ᠬᠠᠥᠯᠢ ᠶᠢᠨ ᠮᠡᠳᠡᠯᠭᠡ
ᠨᠡᠶᠢᠲᠡᠯᠡᠭᠰᠡᠨ ᠴᠠᠭ᠄
2017/3/1
        ᠣᠷᠤᠨ ᠰᠠᠭᠤᠴᠠ ᠶᠢᠨ ᠰᠠᠭᠤᠷᠢ ᠭᠠᠵᠠᠷ ᠳᠡᠭᠡᠷᠡᠬᠢ ᠭᠡᠷ ᠪᠠᠶᠢᠰᠢᠩ ᠢ ᠴᠢᠯᠦᠭᠡᠲᠡᠢ ᠪᠠᠷ ᠰᠢᠯᠵᠢᠭᠦᠯᠵᠦ ᠪᠣᠯᠤᠨ᠎ᠠ ᠤᠤ︖     ᠭᠡᠷ ᠪᠠᠶᠢᠰᠢᠩ ᠪᠠ ᠣᠷᠤᠨ ᠰᠠᠭᠤᠴᠠ ᠶᠢᠨ ᠰᠠᠭᠤᠷᠢ ᠭᠠᠵᠠᠷ ᠪᠣᠯ ᠰᠠᠯᠵᠤ ᠪᠣᠯᠤᠰᠢ ᠦᠭᠡᠢ᠂ ᠡᠶᠢᠮᠦ ᠠᠴᠠ ᠭᠡᠷ ᠪᠠᠶᠢᠰᠢᠩ ᠢ ᠰᠢᠯᠵᠢᠭᠦᠯᠬᠦ ᠨᠢ ᠲᠤᠰ ᠬᠠᠮᠲᠤ ᠨᠡᠶᠢᠲᠡ ᠶᠢᠨ ᠪᠦᠷᠢᠯᠳᠦᠭᠦᠨ ᠪᠣᠶᠣ ᠲᠤᠰ ᠬᠠᠮᠲᠤ ᠨᠡᠶᠢᠲᠡ ᠶᠢᠨ ᠠᠵᠤ ᠠᠬᠤᠶᠢᠯᠠᠯ ᠤᠨ ᠳᠣᠲᠤᠷ᠎ᠠ ᠬᠢᠵᠠᠭᠠᠷᠯᠠᠭᠳᠠᠨ᠎ᠠ᠂ ᠡᠶᠢᠮᠦ ᠬᠢᠵᠠᠭᠠᠷᠯᠠᠯ ᠨᠢ ᠬᠠᠮᠲᠤ ᠶᠢᠨ ᠭᠠᠵᠠᠷ ᠰᠢᠷᠤᠢ ᠶᠢᠨ ᠪᠦᠷᠢᠨ ᠪᠦᠲᠤᠨ ᠴᠢᠨᠠᠷ ᠢ ᠬᠠᠮᠠᠭᠠᠯᠠᠵᠤ ᠳᠡᠶᠢᠯᠤᠨ᠎ᠡ᠃     ᠬᠦᠳᠡᠭᠡ ᠲᠤᠰᠬᠤᠨ ᠤ ᠣᠷᠤᠨ ᠰᠠᠭᠤᠴᠠ ᠶᠢᠨ ᠰᠠᠭᠤᠷᠢ ᠭᠠᠵᠠᠷ ᠢ ᠬᠡᠷᠡᠭᠯᠡᠬᠦ ᠡᠷᠬᠡ ᠪᠠᠨ ᠰᠢᠯᠵᠢᠭᠦᠯᠬᠦ ᠳᠤ ᠢᠯᠡᠭᠦᠦ ᠳᠤᠲᠠᠭᠤ ᠶᠢ ᠨᠢ ᠵᠣᠬᠢᠴᠠᠭᠤᠯᠬᠤ ᠵᠠᠷᠴᠢᠮ ᠢᠶᠠᠷ ᠲᠤᠰ ᠬᠠᠮᠲᠤ ᠨᠡᠶᠢᠲᠡ ᠶᠢᠨ ᠪᠦᠷᠢᠯᠳᠦᠭᠦᠨ ᠤ ᠬᠤᠭᠤᠷᠤᠨᠳᠤ ᠬᠡᠯᠡᠯᠴᠡᠭᠡᠷ ᠢᠶᠠᠷ ᠰᠢᠯᠵᠢᠭᠦᠯᠦᠨ ᠦᠭᠭᠦᠨ᠎ᠡ  ᠂ ᠭᠡᠪᠡᠴᠤ ᠡᠷᠬᠡᠪᠰᠢ ᠰᠣᠮᠣ ᠰᠢᠶᠠᠩ ︵ᠪᠠᠯᠭᠠᠰᠤ︶ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠬᠦ ᠶᠢᠨ ᠬᠠᠮᠲᠤ ᠰᠢᠯᠵᠢᠭᠦᠯᠬᠦ ᠲᠠᠯ᠎ᠠ ᠨᠢ ᠠᠰᠢᠭ ᠣᠯᠵᠤ ᠪᠣᠯᠬᠤ ᠦᠭᠡᠢ᠃             ᠬᠦᠳᠡᠭᠡ ᠲᠤᠰᠬᠤᠨ ᠤ ᠲᠤᠰᠬᠤᠨ ᠤ ᠠᠷᠠᠳ ᠪᠦᠷᠢ ᠬᠡᠳᠤᠨ ᠣᠷᠤᠨ ᠰᠠᠭᠤᠴᠠ ᠶᠢᠨ ᠰᠠᠭᠤᠷᠢ ᠭᠠᠵᠠᠷ  ᠲᠠᠢ ᠪᠠᠶᠢᠵᠤ ᠪᠣᠯᠬᠤ ᠦᠭᠡᠢ︖     ᠬᠦᠳᠡᠭᠡ ᠲᠤᠰᠬᠤᠨ ᠤ ᠲᠤᠰᠬᠤᠨ ᠤ ᠠᠷᠠᠳ ᠪᠦᠷᠢ ᠵᠦᠪᠬᠡᠨ ᠨᠢᠭᠡ ᠣᠷᠤᠨ ᠰᠠᠭᠤᠴᠠ ᠶᠢᠨ ᠰᠠᠭᠤᠷᠢ ᠭᠠᠵᠠᠷ ᠪᠠᠶᠢᠵᠤ ᠪᠣᠯᠬᠤ ᠪᠦᠭᠡᠳ ᠲᠡᠭᠦᠨ ᠤ ᠣᠷᠤᠨ ᠰᠠᠭᠤᠴᠠ ᠶᠢᠨ ᠰᠠᠭᠤᠷᠢ ᠭᠠᠵᠠᠷ ᠤᠨ ᠲᠠᠯᠠᠪᠠᠢ ᠨᠢ ᠮᠣᠵᠢ᠂ ᠦᠪᠡᠷᠲᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠲᠠ ᠶᠢᠨ ᠲᠣᠭᠲᠠᠭᠠᠭᠰᠠᠨ ᠪᠠᠷᠢᠮᠵᠢᠶ᠎ᠠ ᠠᠴᠠ ᠳᠠᠪᠠᠵᠤ ᠪᠣᠯᠬᠤ ᠦᠭᠡᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号