ᠨᠣᠶᠢᠷ ᠢ ᠰᠠᠶᠢᠵᠢᠷᠠᠭᠤᠯᠬᠤ 9 ᠵᠤᠶᠢᠯ ᠤᠨ ᠢᠳᠡᠭᠡᠨ
ᠨᠡᠶᠢᠲᠡᠯᠡᠭᠰᠡᠨ ᠴᠠᠭ᠄
2017/3/10
    1. ᠪᠠᠨᠠᠨᠠ᠄ ᠪᠠᠨᠠᠨᠠ ᠶᠢᠨ ᠳᠣᠲᠤᠷ᠎ᠠ ᠪᠠᠭ᠎ᠠ ᠬᠡᠮᠵᠢᠶᠡᠨ ᠤ ᠬᠠᠷ᠎ᠠ ᠶᠢ ᠲᠠᠶᠢᠯᠬᠤ ᠡᠳ᠋ ᠪᠠ ᠴᠢᠰᠤᠨ ᠴᠠᠶᠢᠪᠠᠩ ᠡᠳ᠋ ᠪᠠᠶᠢᠬᠤ ᠠᠴᠠ ᠭᠠᠳᠠᠨ᠎ᠠ ᠪᠠᠰᠠ ᠮᠠᠭᠨᠢ ᠠᠭᠤᠯᠤᠭᠳᠠᠵᠤ ᠪᠣᠢ᠂ ᠲᠡᠷᠡ ᠨᠢ ᠨᠢᠭᠡ ᠵᠤᠶᠢᠯ ᠤᠨ ᠪᠣᠯᠴᠢᠩ ᠢ ᠰᠤᠯᠠᠷᠠᠭᠤᠯᠳᠠᠭ ᠡᠯᠧᠮᠧᠨ᠋ᠲ ᠪᠣᠯᠤᠨ᠎ᠠ᠃     2. ᠤᠳᠪᠠᠯᠠ ᠴᠡᠴᠡᠭ ᠤᠨ ᠴᠠᠢ᠄ ᠤᠳᠪᠠᠯᠠ ᠴᠡᠴᠡᠭ ᠤᠨ ᠴᠠᠢ ᠨᠢ ᠬᠦᠮᠦᠨ ᠢ ᠲᠠᠶᠢᠪᠤᠰᠢᠷᠠᠭᠤᠯᠬᠤ ᠤᠶᠢᠯᠡᠳᠦᠯ ᠲᠠᠢ᠂ ᠬᠦᠮᠦᠨ ᠤ ᠪᠡᠶ᠎ᠡ ᠪᠠ ᠰᠡᠳᠬᠢᠴᠡ ᠶᠢᠨ ᠳᠠᠷᠤᠭᠠᠰᠤ ᠶᠢ ᠬᠦᠩᠬᠡᠷᠡᠭᠦᠯᠵᠦ ᠳᠡᠶᠢᠯᠤᠨ᠎ᠡ᠃     3. ᠪᠦᠯᠢᠶᠡᠨ ᠰᠦ᠄ ᠰᠦ ᠶᠢᠨ ᠳᠣᠲᠤᠷ᠎ᠠ ᠦᠩᠭᠡᠳᠤ ᠰᠢᠪᠲᠤᠷᠳᠤ ᠬᠦᠴᠢᠯ ᠠᠭᠤᠯᠤᠭᠳᠠᠵᠤ ᠪᠣᠢ᠂ ᠲᠡᠷᠡ ᠨᠢ ᠲᠠᠶᠢᠳᠬᠤᠷᠠᠭᠤᠯᠬᠤ ᠤᠶᠢᠯᠡᠳᠤᠯ ᠲᠠᠢ ᠰᠢᠪᠲᠤᠷᠲᠤ ᠬᠦᠴᠢᠯ᠃ ᠰᠦ ᠶᠢᠨ ᠳᠣᠲᠤᠷ᠎ᠠ ᠪᠠᠰᠠ ᠶᠡᠭᠡ ᠲᠠᠷᠢᠬᠢᠨ ᠤ ᠦᠩᠭᠡᠲᠤ ᠰᠢᠪᠲᠤᠷᠲᠤ ᠬᠦᠴᠢᠯ ᠤᠨ ᠠᠰᠢᠭᠯᠠᠬᠤ ᠶᠢ ᠳᠡᠮᠵᠢᠬᠦ ᠺᠠᠯᠼ ᠠᠭᠤᠯᠤᠭᠳᠠᠨ᠎ᠠ᠃     4. ᠵᠦᠬᠡᠢ ᠶᠢᠨ ᠪᠠᠯ᠄ ᠰᠢᠬᠢᠷ ᠣᠯᠠᠨ ᠠᠭᠤᠯᠤᠭᠳᠠᠬᠤ ᠵᠦᠭᠡᠢ ᠶᠢᠨ ᠪᠠᠯ ᠨᠢ ᠡᠨᠧᠷᠬᠢ ᠶᠢ ᠨᠡᠮᠡᠭᠳᠡᠭᠦᠯᠳᠡᠭ᠂ ᠭᠡᠪᠡᠴᠦ ᠪᠠᠭ᠎ᠠ ᠬᠡᠮᠵᠢᠶᠡᠨ ᠤ ᠰᠢᠬᠢᠷ ᠨᠢ ᠶᠡᠭᠡ ᠲᠠᠷᠢᠬᠢᠨ ᠤ ᠢᠳᠡᠭᠡᠨ ᠤ ᠳᠤᠷᠠᠰᠢᠯ ᠢ ᠪᠠᠭᠤᠷᠠᠭᠤᠯᠤᠨ᠎ᠠ᠃     5. ᠲᠦᠮᠦᠰᠤ᠄ ᠲᠦᠮᠦᠰᠤ ᠲᠡᠳᠡᠭᠡᠷ ᠪᠡᠶ᠎ᠡ ᠳᠣᠲᠤᠷᠠᠬᠢ ᠦᠩᠭᠡᠲᠤ ᠰᠢᠪᠲᠤᠷᠲᠤ ᠬᠦᠴᠢᠯ ᠤᠨ ᠠᠵᠢᠯᠯᠠᠬᠤ ᠶᠢ ᠬᠠᠷᠰᠢᠯᠠᠬᠤ ᠬᠦᠴᠢᠯ ᠢ ᠠᠷᠢᠯᠭᠠᠨ᠎ᠠ᠃     6. ᠨᠣᠬᠠᠢ ᠶᠢᠨ ᠬᠤᠰᠢᠭᠤ ᠶᠢᠨ ᠢᠯᠳᠡᠰᠤ᠄ ᠨᠣᠬᠠᠢ ᠶᠢᠨ ᠬᠤᠰᠢᠭᠤ ᠶᠢᠨ ᠢᠯᠳᠡᠰᠤ ᠨᠢ ᠣᠷᠤᠢ ᠪᠡᠶ᠎ᠡ ᠶᠢᠨ ᠳᠣᠲᠤᠷᠠᠬᠢ ᠬᠠᠷ᠎ᠠ ᠶᠢ ᠲᠠᠶᠢᠯᠬᠤ ᠡᠳ᠋ ᠡᠭᠦᠰᠬᠦ ᠳᠤ ᠰᠡᠳᠡᠯᠲᠡ ᠦᠭᠭᠦᠨ᠎ᠡ᠃    7. ᠭᠦᠢᠯᠡᠰᠦᠨ ᠴᠦᠮ᠎ᠡ᠄ ᠭᠦᠢᠯᠡᠰᠤᠨ ᠴᠦᠮ᠎ᠡ   ᠨᠢ ᠵᠢᠷᠤᠬᠡᠨ ᠳᠤ ᠰᠠᠶᠢᠨ ᠮᠦᠷᠲᠡᠬᠡᠨ ᠨᠣᠶᠢᠷ ᠲᠤ ᠰᠠᠶᠢᠨ᠂ ᠤᠴᠢᠷ ᠨᠢ ᠲᠡᠭᠦᠨ ᠤ ᠳᠣᠲᠤᠷ᠎ᠠ ᠦᠩᠭᠡᠲᠤ ᠰᠢᠪᠲᠤᠷᠲᠤ ᠬᠦᠴᠢᠯ ᠪᠠ ᠮᠠᠭᠨᠢ ᠡᠯᠪᠡᠭ ᠠᠭᠤᠯᠤᠭᠳᠠᠵᠤ ᠪᠣᠢ᠃    8. ᠶᠠᠮᠠ ᠶᠢᠨ ᠦᠷ᠎ᠡ᠄ ᠶᠠᠮᠠ ᠶᠢᠨ ᠦᠷ᠎ᠡ ᠳᠣᠲᠤᠷ᠎ᠠ ᠰᠡᠳᠬᠢᠴᠡ ᠶᠢ ᠰᠠᠶᠢᠵᠢᠷᠠᠭᠤᠯᠳᠠᠭ omega-3 ᠬᠦᠴᠢᠯ ᠡᠯᠪᠡᠭ ᠠᠭᠤᠯᠤᠭᠳᠠᠵᠤ ᠪᠣᠢ᠃ ᠳᠠᠷᠤᠭᠠᠰᠤ ᠬᠦᠨᠳᠦ ᠠᠴᠠ ᠪᠣᠯᠵᠤ ᠤᠷᠮ᠎ᠠ ᠮᠠᠭᠤᠲᠠᠢ ᠦᠶ᠎ᠡ ᠳᠤ ᠵᠢᠭᠠᠬᠠᠨ ᠶᠠᠮᠠ ᠶᠢᠨ ᠦᠷ᠎ᠡ ᠢᠳᠡᠪᠡᠯ ᠨᠡᠩ ᠰᠠᠶᠢᠨ ᠠᠮᠠᠷᠠᠵᠤ ᠳᠡᠶᠢᠯᠤᠨ᠎ᠡ᠃    9. ᠪᠣᠭᠤᠳᠠᠢ ᠶᠢᠨ ᠲᠠᠯᠬ᠎ᠠ ︵ᠵᠢᠩᠬᠢᠨᠢ ᠪᠣᠭᠤᠳᠠᠢ ᠶᠢᠨ ᠲᠠᠯᠬ᠎ᠠ︶᠄ ᠨᠢᠭᠡ ᠬᠡᠰᠡᠭ ᠪᠣᠭᠤᠳᠠᠢ ᠶᠢᠨ ᠲᠠᠯᠬ᠎ᠠ ᠪᠠ ᠴᠠᠢ ᠨᠢ ᠶᠡᠭᠡ ᠲᠠᠷᠢᠬᠢᠨ ᠳᠣᠳᠤᠷᠠᠬᠢ ᠦᠩᠭᠡᠲᠤ ᠰᠢᠪᠲᠤᠷᠲᠤ ᠬᠦᠴᠢᠯ ᠢ ᠤᠷᠪᠠᠯᠳᠤᠭᠤᠯᠬᠤ ᠢᠨᠰᠦ᠋ᠯᠢᠨ ᠢ ᠡᠭᠦᠰᠭᠡᠵᠦ᠂ ᠡᠨᠡ ᠦᠶ᠎ᠡ  ᠶᠢᠨ ᠦᠩᠭᠡᠲᠤ ᠰᠢᠪᠲᠤᠷᠲᠤ ᠬᠦᠴᠢᠯ ᠨᠢ ᠶᠡᠭᠡ ᠲᠠᠷᠢᠬᠢᠨ ᠤ ᠨᠣᠶᠢᠷ ᠢ ᠰᠠᠶᠢᠵᠢᠷᠠᠭᠤᠯᠳᠠᠭ ᠴᠢᠰᠤᠨ ᠴᠠᠶᠢᠪᠠᠩ ᠡᠳ᠋ ᠪᠣᠯᠵᠤ ᠬᠤᠪᠢᠷᠠᠳᠠᠭ᠃
 
ᠢᠷᠡᠯᠲᠡ᠄ ᠦᠪᠤᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号