ᠬᠠᠪᠤᠷ ᠤᠨ ᠲᠦᠯ ᠢ ᠮᠡᠨᠳᠦ ᠲᠣᠰᠬᠤ ᠬᠠᠮᠤᠭ ᠪᠦᠲᠤᠮᠵᠢᠲᠡᠢ ᠠᠷᠭ᠎ᠠ
ᠨᠡᠶᠢᠲᠡᠯᠡᠭᠰᠡᠨ ᠴᠠᠭ᠄
2017/3/14
                                               ᠭᠠᠩᠪᠠᠭᠠᠲᠤᠷ     ᠡᠪᠤᠯ ᠤᠨ ᠬᠦᠢᠲᠡᠨ ᠢ ᠰᠢᠪᠲᠤᠷᠴᠤ ᠤᠷᠢᠬᠠᠨ ᠬᠠᠪᠤᠷ ᠰᠠᠭᠠᠲᠠᠬᠤ ᠪᠠᠷ ᠮᠠᠯᠴᠢᠳ ᠮᠠᠨᠢ ᠲᠦᠯ ᠲᠣᠰᠬᠤ ᠶᠠᠭᠠᠷᠠᠯᠲᠠᠢ ᠴᠠᠭ ᠢᠶᠠᠨ ᠤᠭᠲᠤᠨ᠎ᠠ᠃ ᠣᠷᠴᠢᠮ ᠤᠨ ᠵᠢᠯ ᠤᠳ ᠤᠨ ᠪᠠᠶᠢᠭᠠᠯᠢ ᠣᠷᠴᠢᠨ ᠤ ᠬᠤᠪᠢᠷᠠᠯᠲᠠ ᠨᠢ ᠪᠡᠯᠴᠢᠭᠡᠷ ᠡᠪᠡᠰᠤᠨ ᠤ ᠤᠷᠭᠤᠴᠠ ᠶᠢ ᠶᠡᠭᠡ ᠪᠠᠷ ᠨᠦᠯᠦᠭᠡᠯᠡᠵᠦ᠂ ᠬᠡᠭᠡᠷ᠎ᠡ ᠲᠠᠯ᠎ᠠ ᠳᠤ ᠰᠢᠮ᠎ᠡ ᠲᠡᠵᠢᠭᠡᠯ ᠰᠠᠶᠢᠲᠠᠢ ᠡᠪᠡᠰᠤ ᠤᠷᠭᠤᠮᠠᠯ ᠤᠳ ᠪᠠᠷᠤᠭ ᠬᠠᠷᠠᠭᠳᠠᠬᠤ ᠪᠠᠨ ᠪᠣᠯᠢᠵᠠᠢ᠃ ᠡᠪᠡᠰᠤ ᠤᠷᠭᠤᠮᠠᠯ ᠤᠨ ᠰᠢᠮ᠎ᠡ ᠲᠡᠵᠢᠭᠡᠯ ᠮᠠᠭᠤᠲᠠᠵᠤ ᠂ ᠪᠡᠯᠴᠢᠭᠡᠷ ᠬᠠᠳᠤᠯᠠᠩ ᠤᠨ ᠭᠠᠴᠢᠭ ᠪᠠᠶᠢᠳᠠᠯ ᠨᠢ ᠮᠠᠯ ᠤᠨ ᠲᠠᠷᠭᠤ ᠬᠦᠴᠤ ᠶᠢ ᠶᠡᠬᠡᠬᠡᠨ ᠨᠦᠯᠦᠭᠡᠯᠡᠵᠦ᠂ ᠭᠡᠭᠡᠯ ᠬᠠᠶᠠᠬᠤ᠂ ᠲᠦᠯ ᠨᠢ ᠳᠤᠲᠠᠭᠤ ᠭᠠᠷᠬᠤ᠂ ᠰᠤᠶᠢᠲᠦᠬᠦ ᠵᠡᠷᠭᠡ ᠪᠠᠶᠢᠳᠠᠯ ᠵᠦᠩᠳᠡᠭᠡᠨ ᠡᠭᠦᠰᠴᠤ ᠪᠣᠢ᠃ ᠮᠠᠯᠴᠢᠳ ᠎ ᠲᠠᠭᠠᠨ ᠦᠴᠦᠭᠡᠨ ᠴᠤ ᠭᠡᠰᠡᠨ ᠲᠤᠰᠠ ᠪᠣᠯᠬᠤ ᠡᠭᠦᠳᠡᠨ ᠠᠴᠠ ᠬᠠᠰᠢᠷ ᠮᠠᠯᠴᠢᠳ ᠤᠨ ᠮᠠᠯ ᠮᠠᠯᠵᠢᠬᠤ ᠠᠷᠭ᠎ᠠ ᠲᠣᠷᠰᠢᠯᠭ᠎ᠠ ᠶᠢ ᠳᠣᠣᠷᠠᠬᠢ ᠬᠡᠳᠤᠨ ᠵᠣᠷᠪᠤᠰ ᠲᠤ ᠬᠤᠷᠢᠶᠠᠩᠭᠤᠶᠢᠯᠠᠶ᠎ᠠ᠄     ᠨᠢᠭᠡ᠂ ᠬᠤᠨᠢ ᠦᠬᠡᠷ ᠤᠨ ᠬᠤᠷᠤᠬᠠᠢ ᠲᠠᠭᠤᠬᠤ ᠠᠵᠢᠯ ᠢ ᠬᠠᠮᠤᠭ ᠲᠦᠷᠦᠭᠦᠣ ᠪᠡᠶᠡᠯᠡᠭᠦᠯᠦᠨ᠎ᠡ᠃ ᠬᠤᠷᠤᠬᠠᠶᠢᠳᠠᠭᠰᠠᠨ ᠮᠠᠯ ᠡᠪᠡᠰᠤ ᠪᠣᠷᠳᠤᠭᠠᠨ ᠤ ᠰᠢᠮ᠎ᠡ ᠲᠡᠵᠢᠭᠡᠯ ᠢ ᠭᠦᠢᠴᠡᠳ ᠬᠦᠷᠲᠡᠵᠤ ᠳᠡᠶᠢᠯᠬᠦ ᠦᠭᠡᠢ᠃     ᠬᠤᠶᠠᠷ᠂ ᠡᠯ᠎ᠡ ᠵᠤᠶᠢᠯ ᠤᠨ ᠬᠢᠵᠢᠭ ᠢ ᠰᠡᠷᠭᠡᠶᠢᠯᠡᠬᠦ ᠲᠠᠷᠢᠯᠭ᠎ᠠ ᠶᠢ ᠴᠠᠭ ᠲᠣᠬᠠᠢ ᠳᠤᠨᠢ ᠲᠠᠷᠢᠭᠤᠯᠬᠤ ᠬᠡᠷᠡᠭᠲᠡᠢ᠃ ᠡᠬᠡ ᠮᠠᠯ ᠳᠤ ᠬᠢᠵᠢᠭ ᠡᠪᠡᠳᠴᠢᠨ ᠤ ᠵᠤᠶᠢᠯ ᠨᠢᠭᠤᠭᠳᠠᠵᠤ ᠪᠠᠶᠢᠪᠠᠯ ᠲᠠᠷᠭᠤ ᠠᠪᠬᠤ ᠦᠭᠡᠢ ᠮᠦᠷᠲᠡᠭᠡᠨ ᠭᠡᠮ ᠲᠠᠢ ᠲᠦᠯ ᠭᠠᠷᠭᠠᠳᠠᠭ᠃     ᠭᠤᠷᠪᠠ᠂ ᠲᠦᠯᠯᠡᠬᠦ ᠮᠠᠯ ᠢ ᠡᠷᠲᠡᠨ ᠠᠴᠠ ᠨᠢ ᠰᠠᠶᠢᠳᠤᠷ ᠲᠡᠵᠢᠭᠡᠨ ᠠᠷᠠᠴᠢᠯᠠᠬᠤ ᠬᠡᠷᠡᠭᠲᠡᠢ᠃ ᠲᠦᠯᠯᠡᠬᠦ ᠠᠴᠠ ᠨᠢᠭᠡ ᠰᠠᠷ᠎ᠠ ᠪᠣᠶᠣ ᠬᠤᠶᠠᠷ ᠰᠠᠷ᠎ᠠ ᠶᠢᠨ ᠡᠮᠦᠨ᠎ᠡ ᠡᠬᠢᠯᠡᠵᠦ ᠡᠪᠡᠰᠤ ᠪᠣᠷᠳᠤᠭ᠎ᠠ ᠶᠢ ᠲᠣᠬᠢᠷᠠᠭᠤᠯᠤᠨ ᠲᠦᠯ ᠲᠣᠰᠬᠤ ᠠᠵᠢᠯ ᠤᠨ ᠪᠡᠯᠡᠳᠭᠡᠯ ᠢᠶᠠᠨ ᠰᠠᠶᠢᠳᠤᠷ ᠬᠢᠬᠦ ᠬᠡᠷᠡᠭᠲᠡᠢ᠃ ᠮᠠᠯ ᠢᠶᠠᠨ ᠲᠦᠯᠯᠡᠬᠦ ᠠᠴᠠ ᠨᠢ ᠡᠮᠦᠨ᠎ᠡ ᠰᠠᠶᠢᠳᠤᠷ ᠲᠡᠵᠢᠭᠡᠨ ᠠᠷᠠᠴᠢᠯᠠᠬᠤ ᠨᠢ ᠮᠠᠯ ᠤᠨ ᠰᠦ ᠶᠢ ᠰᠠᠶᠢᠵᠢᠷᠠᠭᠤᠯᠵᠤ᠂ ᠲᠦᠯ ᠮᠠᠯ ᠤᠨ ᠦᠰᠦᠯᠲᠡ ᠶᠢ ᠲᠦᠷᠭᠡᠳᠭᠡᠳᠡᠭ᠃ ᠬᠠᠰᠢᠷ ᠮᠠᠯᠴᠢᠳ ᠲᠦᠯᠯᠡᠬᠦ ᠮᠠᠯ ᠳᠤ ᠡᠳᠦᠷ ᠪᠦᠷᠢ ᠨᠢᠭᠡ ᠤᠳᠠᠭ᠎ᠠ ᠡᠷᠳᠡᠨᠢ ᠰᠢᠰᠢ᠂ ᠬᠤᠶᠠᠷ ᠤᠳᠠᠭ᠎ᠠ ᠬᠦᠬᠡ ᠡᠪᠡᠰᠤ ᠦᠭᠴᠦ᠂ ᠲᠦᠯᠯᠡᠭᠰᠡᠨ ᠤ ᠬᠤᠶᠢᠨ᠎ᠠ ᠡᠬᠡ ᠮᠠᠯ ᠳᠤ ᠡᠳᠦᠷ ᠪᠦᠷᠢ ᠬᠤᠶᠠᠷ ᠴᠠᠭ ᠢᠶᠠᠷ ᠡᠷᠳᠡᠨᠢ ᠰᠢᠰᠢ᠂ ᠬᠦᠬᠡ ᠡᠪᠡᠰᠤ ᠦᠭᠳᠡᠭ᠃     ᠳᠥᠷᠪᠡ᠂ ᠮᠠᠯ ᠢᠶᠠᠨ ᠰᠠᠯᠭᠠᠵᠤ ᠲᠡᠵᠢᠭᠡᠬᠦ ᠬᠡᠷᠡᠭᠲᠡᠢ᠃ ᠬᠤᠨᠢ ᠢᠮᠠᠭ᠎ᠠ ᠬᠤᠶᠠᠷ ᠢ ᠠᠰ ᠠᠰ ᠲᠤᠨᠢ ᠲᠡᠵᠢᠭᠡᠬᠦ ᠬᠡᠷᠡᠭᠲᠡᠢ᠃ ᠢᠮᠠᠭ᠎ᠠ ᠬᠤᠨᠢ ᠶᠢ ᠪᠣᠳᠤᠪᠠᠯ ᠪᠣᠱᠢᠭᠤ ᠲᠦᠷᠭᠡᠨ ᠵᠠᠩ ᠲᠠᠢ ᠪᠠᠶᠢᠵᠤ᠂ ᠡᠪᠡᠰᠤ ᠪᠣᠷᠳᠤᠭ᠎ᠠ ᠶᠢ ᠲᠦᠷᠭᠡᠨ ᠢᠳᠡᠳᠡᠭ᠃ ᠡᠶᠢᠮᠦ ᠠᠴᠠ ᠬᠤᠨᠢ ᠢᠮᠠᠭ᠎ᠠ ᠶᠢ ᠨᠡᠶᠢᠯᠡᠭᠦᠯᠵᠦ ᠲᠡᠵᠢᠭᠡᠪᠡᠯ ᠡᠳᠦᠷ ᠤᠨ ᠤᠳᠠᠭᠠᠨ ᠳᠤ ᠬᠤᠨᠢᠨ ᠤ ᠲᠠᠷᠭᠤ ᠬᠦᠴᠤ ᠨᠢ ᠪᠠᠭᠤᠷᠠᠬᠤ ᠦᠵᠡᠭᠳᠡᠯ ᠵᠦᠩᠳᠡᠭᠡᠨ ᠭᠠᠷᠳᠠᠭ᠃ ᠳᠠᠬᠢᠪᠠᠯ ᠡᠬᠡ ᠲᠦᠯ ᠢ ᠰᠠᠯᠭᠠᠵᠤ ᠲᠡᠵᠢᠭᠡᠬᠦ ᠶᠢ ᠠᠩᠬᠠᠷᠬᠤ ᠬᠡᠷᠡᠭᠲᠡᠢ᠃ ᠬᠡᠷᠪᠡ ᠡᠬᠡ ᠲᠦᠯ ᠢ ᠡᠳᠦᠷᠵᠢᠨ ᠬᠠᠮᠲᠤ ᠳᠤᠨᠢ ᠲᠡᠵᠢᠭᠡᠪᠡᠯ ᠬᠤᠷᠠᠭ᠎ᠠ ᠢᠰᠢᠭᠡ ᠴᠠᠭ ᠢᠮᠠᠭᠲᠠ ᠡᠬᠡ ᠪᠠᠨ ᠬᠦᠬᠦᠵᠦ᠂ ᠰᠦ ᠬᠦᠢᠴᠡᠳ ᠪᠠᠭᠤᠬᠤ ᠠᠴᠠ ᠡᠮᠦᠨ᠎ᠡ ᠬᠤᠭᠤᠰᠤᠨ ᠰᠢᠮᠡᠵᠦ᠂ ᠡᠬᠡ ᠮᠠᠯ ᠤᠨ ᠰᠢᠮ᠎ᠡ ᠲᠡᠵᠢᠭᠡᠯ ᠤᠨ ᠠᠪᠬᠤ ᠪᠦᠭᠡᠳ ᠬᠤᠷᠠᠭ᠎ᠠ ᠢᠰᠢᠭᠡ ᠴᠤ ᠰᠦ ᠳᠡᠭᠡᠨ ᠴᠠᠳᠬᠤ ᠦᠭᠡᠢ ᠪᠣᠯᠤᠨ᠎ᠠ᠃     ᠲᠠᠪᠤ᠂  ᠬᠠᠪᠤᠷ ᠤᠨ ᠲᠦᠯ ᠲᠣᠰᠬᠤ ᠲᠣᠬᠢᠷᠠᠮᠵᠢᠲᠠᠢ ᠴᠠᠭ ᠪᠣᠯ ᠭᠤᠷᠪᠠᠳᠤᠭᠠᠷ ᠰᠠᠷ᠎ᠠ ᠶᠢᠨ ᠳᠤᠮᠳᠠᠴᠢ ᠠᠴᠠ ᠳᠦᠷᠪᠡᠳᠤᠭᠡᠷ ᠰᠠᠷ᠎ᠠ ᠶᠢᠨ ᠳᠤᠮᠳᠠᠴᠢ ᠪᠣᠯᠲᠠᠯᠠᠬᠢ ᠬᠤᠭᠤᠴᠠᠭ᠎ᠠ᠃ ᠡᠨᠡ ᠦᠶᠡᠰ ᠬᠦᠳᠡᠭᠡ ᠨᠤᠲᠤᠭ ᠲᠤ ᠤᠷᠢ ᠣᠷᠤᠵᠤ ᠲᠦᠯ ᠤᠨ ᠪᠣᠶᠢᠵᠢᠯᠲᠠ ᠳᠤ ᠠᠰᠢᠭᠲᠠᠢ ᠪᠠᠶᠢᠳᠠᠭ᠃     ᠵᠢᠷᠭᠤᠭ᠎ᠠ᠂ ᠵᠤᠨ ᠤ ᠡᠬᠢ ᠪᠠᠷ ᠮᠠᠯ ᠢᠶᠠᠨ ᠪᠡᠯᠴᠢᠭᠡᠷ ᠲᠤ ᠭᠠᠷᠭᠠᠬᠤ ᠳᠠᠭᠠᠨ ᠲᠦᠯ ᠤᠨ ᠮᠠᠯ ᠢ ᠡᠬᠡ ᠮᠠᠯ ᠠᠴᠠ ᠎ ᠨᠢ ᠰᠠᠯᠭᠠᠵᠤ ᠪᠡᠯᠴᠢᠭᠡᠷᠯᠡᠭᠦᠯᠬᠦ ᠬᠡᠷᠡᠭᠲᠡᠢ᠃ ᠬᠦᠷᠪᠡᠰᠢᠵᠤ ᠠᠮᠵᠢᠭ᠎ᠠ ᠦᠭᠡᠢ ᠲᠦᠯ ᠤᠳ ᠰᠦᠷᠦᠭ ᠳᠠᠭᠠᠪᠠᠯ ᠬᠦᠴᠤᠨ ᠴᠢᠳᠠᠯ ᠨᠢ ᠪᠠᠷᠠᠭᠳᠠᠵᠤ᠂ ᠤᠳᠠᠭᠠᠨ ᠳᠠᠭᠠᠨ ᠠᠭᠤᠰᠬᠢᠨ ᠳᠤᠨᠢ ᠭᠡᠮ ᠰᠠᠭᠤᠵᠤ ᠲᠦᠷᠭᠡᠨ ᠦᠩᠭᠡ ᠠᠯᠳᠠᠳᠠᠭ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号