︽ᠢᠨᠠᠭ ᠤᠨ ᠬᠠᠷᠢᠴᠠᠭ᠎ᠠ ᠪᠠᠨ ᠲᠠᠰᠤᠯᠬᠤ ᠰᠤᠶᠢᠳᠭᠡᠯ︾ ᠤᠨ ᠵᠢᠭᠡᠯᠡᠯᠭᠡ ᠶᠢᠨ ᠪᠠᠷᠢᠮᠳᠠ ᠬᠠᠥᠯᠢ ᠴᠠᠭᠠᠵᠠ ᠶᠢᠨ ᠬᠠᠮᠠᠭᠠᠯᠠᠯᠲᠠ ᠶᠢ ᠬᠦᠷᠲᠡᠬᠦ ᠦᠭᠡᠢ
ᠨᠡᠶᠢᠲᠡᠯᠡᠭᠰᠡᠨ ᠴᠠᠭ᠄
2017/3/1
ᠬᠡᠷᠡᠭ ᠤᠨ ᠵᠢᠱᠢᠶ᠎ᠡ᠄     ᠣᠶᠢᠷ᠎ᠠ ᠳᠤ᠂ ᠯᠢᠦ ᠣᠪᠤᠭᠳᠤ ᠠᠴᠠ ᠯᠢ ᠣᠪᠤᠭᠳᠤ ᠶᠢᠨ ᠵᠢᠭᠡᠯᠡᠯᠭᠡ ᠶᠢᠨ ᠪᠠᠷᠢᠮᠲᠠ ᠶᠢ ᠠᠪᠴᠤ ᠦᠣᠰᠢᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠤ ᠬᠦᠷᠴᠦ᠂ ᠲᠡᠭᠦᠨ ᠤ 50 ᠲᠦᠮᠡᠨ ᠲᠦᠭᠦᠷᠢᠭ ᠢ ᠨᠢ ᠪᠣᠴᠠᠭᠠᠯᠭᠠᠬᠤ ᠪᠠᠷ ᠵᠠᠭᠠᠯᠳᠤᠵᠠᠢ᠃ ᠯᠢᠥ ᠣᠪᠤᠭᠳᠤ ᠪᠠ ᠯᠢ ᠣᠪᠤᠭᠳᠤ ᠣᠣᠯ ᠳᠠᠭᠠᠨ ᠢᠨᠠᠭ ᠬᠤᠣᠰ ᠤᠨ ᠬᠠᠷᠢᠴᠠᠭ᠎ᠠ ᠲᠠᠢ ᠪᠠᠶᠢᠵᠠᠢ᠂ ᠬᠤᠶᠠᠭᠤᠯᠠ ᠢᠨᠠᠭ ᠤᠨ ᠬᠠᠷᠢᠴᠠᠭ᠎ᠠ ᠪᠠᠨ ᠲᠠᠰᠤᠯᠬᠤ ᠦᠶ᠎ᠡ ᠳᠤ ᠯᠢᠥ ᠣᠪᠤᠭᠳᠤ ᠯᠢ ᠣᠪᠤᠭᠳᠤ ᠠᠴᠠ 50 ᠲᠦᠮᠡᠨ ᠲᠦᠭᠦᠷᠢᠭ ᠤᠨ ᠨᠦᠬᠦᠪᠦᠷᠢ ᠠᠪᠬᠤ ᠪᠠᠷ ᠱᠠᠭᠠᠷᠳᠠᠭᠰᠠᠨ ᠳᠤ᠂ ᠯᠢ ᠣᠪᠤᠭᠳᠤ ᠠᠪᠤᠨ ᠳᠣᠣᠷ᠎ᠠ ᠨᠢ ᠡᠶᠢᠮᠦ ᠣᠯᠠᠨ ᠵᠣᠭᠤᠰ ᠭᠠᠷᠭᠠᠵᠤ ᠳᠡᠶᠢᠯᠬᠦ ᠦᠭᠡᠢ ᠪᠣᠯᠬᠤᠷ ᠯᠢᠥ ᠣᠪᠤᠭᠳᠤ ᠳᠤ ᠵᠢᠭᠡᠯᠡᠯᠭᠡ ᠶᠢᠨ ᠪᠠᠷᠢᠮᠲᠠ ᠪᠢᠴᠢᠨ ᠦᠭᠴᠡᠢ᠃ ᠯᠢᠥ ᠣᠪᠤᠭᠳᠤ ᠰᠢᠭᠦᠬᠦ ᠲᠢᠩᠭᠢᠮ ᠳᠤ ᠬᠤᠶᠠᠭᠤᠯᠠ ᠶᠢᠨ ᠤᠲᠠᠰᠤ ᠪᠠᠷ ᠶᠠᠷᠢᠯᠴᠠᠭᠰᠠᠨ ᠰᠢᠩᠭᠡᠭᠡᠯᠲᠡ ᠪᠠᠨ ᠭᠡᠷᠡᠴᠢ ᠪᠣᠯᠭᠠᠨ ᠬᠠᠩᠭᠠᠵᠤ᠂ ᠯᠢ ᠣᠪᠤᠭᠳᠤ ᠴᠤ ᠡᠭᠦᠨ ᠢ ᠨᠢ ᠦᠭᠡᠶᠢᠰᠭᠡᠭᠰᠡᠨ ᠦᠭᠡᠢ᠃     ᠰᠢᠭᠦᠬᠦ ᠬᠤᠷᠢᠶ᠎ᠠ ᠰᠢᠭᠦᠨ ᠪᠠᠶᠢᠴᠠᠭᠠᠭᠰᠠᠨ ᠤ ᠳᠠᠷᠠᠭ᠎ᠠ᠂ ᠢᠷᠭᠡᠨ ᠤ ᠬᠤᠭᠤᠷᠤᠨᠳᠤᠬᠢ ᠵᠢᠭᠡᠯᠡᠯᠭᠡ ᠶᠢᠨ ᠭᠡᠷ᠎ᠡ ᠪᠣᠯ ᠨᠢᠭᠡ ᠵᠤᠶᠢᠯ ᠤᠨ ᠤᠶᠢᠯᠡᠳᠤᠯᠭᠡ ᠶᠢᠨ ᠴᠢᠨᠠᠷᠲᠠᠢ ᠭᠡᠷ᠎ᠡ ᠪᠣᠯᠤᠨ᠎ᠠ᠃ ᠲᠣᠬᠠᠢ ᠶᠢᠨ ᠬᠦᠮᠦᠨ ᠤ ᠢᠯᠡᠳᠭᠡᠭᠰᠡᠨ ᠰᠠᠨᠠᠭ᠎ᠠ ᠨᠢ ᠨᠢᠭᠡᠳᠤᠯᠲᠡᠢ ᠠᠴᠠ ᠭᠠᠳᠠᠨ᠎ᠠ ᠬᠠᠷᠠᠯᠲᠠ ᠪᠣᠳᠠᠰ ᠢ ᠲᠤᠰᠢᠶᠠᠭᠰᠠᠨ ᠤ ᠳᠠᠷᠠᠭ᠎ᠠ ᠭᠡᠷ᠎ᠡ ᠰᠠᠶ᠋ᠢ ᠬᠦᠴᠤᠨ  ᠲᠠᠢ ᠪᠣᠯᠤᠨ᠎ᠠ᠃ ᠯᠢᠥ ᠣᠪᠤᠭᠳᠤ ᠶᠢᠨ ᠳᠤᠷᠠᠳᠤᠭᠰᠠᠨ ᠯᠢ ᠣᠪᠤᠭᠳᠤ ᠲᠠᠢ ᠵᠢᠭᠡᠯᠡᠯᠭᠡ ᠶᠢᠨ ᠬᠠᠷᠢᠴᠠᠭ᠎ᠠ ᠲᠠᠢ ᠭᠡᠰᠡᠨ ᠭᠡᠷᠡᠴᠢ ᠨᠢ ᠵᠦᠪᠬᠡᠨ ᠵᠢᠭᠡᠯᠡᠯᠭᠡ ᠶᠢᠨ ᠪᠠᠷᠢᠮᠲᠠ ᠯᠠ ᠪᠠᠶᠢᠬᠤ ᠠᠴᠠ ᠪᠢᠰᠢ᠂ ᠵᠢᠭᠡᠯᠡᠭᠰᠡᠨ ᠵᠣᠭᠤᠰ ᠢ ᠨᠢ ᠦᠭᠭᠦᠭᠰᠡᠨ ᠬᠠᠮᠢᠶ᠎ᠠ ᠪᠦᠬᠦᠢ ᠭᠡᠷᠡᠴᠢ ᠪᠠᠷᠢᠮᠲᠠ ᠬᠠᠩᠭᠠᠭᠰᠠᠨ ᠦᠭᠡᠢ ᠮᠦᠷᠲᠡᠭᠡᠨ ᠵᠢᠭᠡᠯᠡᠯᠭᠡ ᠶᠢᠨ ᠬᠠᠷᠢᠴᠠᠭ᠎ᠠ ᠨᠢ ᠬᠤᠶᠠᠭᠤᠯᠠ ᠶᠢᠨ ᠢᠨᠠᠭ ᠤᠨ ᠬᠠᠷᠢᠴᠠᠭ᠎ᠠ ᠣᠷᠤᠰᠢᠵᠤ ᠪᠠᠶᠢᠭᠰᠠᠨ ᠦᠶ᠎ᠡ ᠳᠤ ᠪᠣᠢ ᠪᠣᠯᠤᠭᠰᠠᠨ ᠪᠣᠯᠬᠤᠷ᠂ ᠰᠢᠭᠦᠬᠦ ᠬᠤᠷᠢᠶ᠎ᠠ ᠯᠢᠥ ᠣᠪᠤᠭᠳᠤ ᠶᠢᠨ ᠵᠠᠷᠭᠤ ᠶᠢᠨ ᠭᠤᠶᠤᠴᠢᠯᠠᠯ ᠢ ᠨᠢᠴᠤᠭᠠᠵᠠᠢ᠃     ᠰᠢᠭᠦᠭᠴᠢ ᠶᠢᠨ ᠰᠠᠨᠠᠭᠤᠯᠤᠮᠵᠢ᠄     ᠰᠢᠭᠦᠭᠴᠢ ᠶᠢᠨ ᠦᠵᠡᠬᠦ ᠪᠠᠷ᠂ ᠬᠤᠶᠠᠷ ᠡᠲᠡᠭᠡᠳ ᠤᠨ ᠵᠢᠭᠡᠯᠡᠯᠭᠡ ᠶᠢᠨ ᠬᠠᠷᠢᠴᠠᠭ᠎ᠠ ᠣᠷᠤᠰᠢᠵᠤ ᠪᠠᠶᠢᠬᠤ ᠡᠰᠡᠬᠦ ᠶᠢ ᠲᠣᠳᠤᠯᠬᠤ ᠳᠤ᠂ ᠵᠢᠭᠡᠯᠡᠯᠭᠡ ᠶᠢᠨ ᠬᠠᠷᠠᠯᠲᠠ ᠪᠣᠳᠠᠰ᠂ ᠲᠤᠭ᠎ᠠ ᠬᠡᠮᠵᠢᠶ᠎ᠡ᠂ ᠪᠣᠴᠠᠭᠠᠬᠤ ᠴᠠᠭ ᠬᠤᠭᠤᠴᠠᠭ᠎ᠠ ᠵᠡᠷᠭᠡ ᠠᠭᠤᠯᠭ᠎ᠠ ᠨᠢ ᠨᠢᠭᠡᠳᠤᠯᠲᠡᠢ ᠪᠠᠶᠢᠬᠤ ᠡᠰᠡᠬᠦ ᠶᠢ ᠦᠵᠡᠬᠦ ᠠᠴᠠ ᠭᠠᠳᠠᠨ᠎ᠠ ᠵᠢᠭᠡᠯᠡᠯᠭᠡ ᠲᠠᠯᠪᠢᠭᠰᠠᠨ ᠬᠦᠮᠦᠨ ᠵᠣᠭᠤᠰ ᠢᠶᠠᠨ ᠵᠢᠭᠡᠯᠡᠭᠰᠡᠨ ᠬᠦᠮᠦᠨ ᠳᠤ ᠦᠭᠭᠦᠭᠰᠡᠨ ᠪᠠᠶᠢᠬᠤ ᠶᠢ ᠱᠠᠭᠠᠷᠳᠠᠨ᠎ᠠ᠃ ᠵᠢᠭᠡᠯᠡᠵᠦ ᠵᠢᠭᠡᠯᠡᠭᠦᠯᠦᠭᠰᠡᠨ ᠪᠣᠳᠠᠳᠤ ᠤᠴᠢᠷ ᠣᠷᠤᠰᠢᠬᠤ ᠦᠭᠡᠢ ᠪᠣᠯ ᠬᠤᠶᠠᠷ ᠡᠲᠡᠭᠡᠳ ᠢ ᠵᠢᠭᠡᠯᠡᠯᠭᠡ ᠶᠢᠨ ᠬᠠᠷᠢᠴᠠᠭ᠎ᠠ ᠲᠠᠢ ᠭᠡᠵᠦ ᠦᠵᠡᠬᠦ ᠦᠭᠡᠢ᠂ ᠢᠨᠠᠭ ᠤᠨ ᠬᠠᠷᠢᠴᠠᠭ᠎ᠠ ᠪᠠᠨ ᠲᠠᠰᠤᠯᠤᠭᠰᠠᠨ ᠠᠴᠠ ᠪᠣᠯᠤᠭᠰᠠᠨ ᠵᠢᠭᠡᠯᠡᠯᠭᠡ ᠨᠢ ᠨᠡᠶᠢᠭᠡᠮ ᠨᠡᠶᠢᠲᠡ ᠶᠢᠨ ᠶᠣᠰᠤ ᠰᠤᠷᠲᠠᠬᠤᠨ ᠢ ᠵᠦᠷᠢᠴᠡᠬᠦ ᠪᠣᠯᠬᠤᠷ ᠬᠠᠥᠯᠢ ᠴᠠᠭᠠᠵᠠ ᠶᠢᠨ ᠬᠠᠮᠠᠭᠠᠯᠠᠯᠲᠠ ᠶᠢ ᠬᠦᠷᠲᠡᠬᠦ ᠦᠭᠡᠢ᠃
 
ᠢᠷᠡᠯᠲᠡ᠄ ᠦᠪᠤᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号