠤᠨ ᠳᠤᠪᠴᠢᠶ᠎ᠠ ᠶᠢ ᠵᠤᠬᠢᠶᠠᠨ ᠪᠠᠶᠢᠭᠤᠯᠵᠤ᠂ ᠤᠩᠨᠢᠭᠤᠳ ᠢᠶᠠᠨ ᠲᠥᠷᠥᠯ ᠵᠦᠢᠯ ᠬᠠᠮᠤᠭ | ᠪᠠᠭ᠎ᠠ᠂ ᠡᠬᠡ ᠦᠷᠳᠡᠭ ᠬᠠᠮᠤᠭ ᠳᠤᠤᠷ᠎ᠠ᠂ ᠠᠰᠢᠭᠯᠠᠮᠵᠢ ᠬᠠᠮᠤᠭ ᠦᠨᠳᠦᠷ᠂ ᠦᠢᠯᠡᠴᠢᠯᠡᠭᠡ ᠬᠠᠮᠤᠭ ᠰᠢᠯᠢᠳᠡᠭ | ᠬᠤᠰᠢᠭᠤ ᠪᠤᠯᠭᠠᠬᠤ ᠪᠠᠷ ᠬᠦᠴᠦᠯᠡᠨ ᠴᠢᠷᠮᠠᠶᠢᠨ᠎ᠠ᠃ ᠢᠨᠵᠧᠨᠧᠷᠢᠭ ᠤᠨ ᠪᠦᠳᠦᠭᠡᠨ ᠪᠠᠶᠢᠭᠤᠯᠤᠯᠳᠠ ᠶᠢᠨ ᠲᠦᠷᠦᠯ | ᠵᠦᠢᠯ ᠤᠨ ᠪᠠᠷᠢᠯᠭ᠎ᠠ ᠶᠢᠨ ᠲᠠᠭᠠᠭᠠᠴᠢᠯᠠᠯᠳᠠ ᠡᠯᠰᠠᠬᠦ᠂ ᠭᠠᠵᠠᠷ ᠰᠢᠷᠦᠢ ᠶᠢᠨ ᠬᠡᠷᠡᠭᠯᠠᠬᠦ ᠡᠷᠭᠡ ᠪᠠ ᠠᠭᠤᠷᠬᠠᠢ | ᠦᠮᠴᠢᠯᠠᠬᠦ ᠡᠷᠭᠡ ᠶᠢ ᠬᠤᠳᠠᠯᠳᠤᠬᠤ᠂ ᠤᠯᠤᠰ ᠤᠨ ᠦᠮᠴᠢᠯᠠᠯᠳᠤ ᠡᠳ᠋ ᠬᠦᠷᠦᠩᠭᠡ ᠶᠢᠨ ᠦᠮᠴᠢᠯᠠᠬᠦ ᠡᠷᠭᠡ ᠶᠢᠨ | ᠠᠷᠠᠯᠵᠢᠶ᠎ᠠ᠂ ᠵᠠᠰᠠᠭ ᠤᠨ ᠤᠷᠳᠤᠨ ᠤ ᠬᠤᠳᠠᠯᠳᠤᠨ ᠠᠪᠬᠤ ᠠᠷᠠᠯᠵᠢᠶ᠎ᠠ ᠶᠢ ᠨᠠᠶᠢᠳᠠ ᠶᠢᠨ ᠡᠬᠢ ᠪᠠᠶᠠᠯᠢᠭ ᠤᠨ | ᠠᠷᠠᠯᠵᠢᠶᠠᠨ ᠤ ᠲᠠᠪᠴᠠᠩ ᠳᠤ ᠤᠷᠤᠭᠤᠯᠤᠨ ᠨᠢᠭᠡᠳᠦᠯᠳᠠᠢ ᠬᠠᠮᠢᠶᠠᠷᠴᠤ᠂ ᠠᠷᠠᠯᠵᠢᠶᠠᠨ ᠤ ᠤᠶᠢᠯᠠ ᠠᠵᠢᠯᠯᠠᠭ᠎ᠠ | ᠦᠨᠳᠤᠷ ᠪᠦᠳᠦᠮᠵᠢᠳᠠᠢ ᠲᠦᠷᠢᠮᠵᠢᠬᠦᠨ ᠶᠠᠪᠤᠬᠳᠠᠬᠤ ᠶᠢ ᠬᠠᠤᠯᠢ ᠶᠤᠰᠤᠭᠠᠷ ᠲᠦᠯᠬᠢᠨ ᠠᠬᠢᠭᠤᠯᠤᠨ᠎ᠠ᠃ ᠠᠯᠪᠠᠨ | ᠺᠠᠷᠲ ᠶᠢᠨ ᠥᠭᠡᠷᠡᠴᠢᠯᠡᠯᠳᠡ ᠶᠢ ᠪᠦᠬᠦ ᠲᠠᠯ᠎ᠠ ᠪᠠᠷ ᠬᠡᠷᠡᠭᠵᠢᠭᠦᠯᠵᠦ ︽ᠠᠯᠪᠠᠨ ᠤ ᠭᠤᠷᠪᠠᠨ︾ ᠵᠠᠷᠤᠳᠠᠯ ᠢ ᠴᠢᠩᠭ᠎ᠠ | ᠬᠢᠵᠠᠭᠠᠷᠯᠠᠵᠤ᠂ ᠵᠠᠰᠠᠭ ᠵᠠᠬᠢᠷᠭᠠᠨ ᠤ ᠡᠬᠡ ᠥᠷᠳᠡᠭ ᠢ ᠳᠤᠷᠤᠭᠰᠢᠯᠠᠭᠤᠯᠬᠤ ᠬᠡᠷᠡᠭᠳᠠᠢ᠃ ᠵᠠᠰᠠᠭ ᠤᠨ ᠣᠷᠳᠤᠨ ᠤ | ᠥᠷᠢ ᠰᠢᠷᠢ ᠶᠢᠨ ᠲᠦᠭᠰᠢᠭᠦᠷᠢ ᠶᠢ ᠦᠨᠡᠯᠡᠨ ᠵᠢᠱᠢᠬᠦ ᠳᠤᠭᠳᠠᠴᠠ ᠶᠢ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ | ᠭᠦᠢᠯᠭᠡᠭᠡᠨ ᠤ ᠪᠡᠯᠡ ᠮᠦᠩᠭᠦ ᠶᠢ ᠵᠢᠭᠡᠯᠡᠬᠦ ᠪᠤᠴᠠᠭᠠᠬᠤ ᠲᠥᠯᠥᠪᠯᠡᠭᠡ ᠶᠢ ᠳᠤᠭᠳᠠᠭᠠᠵᠤ᠂ ᠥᠷᠢ ᠰᠢᠷᠢ ᠶᠢᠨ | ᠲᠦᠭᠰᠢᠭᠦᠷᠢ ᠶᠢ ᠦᠨᠡᠨᠬᠦ ᠰᠠᠷᠭᠡᠶᠢᠯᠠᠨ᠎ᠠ᠃ ᠰᠢᠨ᠎ᠠ ᠬᠡᠯᠪᠠᠷᠢ ᠶᠢᠨ ᠨᠠᠰᠤᠳᠠᠨ ᠢ ᠠᠰᠠᠷᠠᠬᠤ ᠤᠶᠢᠯᠠᠰ ᠢ ᠢᠳᠡᠪᠬᠢᠳᠠᠢ | ᠬᠦᠭᠵᠢᠬᠦᠯᠵᠤ᠂ ᠠᠯᠪᠠᠨ ᠠᠴᠠ ᠡᠷᠬᠢᠯᠡᠭᠰᠡᠨ ᠨᠠᠰᠤᠳᠠᠨ ᠢ ᠲᠦᠪᠯᠠᠷᠠᠬᠦᠯᠵᠤ ᠠᠰᠠᠷᠠᠬᠤ᠂ ᠬᠤᠪᠢ ᠶᠢᠨ ᠡᠵᠡᠩᠨᠡᠭᠰᠡᠨ | ᠨᠠᠰᠤᠳᠠᠨ ᠢ ᠠᠰᠠᠷᠠᠬᠤ᠂ ᠬᠦᠳᠡᠭᠡ ᠲᠤᠰᠬᠤᠨ ᠮᠠᠯᠵᠢᠬᠤ ᠤᠷᠤᠨ ᠤ ᠵᠤᠯ ᠵᠢᠷᠭᠠᠯᠳᠤ ᠬᠦᠷᠢᠶᠠᠯᠠᠩ᠂ ᠨᠠᠶᠢᠭᠡᠮ | ᠲᠤᠭᠤᠷᠢᠭ ᠤᠨ ᠠᠰᠠᠷᠠᠵᠤ ᠬᠠᠮᠠᠭᠠᠯᠠᠬᠤ ᠲᠦᠪ ᠢ ᠨᠢᠭᠡᠳᠭᠡᠭᠰᠡᠨ ᠨᠠᠶᠢᠭᠡᠮ ᠤᠨ ᠨᠠᠰᠤᠳᠠᠨ ᠢ ᠠᠰᠠᠷᠠᠬᠤ ᠰᠢᠰᠲ᠋ᠧᠮ | ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠠ᠃ ᠤᠯᠤᠰ ᠤᠨ ᠥᠮᠴᠢᠯᠡᠯᠳᠦ ᠣᠢ ᠰᠢᠭᠤᠢ ᠶᠢᠨ ᠲᠠᠯᠠᠪᠤᠷ ᠤᠨ | ᠥᠭᠡᠷᠡᠴᠢᠯᠡᠯᠳᠡ᠂ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠥᠭᠡᠷᠡᠴᠢᠯᠡᠯᠳᠡ ᠶᠢᠨ ᠳᠤᠷᠰᠢᠯᠳᠠ ᠶᠢᠨ ᠴᠡᠭ ᠤᠨ | ᠠᠵᠢᠯ ᠢ ᠯᠠᠪᠳᠠᠭᠤᠨ ᠢᠶᠠᠷ ᠳᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠤᠨ ᠤ ᠭᠠᠵᠠᠷ ᠰᠢᠷᠤᠢ ᠶᠢ | ᠳᠠᠭᠠᠭᠠᠴᠢᠯᠠᠬᠤ ᠡᠷᠬᠡ ᠶᠢ ᠳᠤᠭᠳᠠᠭᠠᠵᠤ ᠳᠠᠩᠰᠠᠯᠠᠵᠤ ᠳᠠᠷᠬᠠᠭᠠᠬᠤ ᠡᠭᠦᠷᠭᠡ ᠶᠢ ᠪᠠᠷᠠᠭᠠᠨ᠎ᠠ᠃ | 20. ᠡᠳ᠋ ᠤᠨ ᠵᠠᠰᠠᠭ ᠭᠠᠶᠢᠯᠢ ᠮᠦᠩᠭᠦᠨ ᠭᠦᠢᠯᠭᠡᠭᠡᠨ ᠤ ᠠᠵᠢᠯ ᠢ ᠰᠠᠶᠢᠳᠤᠷ ᠠᠳᠬᠤᠨ᠎ᠠ᠃ ᠡᠳ᠋ ᠤᠨ | ᠢᠷᠡᠯᠳᠡ ᠶᠢᠨ ᠪᠥᠲᠥᠭᠡᠨ ᠪᠠᠶᠢᠭᠤᠯᠤᠯᠳᠠ ᠶᠢ ᠴᠢᠩᠭᠠᠳᠬᠠᠵᠤ᠂ ᠠᠠ ᠴᠢ ᠢᠰᠭᠡᠬᠦᠷ᠂ ᠮᠤ᠋ ᠡᠾᠧ ᠤᠰᠤ ᠠᠷᠪᠢᠯᠠᠬᠤ | ᠂ ᠵᠦᠩ ᠳ᠋ᠢᠶᠠᠨ ᠲᠸᠤ ᠰᠠᠯᠬᠢᠨ ᠴᠠᠬᠢᠯᠭᠠᠨ ᠵᠡᠷᠭᠡ ᠭᠤᠤᠯᠳᠠᠯᠭ᠎ᠠ ᠲᠠᠢ ᠭᠠᠶᠢᠯᠢ ᠲᠤᠰᠢᠶᠠᠬᠤ ᠠᠵᠤ ᠠᠬᠤᠶᠢᠯᠠᠯ ᠢ | ᠶᠡᠬᠡᠪᠡᠷ ᠰᠠᠶᠢᠳᠤᠷ ᠬᠢᠵᠦ᠂ ᠤᠳᠤ ᠶᠢᠨ ᠪᠠᠶᠢᠭ᠎ᠠ ᠡᠳ᠋ ᠤᠨ ᠰᠤᠷᠪᠤᠯᠵᠢ ᠶᠢ ᠪᠠᠳᠤᠳᠬᠠᠨ᠎ᠠ᠃ ᠨᠡᠶᠢᠳᠡ ᠶᠢᠨ ᠪᠤᠰᠤ | ᠠᠵᠤ ᠠᠬᠤᠶᠢᠯᠠᠯ ᠢ ᠶᠡᠭᠡ ᠬᠦᠴᠦᠨ ᠢᠶᠠᠷ ᠬᠦᠭᠵᠢᠭᠦᠯᠵᠦ᠂ ᠭᠠᠶᠢᠯᠢ ᠲᠤᠰᠢᠶᠠᠬᠤ ᠭᠤᠤᠯ ᠴᠤᠭᠴᠠ ᠶᠢ ᠰᠢᠨ᠎ᠡ ᠪᠠᠷ | ᠪᠣᠶᠢᠵᠢᠭᠤᠯᠤᠨ᠎ᠠ᠃ ᠳᠡᠭᠡᠳᠦ ᠱᠠᠳᠤᠨ ᠤ ᠰᠢᠯᠵᠢᠭᠦᠯᠦᠨ ᠦᠭᠬᠦ ᠪᠡᠯᠡ ᠮᠦᠩᠭᠦ ᠶᠢ ᠢᠳᠡᠪᠬᠢᠳᠠᠢ ᠲᠡᠮᠡᠴᠡᠨ ᠣᠯᠵᠣ᠂ | ᠣᠷᠤᠨ ᠨᠤᠲᠤᠭ ᠤᠨ ᠬᠡᠷᠡᠭᠯᠡᠵᠦ ᠪᠤᠯᠬᠤ ᠡᠳ᠋ ᠤᠨ ᠬᠦᠴᠦᠨ ᠢ ᠨᠡᠮᠡᠭᠳᠡᠬᠦᠯᠦᠨ᠎ᠠ᠃ ᠭᠠᠶᠢᠯᠢ ᠶᠢᠨ ᠰᠤᠷᠪᠤᠯᠵᠢ ᠶᠢ | ᠪᠠᠶᠢᠴᠠᠭᠠᠬᠤ ᠶᠢ ᠴᠢᠩᠭᠠᠳᠬᠠᠵᠤ᠂ ᠭᠤᠭᠤᠵᠢᠵᠤ ᠭᠡᠭᠡᠭᠳᠡᠬᠦ ᠶᠢ ᠴᠢᠩᠭ᠎ᠠ ᠰᠡᠷᠭᠡᠶᠢᠯᠡᠵᠦ ᠬᠤᠷᠢᠶᠠᠬᠤ ᠪᠦᠬᠦᠨ ᠢ ᠵᠠᠪᠠᠯ | ᠬᠤᠷᠢᠶᠠᠨ᠎ᠠ᠃ 4 ᠳ᠋ᠦᠩᠰᠢᠭᠤᠷ ᠲᠦᠬᠦᠷᠢᠭ ᠤᠯᠤᠰ ᠤᠨ ᠦᠮᠴᠢᠯᠠᠯᠳᠤ ᠡᠳ᠋ ᠬᠦᠷᠦᠩᠭᠡ ᠶᠢ ᠠᠮᠢᠯᠠᠭᠤᠯᠵᠤ᠂ ᠡᠳ᠋ | ᠬᠥᠷᠥᠩᠭᠡ ᠶᠢᠨ ᠢᠷᠡᠯᠳᠡ ᠶᠢᠨ ᠨᠢᠭᠤᠭᠳᠠᠮᠠᠯ ᠬᠦᠴᠦᠨ ᠢ ᠣᠯᠠᠮ ᠨᠢᠭᠡ ᠠᠯᠬᠤᠮ ᠢᠯᠡᠷᠡᠭᠦᠯᠦᠨ᠎ᠡ᠃ ᠭᠠᠶᠢᠯᠢ ᠪᠤᠰᠤ | ᠣᠷᠤᠯᠭ᠎ᠠ ᠶᠢᠨ ᠬᠢᠨᠠᠨ ᠬᠠᠮᠢᠶᠠᠷᠤᠯᠳᠠ ᠶᠢ ᠰᠠᠶᠢᠳᠤᠷ ᠠᠳᠬᠤᠵᠤ᠂ ᠬᠤᠷᠢᠶᠠᠨ ᠠᠪᠬᠤ ᠬᠠᠮᠢᠶᠠᠷᠤᠯᠳᠠ ᠶᠢᠨ ᠠᠯᠳᠠᠰᠢ | ᠶᠢ ᠬᠤᠷᠢᠬᠯᠠᠵᠤ᠂ ᠬᠠᠤᠯᠢ ᠶᠤᠰᠤᠭᠠᠷ ᠪᠦᠬᠦ ᠲᠤᠭ᠎ᠠ ᠪᠠᠷ ᠬᠤᠷᠢᠶᠠᠬᠤ ᠶᠢ ᠪᠠᠶᠠᠯᠠᠬᠦᠯᠵᠤ᠂ ᠡᠳ᠋ ᠤᠨ ᠵᠠᠰᠠᠭ ᠤᠨ | ᠪᠠᠯᠠ ᠮᠦᠩᠬᠦ ᠪᠠᠶᠢᠭᠤᠯᠤᠯ ᠤᠨ ᠭᠠᠳᠠᠨ᠎ᠠ ᠡᠷᠬᠢᠯᠳᠤᠬᠦ ᠶᠢ ᠡᠷᠡᠰ ᠰᠠᠷᠭᠡᠶᠢᠯᠠᠨ᠎ᠠ᠃ ᠵᠠᠷᠤᠯᠭ᠎ᠠ ᠶᠢᠨ ᠪᠥᠲᠥᠴᠡ ᠶᠢ | ᠰᠢᠯᠢᠳᠡᠭᠵᠢᠭᠦᠯᠵᠦ᠂ ᠠᠯᠢᠪᠠ ᠣᠷᠤᠯᠭ᠎ᠠ ᠵᠠᠷᠤᠯᠭ᠎ᠠ ᠶᠢ ᠳᠥᠰᠥᠪ ᠲᠤ ᠣᠷᠤᠭᠤᠯᠬᠤ ᠬᠠᠮᠢᠶᠠᠷᠤᠯᠳᠠ ᠶᠢ | ᠬᠡᠷᠡᠭᠵᠢᠭᠦᠯᠦᠨ᠎ᠡ᠃ ᠡᠩ ᠤᠨ ᠴᠢᠨᠠᠷᠳᠠᠢ ᠵᠠᠷᠤᠯᠭ᠎ᠠ ᠶᠢ ᠪᠠᠭᠠᠰᠬᠠᠵᠤ ᠠᠷᠠᠳ ᠤᠨ ᠠᠮᠢᠳᠤᠷᠠᠯ ᠳᠠᠬᠢ ᠤᠷᠤᠭᠤᠯᠤᠯᠳᠠ | ᠶᠢ ᠨᠠᠮᠠᠬᠦ ᠠᠴᠠ ᠪᠢᠰᠢ ᠬᠠᠰᠤᠬᠤ ᠦᠭᠡᠢ ᠶᠢ ᠦᠨᠠᠩᠬᠦ ᠪᠠᠳᠤᠯᠠᠨ᠎ᠠ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ | ᠪᠠᠳᠤ ᠶᠢ ᠴᠢᠩᠭ᠎ᠠ ᠰᠠᠬᠢᠵᠤ᠂ ᠡᠳ᠋ ᠤᠨ ᠵᠠᠰᠠᠭ ᠤᠨ ᠪᠡᠯᠡ ᠮᠦᠩᠭᠦ ᠠᠮᠤᠷ ᠲᠦᠪᠰᠢᠨ ᠡᠷᠭᠢᠯᠳᠦᠬᠦ ᠶᠢ ᠪᠠᠳᠤᠯᠠᠨ᠎ᠠ᠃ | ᠪᠡᠯᠡ ᠣᠷᠤᠭᠤᠯᠬᠤ ᠠᠷᠭ᠎ᠠ ᠬᠡᠯᠪᠡᠷᠢ ᠶᠢ ᠰᠢᠨᠠᠴᠢᠯᠠᠨᠠ᠃ PPP ᠪᠡᠯᠡ ᠴᠤᠭᠯᠠᠭᠤᠯᠬᠤ ᠵᠠᠭᠪᠤᠷ ᠢ ᠳᠡᠯᠭᠡᠷᠡᠭᠦᠯᠵᠦ᠂ | ᠨᠡᠶᠢᠭᠡᠮ ᠤᠨ ᠪᠡᠯᠡ ᠮᠦᠩᠭᠦ ᠶᠢ ᠳᠠᠳᠠᠵᠤ ᠪᠦᠬᠦ ᠬᠡᠪᠴᠢᠶ᠎ᠠ ᠶᠢᠨ ᠵᠤᠭᠠᠴᠠᠯ᠂ ᠦᠨᠳᠤᠰᠤᠨ ᠲᠦᠬᠦᠭᠡᠷᠦᠮᠵᠢ ᠵᠠᠷᠭᠡ | ᠲᠥᠷᠥᠯ ᠵᠦᠢᠯ ᠤᠨ ᠪᠥᠲᠥᠭᠡᠨ ᠪᠠᠶᠢᠭᠤᠯᠤᠯᠳᠠ ᠳᠤ ᠣᠷᠤᠯᠴᠠᠭᠤᠯᠤᠨ᠎ᠠ᠃ ᠤᠯᠤᠰ ᠤᠨ ᠨᠡᠭᠡᠭᠡᠯᠳᠡ ᠶᠢᠨ ᠪᠠᠩᠬᠢ᠂ | ᠲᠠᠷᠢᠶᠠᠯᠠᠩ ᠤᠨ ᠬᠦᠭᠵᠢᠭᠦᠯᠦᠯᠳᠡ ᠶᠢᠨ ᠪᠠᠩᠬᠢ ᠵᠡᠷᠭᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠷᠢᠯᠴᠠᠬᠤ | ᠪᠠᠨ ᠴᠢᠩᠭᠠᠳᠬᠠᠵᠤ᠂ ᠬᠤᠳᠠ ᠶᠢ ᠲᠤᠭᠤᠷᠢᠭᠰᠡᠨ ᠠᠵᠤ ᠦᠢᠯᠡᠰ ᠤᠨ ᠪᠦᠰᠡ ᠶᠢᠨ ᠰᠠᠭᠤᠷᠢ ᠲᠥᠬᠦᠭᠡᠷᠦᠮᠵᠢ᠂ | ᠨᠡᠶᠢᠭᠡᠮ ᠤᠨ ᠠᠵᠢᠯ ᠦᠢᠯᠡᠰ ᠵᠡᠷᠭᠡ ᠬᠠᠷᠢᠶᠠᠨ ᠳᠤ ᠬᠠᠮᠳᠤᠷᠠᠯᠴᠠᠭ᠎ᠠ ᠶᠢ ᠴᠢᠷᠮᠠᠶᠢᠨ ᠥᠷᠨᠢᠭᠦᠯᠦᠨ᠎ᠡ᠃ ᠠᠵᠤ | ᠠᠬᠤᠶᠢᠯᠠᠯ ᠵᠠᠬ᠎ᠠ ᠳᠡᠯᠭᠡᠭᠦᠷ ᠲᠤ ᠭᠠᠷᠴᠤ ᠪᠡᠯᠡ ᠴᠤᠭᠯᠠᠭᠤᠯᠬᠤ ᠶᠢ ᠳᠡᠮᠵᠢᠵᠦ᠂ ᠯᠢᠩ ᡁᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠮᠧᠩ ᠳ᠋ᠦ᠋ ᠬᠤᠨᠢᠨ ᠤ ᠦᠢᠯᠡᠰ᠂ ᠯᠥᠩ ᠬᠦ᠋ ᠵᠤᠭᠠᠴᠠᠯ ᠤᠨ ᠺᠤᠮᠫᠠᠨᠢ ᠶᠢᠨ ᠵᠥᠩ ᠰᠢᠶᠤᠤ | ᠪᠠᠨ ᠵᠠᠬ᠎ᠠ ᠳᠡᠯᠭᠡᠭᠦᠷ ᠲᠤ ᠭᠠᠷᠬᠤ ᠶᠢ ᠳᠥᠷᠭᠡᠳᠬᠡᠵᠦ᠂ ᠯᠥᠩ ᠰᠢᠶᠠᠩ ᠬᠠᠰ ᠤᠨ ᠬᠡᠷᠡᠭᠰᠡᠯ᠂ ᠬᠤᠸᠠ ᠶᠤᠸᠠᠨ | ᠠᠷᠢᠬᠢᠨ ᠦᠢᠯᠡᠰ᠂ ᠰᠠᠨ ᠯᠢᠤᠢ ᠺᠤᠮᠫᠠᠨᠢ ᠶᠢᠨ ᠰᠢᠨ ᠰᠠᠨ ᠪᠠᠨ ᠵᠠᠬ᠎ᠠ ᠳᠡᠯᠭᠡᠭᠦᠷ ᠲᠤ ᠭᠠᠷᠴᠤ ᠪᠡᠯᠡ ᠴᠤᠭᠯᠠᠭᠤᠯᠬᠤ | ᠶᠢ ᠳᠦᠯᠬᠢᠨ ᠠᠬᠢᠭᠤᠯᠤᠨ᠎ᠠ᠃ ᠵᠠᠬ᠎ᠠ ᠲᠠᠯᠭᠡᠬᠦᠷ ᠲᠤ ᠭᠠᠷᠬᠤ ᠲᠦᠷᠦ ᠶᠢᠨ ᠪᠤᠳᠤᠯᠭ᠎ᠠ ᠤᠯᠤᠰ ᠤᠨ ᠶᠠᠳᠠᠭᠤ | ᠬᠦᠴᠢᠷᠳᠠᠢ ᠰᠢᠶᠠᠨ ᠳᠤ ᠬᠡᠯᠪᠠᠶᠢᠬᠦ ᠵᠠᠪᠰᠢᠶᠠᠨ ᠢ ᠠᠰᠢᠬᠯᠠᠵᠤ᠂ ᠵᠠᠬ᠎ᠠ ᠲᠠᠯᠭᠡᠬᠦᠷ ᠲᠤ ᠭᠠᠷᠬᠤ ᠪᠠᠷ ᠪᠤᠯᠤᠬᠰᠠᠨ | ᠺᠤᠮᠫᠠᠨᠢ ᠶᠢ ᠤᠩᠨᠢᠭᠤᠳ ᠬᠤᠰᠢᠭᠤᠨ ᠳᠤ ᠢᠳᠡᠪᠬᠢᠳᠠᠢ ᠤᠷᠤᠭᠤᠯᠵᠤ᠂ ᠱᠠᠩᠨᠠᠬᠤ ᠲᠦᠷᠦ ᠶᠢᠨ ᠪᠤᠳᠤᠯᠭ᠎ᠠ ᠶᠢ | ᠨᠠᠶᠢᠳᠠᠯᠠᠵᠤ ᠬᠡᠷᠡᠭᠵᠢᠬᠦᠯᠦᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠪᠤᠳᠠᠳᠤ ᠴᠤᠭᠴᠠ ᠶᠢᠨ ᠠᠵᠤ | ᠠᠬᠤᠢ ᠶᠢ ᠳᠡᠮᠵᠢᠬᠦ ᠬᠦᠴᠦᠨ ᠢᠶᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠵᠢᠭᠡᠯᠡᠯᠭᠡ ᠶᠢᠨ ᠵᠤᠭᠤᠰ ᠤᠨ ᠦᠯᠡᠳᠡᠪᠤᠷᠢ | ᠲᠤᠭ᠎ᠠ ᠶᠢ 80 ᠳ᠋ᠥᠩᠰᠢᠭᠤᠷ ᠲᠦᠭᠦᠷᠢᠭ ᠲᠠᠪᠠᠭᠤᠯᠬᠤ ᠪᠠᠷ ᠴᠢᠷᠮᠠᠶᠢᠨ᠎ᠠ᠃ | 21. ᠠᠷᠠᠯᠵᠢᠶᠠᠴᠢᠨ ᠤᠷᠢᠵᠤ ᠪᠡᠯᠡ ᠣᠷᠤᠭᠤᠯᠬᠤ ᠶᠢ ᠪᠦᠬᠦ ᠬᠦᠴᠦᠨ ᠢᠶᠠᠷ ᠥᠷᠨᠢᠭᠦᠯᠦᠨ᠎ᠡ᠃ | ᠠᠷᠠᠯᠵᠢᠶᠠᠴᠢᠨ ᠤᠷᠢᠵᠤ ᠪᠡᠯᠡ | ᠣᠷᠤᠭᠤᠯᠬᠤ ᠠᠵᠢᠯᠯᠠᠭ᠎ᠠ ᠶᠢᠨ ᠲᠥᠯᠥᠪᠯᠡᠭᠡ ᠶᠢ ᠳᠤᠭᠳᠠᠭᠠᠵᠤ᠂ ᠪᠡᠭᠡᠵᠢᠩ᠂ ᠲᠢᠶᠠᠨᠵᠢᠨ᠂ ᠡᠾᠧᠪᠸᠢ᠂ ᠬᠦᠬᠡᠮᠦ᠋ᠷᠠᠨ | ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ ᠴᠢᠬᠤᠯᠠ ᠭᠠᠵᠠᠷ ᠣᠷᠤᠨ ᠢ | ᠣᠨᠢᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠪᠥᠲᠥᠭᠡᠭᠳᠡᠭᠦᠨ ᠢ ᠨᠠᠷᠢᠯᠢᠭ ᠪᠤᠯᠪᠠᠰᠤᠷᠠᠭᠤᠯᠬᠤ᠂ ᠲᠡᠷᠢᠭᠦᠨ ᠤ | ᠲᠣᠨᠤᠭ ᠳᠥᠬᠦᠭᠡᠷᠦᠮᠵᠢ ᠶᠢ ᠦᠢᠯᠡᠳᠪᠤᠷᠢᠯᠡᠬᠦ᠂ ᠠᠷᠢᠭᠤᠨ ᠴᠡᠪᠡᠷ ᠡᠨᠧᠷᠭᠢ ᠶᠢ ᠨᠡᠭᠡᠭᠡᠬᠦ᠂ ᠰᠤᠶᠤᠯ ᠵᠤᠭᠠᠴᠠᠯ ᠵᠡᠷᠭᠡ | ᠴᠢᠬᠤᠯᠠ ᠠᠵᠤ ᠦᠢᠯᠡᠰ ᠲᠤ ᠬᠦᠴᠦ ᠣᠷᠤᠭᠤᠯᠵᠤ᠂ ᠲᠦᠪ ᠤᠨ ᠠᠵᠤ ᠠᠬᠤᠶᠢᠯᠠᠯ᠂ ᠤᠯᠤᠰ ᠤᠨ ᠠᠵᠤ | ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠣᠷᠤᠭᠤᠯᠬᠤ ᠲᠠᠯ᠎ᠠ ᠪᠠᠷ ᠰᠢᠨ᠎ᠡ ᠳᠠᠪᠠᠯᠳᠠ ᠲᠠᠢ | ᠪᠠᠶᠢᠬᠤ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠬᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠬᠤᠳᠠᠯᠳᠤᠭ᠎ᠠ ᠪᠠᠷ | ᠬᠤᠳᠠᠯᠳᠤᠭᠠᠴᠢᠨ ᠤᠷᠢᠬᠤ᠂ ᠠᠵᠤ ᠠᠬᠤᠶᠢᠯᠠᠯ ᠢᠶᠠᠷ ᠬᠤᠳᠠᠯᠳᠤᠭᠠᠴᠢᠨ ᠤᠷᠢᠬᠤ᠂ ᠲᠤᠰᠬᠠᠢ ᠡᠩᠨᠡᠭᠡ ᠪᠠᠷ | ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠵᠠᠰᠠᠭ ᠤᠨ ᠣᠷᠳᠤᠨ ᠢᠶᠠᠷ ᠳᠠᠮᠵᠢᠵᠤ | ᠬᠤᠳᠠᠯᠳᠤᠨ ᠠᠪᠬᠤ ᠤᠶᠢᠯᠠᠴᠢᠯᠡᠭᠡ ᠶᠢᠨ ᠵᠠᠭᠪᠤᠷ ᠢ ᠢᠳᠡᠪᠬᠢᠳᠠᠢ ᠰᠦᠪᠡᠭᠴᠢᠯᠡᠵᠦ᠂ ᠵᠠᠭᠤᠴᠢ ᠵᠤᠬᠢᠶᠠᠨ | ᠪᠠᠶᠢᠭᠤᠯᠤᠯᠳᠠ ᠶᠢ ᠣᠷᠤᠭᠤᠯᠵᠤ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠠᠷᠠᠯᠵᠢᠶᠠᠴᠢᠨ ᠤᠷᠢᠵᠤ ᠪᠡᠯᠡ | ᠣᠷᠤᠭᠤᠯᠬᠤ ᠠᠮᠵᠢᠯᠳᠠ ᠣᠯᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ | ᠣᠯᠠᠮ ᠨᠢᠭᠡ ᠠᠯᠬᠤᠮ ᠰᠢᠯᠢᠳᠡᠭᠵᠢᠭᠦᠯᠵᠦ᠂ ᠬᠡᠭᠡᠯᠢ ᠪᠡᠯᠡᠭ ᠬᠤᠷᠢᠶᠠᠬᠤ᠂ ᠬᠠᠷᠢᠯᠴᠠᠨ ᠳᠦᠯᠬᠢᠯᠴᠡᠬᠦ᠂ ᠬᠡᠷᠡᠭ | ᠡᠷᠬᠢᠯᠡᠬᠦ ᠶᠢ ᠤᠳᠠᠭᠠᠰᠢᠷᠠᠭᠤᠯᠬᠤ ᠵᠡᠷᠭᠡ ᠠᠰᠠᠭᠤᠳᠠᠯ ᠢ ᠡᠷᠡᠰ ᠵᠠᠰᠠᠵᠤ᠂ ︽ᠡᠶᠡᠳᠠᠢ︾᠂ ︽ᠠᠷᠢᠭᠤᠨ︾ ᠤᠯᠤᠰ | ᠲᠥᠷᠥ ᠬᠤᠳᠠᠯᠳᠤᠭᠠᠴᠢᠨ ᠤ ᠬᠠᠷᠢᠴᠠᠭ᠎ᠠ ᠶᠢ ᠪᠦᠷᠢᠯᠳᠦᠭᠦᠯᠦᠨ᠎ᠡ᠃ 3 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦ | ᠬᠤᠰᠢᠭᠤ ᠠᠳᠠᠭ ᠲᠤ ᠪᠠᠨ ᠮᠢᠩᠭᠠᠨ ᠲᠦᠮᠡᠨ ᠲᠦᠭᠦᠷᠢᠭ ᠠᠴᠠ ᠳᠡᠭᠡᠭᠰᠢ 20 ᠲᠥᠷᠥᠯ ᠵᠦᠢᠯ ᠳᠤ ᠪᠡᠯᠡ | ᠣᠷᠤᠭᠤᠯᠬᠤ ᠶᠢ ᠭᠡᠷ᠎ᠡ ᠳᠤᠭᠳᠠᠵᠤ ᠨᠠᠶᠢᠳᠠᠪᠤᠷᠢᠵᠢᠭᠤᠯᠤᠨ᠂ ᠡᠭᠦᠨ ᠤ ᠳᠤᠳᠤᠷ᠎ᠠ ᠳ᠋ᠥᠩᠰᠢᠭᠤᠷ ᠲᠦᠭᠦᠷᠢᠭ ᠠᠴᠠ | ᠳᠡᠭᠡᠭᠰᠢ ᠲᠥᠷᠥᠯ ᠵᠦᠢᠯ 5 ᠠᠴᠠ ᠪᠠᠭ᠎ᠠ ᠪᠠᠶᠢᠵᠤ ᠪᠤᠯᠬᠤ ᠦᠭᠡᠢ᠃ | ᠨᠠᠢᠮᠠ᠂ ᠠᠷᠠᠳ ᠲᠦᠮᠡᠨ ᠬᠠᠨᠤᠮᠵᠢᠳᠠᠢ ᠵᠠᠰᠠᠭ ᠤᠨ ᠣᠷᠳᠤᠨ ᠢ ᠴᠢᠷᠮᠠᠶᠢᠨ ᠪᠠᠶᠢᠭᠤᠯᠤᠨ᠎ᠠ | ᠰᠢᠨ᠎ᠡ ᠠᠶᠠᠨ ᠵᠠᠮ ᠰᠢᠨ᠎ᠡ ᠡᠭᠦᠷᠭᠡ ᠲᠤᠰᠢᠶᠠᠯ ᠢ ᠠᠴᠢᠶᠠᠯᠠᠵᠤ᠂ ᠰᠢᠨ᠎ᠡ ᠬᠡᠪ ᠪᠠᠶᠢᠳᠠᠯ ᠳᠤ ᠰᠢᠨ᠎ᠡ ᠦᠢᠯᠡ | ᠪᠠᠶᠢᠪᠠᠯ ᠵᠤᠬᠢᠨ᠎ᠠ᠃ ᠪᠢᠳᠡ ︽ᠲᠦᠷᠪᠠᠨ ᠦᠵᠠᠯ ᠤᠬᠠᠮᠰᠠᠷ︾ ᠤᠨᠴᠠᠭᠠᠶᠢᠯᠠᠨ ᠭᠤᠤᠯᠯᠠᠭᠴᠢ ᠦᠵᠡᠯ ᠤᠬᠠᠮᠰᠠᠷ᠂ | ᠵᠡᠷᠭᠡᠴᠡᠬᠦᠯᠦᠨ ᠦᠵᠡᠬᠦ ᠦᠵᠡᠯ ᠤᠬᠠᠮᠰᠠᠷ ᠢ ᠪᠠᠳᠤ ᠪᠤᠢ ᠪᠣᠯᠭᠠᠵᠤ᠂ ᠤᠭ ᠰᠠᠨᠠᠭ᠎ᠠ ᠪᠠᠨ ᠥᠯᠥ ᠮᠠᠷᠳᠠᠵᠤ᠂ | ᠦᠷᠬᠦᠯᠵᠢᠯᠠᠨ ᠤᠷᠤᠬᠰᠢᠯᠠᠵᠤ᠂ ᠳᠡᠭᠡᠷ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠪᠠ ᠬᠤᠰᠢᠭᠤᠨ ᠤ | ᠨᠠᠮ ᠤᠨ ᠬᠤᠷᠢᠶ᠎ᠠ ᠶᠢᠨ ᠡᠯ᠎ᠡ ᠲᠥᠷᠥᠯ ᠤᠨ ᠰᠢᠢᠳᠪᠤᠷᠢ ᠳᠤᠬᠢᠷᠠᠭᠤᠯᠤᠯᠳᠠ ᠶᠢᠨ ᠠᠮᠵᠢᠯᠳᠠ ᠤᠷᠤᠭᠰᠢ ᠲᠠᠢ | ᠪᠠᠶᠢᠬᠤ ᠶᠢ ᠪᠠᠳᠤᠯᠠᠨ᠎ᠠ᠃ | 22. ᠬᠠᠤᠯᠢ ᠶᠤᠰᠤᠭᠠᠷ ᠵᠠᠰᠠᠭ ᠶᠠᠪᠤᠭᠤᠯᠬᠤ ᠭᠤᠶᠢᠪᠢᠯᠵᠠᠬᠤ ᠦᠭᠡᠢ ᠪᠠᠶᠢᠬᠤ ᠶᠢ ᠪᠠᠷᠢᠮᠳᠠᠯᠠᠨ᠎ᠠ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠤᠷᠢ ᠶᠢ ᠬᠢᠨᠠᠮᠠᠭᠠᠢ ᠶᠠᠪᠤᠭᠳᠠᠭᠤᠯᠵᠤ᠂ | ᠥᠪᠡᠷ ᠤᠨ ᠳᠤᠷ᠎ᠠ ᠠᠴᠠ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠳᠠ᠂ ᠠᠵᠢᠯ ᠤᠨ ᠬᠢᠨᠠᠯᠳᠠ ᠪᠠ ᠤᠯᠤᠰ ᠲᠥᠷᠥ ᠶᠢᠨ ᠵᠦᠪᠯᠠᠯᠭᠡᠨ ᠤ | ᠠᠷᠠᠳᠴᠢᠯᠠᠯ ᠤᠨ ᠬᠢᠨᠠᠯᠳᠠ ᠶᠢ ᠬᠦᠯᠢᠶᠡᠵᠦ᠂ ᠴᠢᠬᠤᠯᠠ ᠶᠡᠭᠡ ᠬᠡᠷᠡᠭ ᠤᠴᠢᠷ ᠢ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠳᠤ ᠮᠠᠳᠠᠬᠦᠯᠵᠤ᠂ ᠤᠯᠤᠰ ᠲᠥᠷᠥ ᠶᠢᠨ ᠵᠥᠪᠯᠡᠯᠭᠡᠨ ᠳᠤ ᠮᠡᠳᠡᠭᠳᠡᠬᠦ ᠳᠦᠷᠢᠮ ᠢ ᠪᠠᠷᠢᠮᠳᠠᠯᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ | ᠵᠥᠪᠯᠡᠯᠭᠡᠨ ᠤ ᠬᠡᠰᠢᠭᠦᠨ ᠤ ᠰᠠᠨᠠᠯ ᠳᠤᠷᠠᠳᠤᠯᠭ᠎ᠠ ᠶᠢ ᠦᠨᠡᠨᠬᠦ ᠰᠠᠶᠢᠳᠤᠷ ᠰᠢᠢᠳᠪᠤᠷᠢᠯᠡᠨ᠎ᠡ᠃ ︽ᠬᠤᠶᠠᠷ ᠬᠤᠷᠢᠶ᠎ᠠ︾ | ᠶᠢᠨ ᠬᠠᠤᠯᠢ ᠶᠤᠰᠤᠭᠠᠷ ᠡᠷᠬᠡ ᠲᠤᠰᠢᠶᠠᠯ ᠢᠶᠠᠨ ᠲᠤᠰᠠᠭᠠᠷ ᠬᠡᠷᠡᠭᠵᠢᠭᠦᠯᠬᠦ ᠶᠢ ᠳᠡᠮᠵᠢᠨ᠎ᠡ᠃ ᠶᠠᠷᠢᠶ᠎ᠠ ᠬᠡᠯᠡᠯᠴᠡᠭᠡ ᠪᠠ | ᠨᠡᠶᠢᠭᠡᠮ ᠤᠨ ᠬᠢᠨᠠᠯᠳᠠ ᠶᠢ ᠴᠢᠬᠤᠯᠠᠴᠢᠯᠠᠵᠤ ᠠᠷᠠᠳᠴᠢᠯᠠᠭᠰᠠᠨ ᠨᠠᠮ ᠪᠦᠯᠦᠭ᠂ ᠦᠢᠯᠡᠳᠪᠤᠷᠢ ᠬᠤᠳᠠᠯᠳᠤᠭᠠᠨ ᠤ | ᠬᠤᠯᠪᠤᠭ᠎ᠠ᠂ ᠨᠠᠮ ᠪᠦᠯᠦᠭ ᠪᠤᠰᠤ ᠬᠦᠮᠦᠰ᠂ ᠠᠷᠠᠳ ᠤᠨ ᠪᠦᠯᠬᠦᠮ ᠤᠨ ᠰᠠᠨᠠᠯ ᠢ ᠥᠷᠭᠡᠨ ᠢᠶᠠᠷ ᠰᠤᠨᠤᠰᠤᠨ᠎ᠠ᠃ | ᠬᠦᠨᠳᠦ ᠴᠢᠬᠤᠯᠠ ᠰᠢᠢᠳᠪᠤᠷᠢ ᠳᠤ ︽ᠣᠯᠠᠨ ᠢᠶᠠᠷ ᠢᠶᠠᠨ ᠣᠷᠤᠯᠴᠠᠬᠤ᠂ ᠲᠤᠰᠬᠠᠢ ᠮᠡᠷᠭᠡᠵᠢᠯᠳᠡᠨ ᠭᠡᠷᠡᠴᠢᠯᠡᠬᠦ᠂ | ᠳᠦᠭᠰᠢᠭᠦᠷᠢ ᠶᠢ ᠦᠨᠡᠯᠡᠬᠦ᠂ ᠬᠠᠤᠯᠢ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ᠂ ᠪᠦᠭᠦᠳᠡᠭᠡᠷ ᠬᠡᠯᠡᠯᠴᠡᠵᠦ | ᠰᠢᠢᠳᠪᠤᠷᠢ ᠭᠠᠷᠭᠠᠬᠤ︾ ᠬᠠᠤᠯᠢ ᠪᠠᠷ ᠳᠤᠭᠳᠠᠭᠰᠠᠨ ᠶᠠᠪᠤᠴᠠ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠤᠨ | ᠤ ᠰᠢᠢᠳᠪᠤᠷᠢ ᠭᠠᠷᠭᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠬᠠᠤᠯᠢ ᠶᠢᠨ ᠵᠥᠪᠯᠡᠭᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠳᠦᠷᠢᠮᠵᠢᠭᠰᠡᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠳᠠᠩᠰᠠ ᠳᠤ ᠲᠡᠮᠳᠡᠭᠯᠡᠬᠦ | ᠬᠠᠮᠢᠶᠠᠷᠤᠯᠳᠠ ᠶᠢ ᠴᠢᠩᠭᠠᠳᠬᠠᠵᠤ᠂ ᠵᠠᠰᠠᠭ ᠤᠨ ᠣᠷᠳᠤᠨ ᠤ ᠠᠵᠢᠯᠯᠠᠭ᠎ᠠ ᠬᠠᠤᠯᠢ ᠶᠢᠨ ᠲᠠᠯ᠎ᠠ ᠪᠠᠷ ᠪᠠᠷᠢᠮᠳᠠ ᠲᠠᠢ᠂ | ᠶᠠᠪᠤᠴᠠ ᠶᠤᠰᠤᠳᠠᠢ ᠪᠠᠶᠢᠬᠤ ᠶᠢ ᠪᠠᠳᠤᠯᠠᠨ᠎ᠠ᠃ ᠵᠠᠰᠠᠭ ᠪᠠᠷᠢᠵᠤ ᠬᠠᠤᠯᠢ ᠶᠢ ᠬᠡᠷᠡᠭᠵᠢᠬᠦᠯᠬᠦ ᠳᠦᠷᠢᠮᠵᠢᠯᠳᠡ ᠶᠢᠨ | ᠪᠥᠲᠥᠭᠡᠨ ᠪᠠᠶᠢᠭᠤᠯᠤᠯᠳᠠ ᠶᠢ ᠳᠦᠯᠬᠢᠨ ᠠᠬᠢᠭᠤᠯᠵᠤ᠂ ᠬᠠᠤᠯᠢ ᠬᠡᠷᠡᠭᠵᠢᠬᠦᠯᠬᠦ ᠬᠢᠨᠠᠯᠳᠠ ᠶᠢ ᠴᠢᠩᠭᠠᠳᠬᠠᠵᠤ᠂ | ᠳᠦᠷᠢᠮᠵᠢᠯ ᠲᠦᠪ ᠴᠢᠭᠡᠴᠢ ᠪᠣᠯᠪᠠᠰᠤᠨ ᠢᠶᠠᠷ ᠬᠠᠤᠯᠢ ᠶᠠᠪᠤᠭᠳᠠᠭᠤᠯᠬᠤ ᠶᠢ ᠪᠡᠶᠡᠯᠡᠭᠦᠯᠦᠨ᠎ᠡ᠃ ︽7 · 5︾ ᠬᠠᠤᠯᠢ | ᠶᠢ ᠲᠥᠭᠡᠮᠡᠯᠵᠢᠭᠦᠯᠬᠦ ᠠᠵᠢᠯ ᠢ ᠯᠠᠪᠳᠠᠭᠤᠨ ᠥᠷᠨᠢᠭᠦᠯᠵᠦ᠂ ᠪᠦᠬᠦ ᠨᠡᠶᠢᠭᠡᠮ ᠤᠨ ᠬᠠᠤᠯᠢ ᠪᠠᠷ ᠵᠠᠰᠠᠬᠤ ᠦᠵᠡᠯ | ᠤᠬᠠᠮᠰᠠᠷ ᠢ ᠳᠡᠭᠡᠭᠰᠢᠯᠡᠭᠦᠯᠦᠨ᠎ᠡ᠃ | 23. ᠠᠷᠠᠳ ᠤᠨ ᠲᠥᠯᠥᠭᠡ ᠵᠠᠰᠠᠭ ᠪᠠᠷᠢᠬᠤ ᠶᠢ ᠪᠠᠷᠢᠮᠳᠠᠯᠠᠨ᠎ᠠ᠃ ︽ᠳᠠᠷᠤᠢ ᠳᠤ ᠨᠢ ᠡᠷᠬᠢᠯᠡᠬᠦ᠂ ᠦᠨᠡᠨᠬᠦ | ᠠᠳᠬᠤᠵᠤ ᠪᠤᠳᠠᠳᠠᠢ ᠠᠵᠢᠯᠯᠠᠬᠤ︾ ᠠᠵᠢᠯ ᠤᠨ ᠣᠪᠣᠷ ᠰᠤᠷᠳᠠᠯ ᠢ ᠶᠡᠬᠡᠪᠡᠷ ᠰᠠᠨᠠᠭᠠᠴᠢᠯᠠᠵᠤ᠂ ᠣᠯᠠᠨ ᠲᠦᠮᠡᠨ ᠳᠤ | ᠠᠮᠠᠯᠳᠤᠭᠰᠠᠨ ᠤᠴᠢᠷ ᠢ ᠨᠢᠭᠡ ᠲᠥᠷᠥᠯ ᠢ ᠬᠡᠯᠡᠪᠡᠯ ᠨᠢᠭᠡ ᠲᠥᠷᠥᠯ ᠢ ᠬᠢᠵᠦ᠂ ᠣᠯᠠᠨ ᠲᠦᠮᠡᠨ ᠤ ᠠᠩᠬᠠᠷᠬᠤ | ᠤᠴᠢᠷ ᠲᠤ᠂ ᠨᠢᠭᠡ ᠶᠢ ᠳᠤᠭᠳᠠᠪᠠᠯ ᠨᠢᠭᠡ ᠶᠢ ᠡᠷᠬᠢᠯᠡᠵᠦ᠂ ᠯᠠᠪᠳᠠᠭᠤᠨ ᠢᠶᠠᠷ ᠪᠦᠬᠦ ᠬᠤᠰᠢᠭᠤᠨ ᠤ ᠠᠷᠠᠳ ᠲᠦᠮᠡᠨ | ᠤ ᠣᠯᠣᠯᠳᠠ ᠶᠢᠨ ᠰᠡᠳᠬᠢᠯᠭᠡ ᠶᠢ ᠳᠡᠭᠡᠭᠰᠢᠯᠡᠭᠦᠯᠦᠨ᠎ᠡ᠃ ᠭᠠᠴᠠᠭ᠎ᠠ ᠲᠤᠰᠬᠤᠨ ᠤ ᠠᠷᠠᠳ ᠲᠤ ᠳᠦᠭᠦᠮ ᠦᠵᠡᠭᠦᠯᠬᠦ | ᠦᠢᠯᠡᠴᠢᠯᠡᠭᠡᠨ ᠤ ᠥᠷᠳᠡᠭᠡᠨ ᠤ ᠡᠵᠡᠩᠨᠡᠯᠳᠡ ᠬᠠᠮᠢᠶᠠᠷᠤᠯᠳᠠ ᠶᠢ ᠴᠢᠩᠭᠠᠳᠬᠠᠵᠤ᠂ ᠡᠯ᠎ᠡ ᠲᠥᠷᠥᠯ ᠤᠨ ᠳᠦᠷᠢᠮ | ᠳᠤᠭᠳᠠᠭᠠᠯ ᠢ ᠲᠡᠭᠦᠯᠳᠡᠷᠵᠢᠭᠦᠯᠵᠦ᠂ ᠠᠷᠠᠳ ᠲᠤ ᠳᠦᠭᠦᠮ ᠦᠵᠡᠭᠦᠯᠬᠦ ᠲᠤᠤᠷ ᠰᠦᠯᠵᠢᠶ᠎ᠡ ᠦᠷᠭᠦᠯᠵᠢᠯᠡᠨ ᠦᠷ᠎ᠡ | ᠠᠰᠢᠭ ᠢᠶᠠᠨ ᠪᠠᠳᠠᠷᠠᠭᠤᠯᠬᠤ ᠶᠢ ᠳᠦᠯᠬᠢᠨ ᠠᠬᠢᠭᠤᠯᠵᠤ᠂ ᠴᠢᠮᠡᠭᠡ ᠵᠠᠩᠭᠢ ᠶᠢ ᠢᠯᠡᠭᠦᠦ ᠨᠡᠶᠢᠳᠡᠯᠡᠵᠦ᠂ ᠣᠯᠠᠨ | ᠲᠦᠮᠡᠨ ᠢ ᠳᠤᠳᠠᠭᠤ ᠵᠠᠮ ᠬᠥᠭᠡᠯᠭᠡᠵᠦ᠂ ᠬᠠᠮᠤᠭ ᠤᠨ ᠶᠡᠭᠡ ᠬᠡᠮᠵᠢᠶ᠎ᠡ ᠪᠠᠷ ᠣᠯᠠᠨ ᠲᠦᠮᠡᠨ ᠤ ᠶᠠᠪᠤᠳᠠᠯ ᠢᠶᠠᠨ | ᠰᠢᠢᠳᠪᠤᠷᠢᠯᠡᠬᠦ ᠥᠪᠡᠷ ᠤᠨ ᠥᠷᠳᠡᠭ ᠢ ᠪᠠᠭᠤᠷᠠᠭᠤᠯᠤᠨ᠎ᠠ᠃ ᠲᠣᠣᠷ ᠰᠦᠯᠵᠢᠶ᠎ᠡ ᠪᠠᠷ ᠲᠥᠷᠥ ᠠᠰᠠᠭᠤᠬᠤ ᠶᠢ | ᠵᠤᠷᠢᠭᠵᠢᠭᠤᠯᠵᠤ᠂ ᠵᠠᠰᠠᠭ ᠤᠨ ᠣᠷᠳᠤᠨ ᠤ ᠡᠭᠦᠳᠡᠨ ᠰᠦᠯᠵᠢᠶᠡᠨ ᠤ ᠥᠷᠳᠡᠭᠡ᠂ ᠸᠢᠴᠠᠲ ᠳᠠᠪᠴᠠᠩ ᠢ | ᠠᠰᠢᠭᠯᠠᠵᠤ᠂ ᠬᠠᠷᠢᠭᠤᠴᠠᠯᠭ᠎ᠠ ᠶᠢᠨ ᠨᠠᠷᠢᠨ ᠳᠠᠩᠰᠠ᠂ ᠡᠷᠬᠡ ᠶᠢᠨ ᠨᠠᠷᠢᠨ ᠳᠠᠩᠰᠠ ᠵᠡᠷᠭᠡ ᠵᠠᠰᠠᠭ ᠤᠨ ᠶᠠᠪᠤᠳᠠᠯ ᠤᠨ | ᠴᠢᠮᠡᠭᠡ ᠵᠠᠩᠭᠢ ᠶᠢ ᠢᠯᠡ ᠪᠤᠯᠭᠠᠬᠤ ᠠᠵᠢᠯ ᠢ ᠰᠠᠶᠢᠳᠤᠷ ᠬᠢᠨ᠎ᠡ᠃ ᠰᠤᠨᠢᠨ ᠮᠡᠳᠡᠭᠡᠨ ᠤ ᠦᠭᠦᠯᠡᠭᠴᠢ ᠪᠠ ᠭᠡᠨᠡᠳᠳᠡ | ᠶᠢᠨ ᠬᠡᠷᠡᠭ ᠤᠨ ᠴᠢᠮᠡᠭᠡ ᠵᠠᠩᠭᠢ ᠶᠢ ᠨᠡᠶᠢᠳᠡᠯᠡᠬᠦ ᠳᠦᠷᠢᠮ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠠᠩᠬᠠᠷᠴᠤ | ᠪᠠᠶᠢᠬᠤ ᠠᠰᠠᠭᠤᠳᠠᠯ ᠳᠤ ᠴᠠᠭ ᠳᠤᠬᠠᠢ ᠳᠤ ᠨᠢ ᠬᠠᠷᠢᠭᠤ ᠦᠭᠴᠦ᠂ ᠵᠠᠰᠠᠭ ᠤᠨ ᠣᠷᠳᠤᠨ ᠪᠠ ᠨᠡᠶᠢᠭᠡᠮ ᠤᠨ ᠡᠯ᠎ᠡ | ᠡᠲᠡᠬᠡᠳ ᠤᠨ ᠰᠢᠯᠢᠳᠡᠭ ᠰᠠᠶᠢᠨ ᠦᠢᠯᠡᠳᠦᠯᠴᠡᠭᠡ ᠶᠢ ᠴᠢᠩᠭᠠᠳᠬᠠᠨ᠎ᠠ᠃ ᠦᠨᠳᠦᠰᠦᠨ ᠱᠠᠳᠤᠨ ᠤ ᠪᠠᠶᠢᠴᠠᠭᠠᠨ | ᠰᠤᠳᠤᠯᠬᠤ ᠵᠢᠭᠠᠪᠤᠷᠢ ᠠᠪᠬᠤ ᠮᠡᠳᠡᠭᠦᠯᠦᠯᠳᠡ᠂ ᠬᠢᠨᠠᠨ ᠪᠠᠶᠢᠴᠠᠭᠠᠬᠤ ᠬᠢᠨᠠᠨ ᠡᠷᠬᠢᠯᠡᠬᠦ ᠵᠡᠷᠭᠡ ᠳᠦᠷᠢᠮ ᠳᠤᠭᠳᠠᠭᠠᠯ ᠢ | ᠬᠢᠨᠠᠮᠠᠭᠠᠢ ᠵᠢᠷᠤᠮᠯᠠᠵᠤ᠂ ᠵᠠᠰᠠᠭ ᠤᠨ ᠣᠷᠳᠤᠨ ᠤ ᠠᠵᠢᠯ ᠤᠨ ᠬᠤᠷᠳᠤᠴᠠ ᠨᠡᠮᠡᠭᠳᠡᠬᠦ᠂ ᠴᠢᠨᠠᠷ ᠳᠡᠭᠡᠭᠰᠢᠯᠡᠬᠦ᠂ ᠦᠷ᠎ᠡ | ᠪᠥᠲᠥᠮᠵᠢ ᠳᠡᠭᠡᠭᠰᠢᠯᠡᠬᠦ ᠶᠢ ᠳᠦᠯᠬᠢᠨ ᠠᠬᠢᠭᠤᠯᠤᠨ᠎ᠠ᠃ | 24. ᠵᠠᠰᠠᠭ ᠲᠤ ᠴᠢᠩᠭ᠎ᠠ ᠬᠠᠨᠳᠤᠵᠤ᠂ ᠴᠠᠯᠭᠠᠶᠢᠷᠠᠬᠤ ᠦᠭᠡᠢ ᠶᠢ ᠪᠠᠷᠢᠮᠳᠠᠯᠠᠨ᠎ᠠ᠃ ᠨᠠᠮ ᠢ ᠴᠢᠩᠭ᠎ᠠ ᠵᠠᠰᠠᠬᠤ | ᠪᠠᠶᠢᠷᠢᠯᠠᠭᠤᠯᠤᠯᠳᠠ ᠶᠢ ᠵᠠᠰᠠᠭ ᠤᠨ ᠣᠷᠳᠤᠨ ᠤ ᠠᠵᠢᠯ ᠤᠨ ᠪᠦᠬᠦᠶᠢᠯᠡ ᠶᠠᠪᠤᠴᠠ ᠳᠤ ᠲᠤᠤᠱᠯᠠᠭᠤᠯᠤᠨ᠎ᠠ᠃ | ᠠᠯᠵᠠᠭᠤ ᠬᠤᠶᠢᠷᠭᠤ ᠪᠠᠷ ᠵᠠᠰᠠᠭ ᠲᠤ ᠬᠠᠨᠳᠤᠬᠤ ᠠᠰᠠᠭᠤᠳᠠᠯ ᠢ ᠬᠦᠴᠦᠳᠠᠢ ᠵᠠᠰᠠᠵᠤ᠂ ᠵᠠᠰᠠᠭ ᠤᠨ ᠵᠠᠷᠯᠢᠭ | ᠨᠡᠪᠳᠡᠷᠬᠡᠢ ᠪᠠᠶᠢᠬᠤ ᠶᠢ ᠪᠠᠳᠤᠯᠠᠨ᠎ᠠ᠃ ᠲᠦᠪ ᠤᠨ ︽ᠨᠠᠢᠮᠠᠨ ᠵᠦᠢᠯ ᠤᠨ ᠳᠤᠭᠳᠠᠭᠠᠯ︾᠂ ᠣᠷᠤᠨ ᠬᠤᠳᠠ | ᠬᠤᠰᠢᠭᠤ ᠶᠢᠨ ᠳᠦᠭᠦᠷ ᠳᠤᠭᠳᠠᠭᠠᠯ ᠪᠠ ᠠᠷᠢᠭᠤᠨ ᠴᠢᠭᠴᠢ ᠪᠠᠷ ᠪᠡᠶ᠎ᠡ ᠪᠠᠨ ᠪᠠᠷᠢᠬᠤ ᠡᠯ᠎ᠡ ᠵᠦᠢᠯ ᠤᠨ ᠱᠠᠭᠠᠷᠳᠠᠯᠭ᠎ᠠ | ᠶᠢ ᠡᠷᠡᠰ ᠬᠡᠷᠡᠭᠵᠢᠭᠦᠯᠵᠦ᠂ ᠵᠠᠰᠠᠭ ᠤᠨ ᠣᠷᠳᠤᠨ ᠤ ᠪᠦᠷᠢᠯᠳᠦᠭᠦᠨ ᠰᠠᠯᠠᠭ᠎ᠠ ᠮᠦᠴᠢᠷ ᠵᠢᠴᠢ ᠠᠵᠢᠯᠳᠠᠨ ᠤ ᠵᠠᠰᠠᠭ | ᠲᠤ ᠣᠷᠤᠯᠴᠠᠬᠤ ᠠᠵᠢᠯᠯᠠᠭ᠎ᠠ ᠶᠢ ᠳᠦᠷᠢᠮᠵᠢᠭᠦᠯᠦᠨ᠎ᠡ᠃ ᠨᠠᠮ ᠤᠨ ᠤᠪᠤᠷ ᠰᠤᠷᠳᠠᠯ ᠠᠷᠢᠭᠤᠨ ᠴᠢᠭᠡᠴᠢ ᠶᠢᠨ | ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ᠂ ᠡᠳ᠋ ᠬᠥᠷᠥᠩᠭᠡ ᠶᠢ | ᠲᠤᠬᠢᠷᠠᠭᠤᠯᠬᠤ᠂ ᠭᠠᠵᠠᠷ ᠰᠢᠷᠤᠢ ᠶᠢ ᠬᠤᠳᠠᠯᠳᠤᠬᠤ᠂ ᠵᠠᠰᠠᠭ ᠤᠨ ᠣᠷᠳᠤᠨ ᠤ ᠬᠤᠳᠠᠯᠳᠤᠨ ᠠᠪᠬᠤ᠂ ᠠᠷᠠᠳ ᠤᠨ | ᠠᠮᠢᠳᠤᠷᠠᠯ ᠤᠨ ᠲᠥᠷᠥᠯ ᠵᠦᠢᠯ᠂ ᠪᠠᠷᠢᠯᠭ᠎ᠠ ᠶᠢᠨ ᠲᠠᠭᠠᠭᠠᠴᠢᠯᠠᠯᠳᠠ ᠡᠯᠰᠡᠬᠦ ᠵᠡᠷᠭᠡ ᠭᠤᠤᠯᠳᠠᠯᠭ᠎ᠠ ᠲᠠᠢ ᠬᠦᠷᠢᠶ᠎ᠡ | ᠬᠡᠪᠴᠢᠶᠡᠨ ᠳᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠬᠤ ᠬᠢᠨᠠᠯᠳᠠ ᠲᠠᠯᠪᠢᠬᠤ ᠶᠢ ᠳᠤᠪᠤᠶᠢᠮ᠎ᠠ | ᠠᠳᠬᠤᠵᠤ᠂ ᠡᠷᠬᠡ ᠪᠠᠨ ᠶᠡᠬᠡᠳᠬᠡᠬᠦ ᠣᠷᠤᠨ ᠵᠠᠢ ᠶᠢ ᠡᠭᠦᠰᠦᠯ ᠠᠴᠠ ᠨᠢ ᠤᠰᠠᠳᠬᠠᠨ᠎ᠠ᠃ ᠡᠯ᠎ᠡ ᠲᠥᠷᠥᠯ ᠤᠨ | ᠬᠠᠤᠯᠢ ᠰᠠᠬᠢᠯᠭ᠎ᠠ ᠶᠢ ᠵᠦᠷᠢᠴᠡᠭᠰᠡᠨ ᠬᠡᠷᠡᠭ ᠤᠴᠢᠷ᠂ ᠣᠨᠴᠠᠭᠠᠶᠢᠯᠠᠨ ᠣᠯᠠᠨ ᠲᠦᠮᠡᠨ ᠤ ᠠᠰᠢᠭ ᠲᠤᠰᠠ ᠶᠢ | ᠬᠦᠨᠦᠭᠡᠵᠦ ᠪᠠᠶᠢᠬᠤ ᠲᠦᠪ ᠪᠤᠰᠤ ᠰᠤᠷᠳᠠᠯ ᠢ ᠡᠷᠡᠰ ᠴᠢᠩᠭ᠎ᠠ ᠪᠠᠶᠢᠴᠠᠭᠠᠵᠤ ᠭᠠᠷᠭᠠᠨ᠂ ᠰᠢᠯᠢᠳᠡᠭ ᠰᠠᠶᠢᠨ ᠤᠯᠤᠰ | ᠲᠥᠷᠥ ᠶᠢᠨ ᠠᠮᠢ ᠠᠬᠤᠢ ᠪᠠᠷ ᠠᠷᠠᠳ ᠤᠨ ᠰᠡᠳᠬᠢᠯ ᠢ ᠣᠯᠵᠣ ᠬᠦᠭᠵᠢᠯᠳᠡ ᠶᠢ ᠠᠬᠢᠭᠤᠯᠤᠨ᠎ᠠ᠃ | ᠲᠥᠯᠥᠭᠡᠯᠡᠭᠴᠢᠳ ᠡ᠂ ᠠᠷᠠᠳ ᠤᠨ ᠬᠦᠰᠠᠯ ᠰᠠᠨᠠᠭ᠎ᠠ ᠪᠤᠯ ᠵᠠᠰᠠᠭ ᠶᠠᠪᠤᠭᠤᠯᠬᠤ ᠶᠢᠨ ᠵᠤᠷᠢᠯᠳᠠ ᠮᠥᠨ᠃ | ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠪᠣᠯ ᠮᠠᠨ ᠤ ᠲᠡᠮᠡᠴᠡᠬᠦ ᠬᠠᠷᠠᠯᠳᠠ ᠮᠦᠨ᠃ ᠪᠢᠳᠡ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ | ᠤᠳᠤᠷᠢᠳᠤᠯᠭ᠎ᠠ ᠳᠤᠤᠷ᠎ᠠ᠂ ᠬᠠᠨᠴᠤᠢ ᠰᠢᠮᠠᠯᠠᠨ ᠭᠠᠪᠰᠢᠭᠠᠶᠢᠯᠠᠨ ᠤᠷᠤᠵᠤ᠂ ᠪᠦᠬᠦᠳᠠᠭᠡᠷ ᠰᠡᠳᠬᠢᠯ ᠨᠢᠭᠡᠳᠦᠨ | ᠴᠢᠷᠮᠠᠶᠢᠵᠤ᠂ ᠤᠩᠨᠢᠭᠤᠳ ᠬᠤᠰᠢᠭᠤ ᠪᠠᠨ ᠡᠷᠲᠡ ᠨᠢᠭᠡᠨ ᠡᠳᠦᠷ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠪᠣᠯᠭᠠᠨ | ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ᠃ |