ᠬᠠᠪᠤᠷ ᠤᠨ ᠲᠦᠯ ᠢ ᠮᠡᠨᠳᠦ ᠲᠣᠰᠬᠤ ᠬᠠᠮᠤᠭ ᠪᠦᠲᠤᠮᠵᠢᠲᠡᠢ ᠠᠷᠭ᠎ᠠ
ᠨᠡᠶᠢᠲᠡᠯᠡᠭᠰᠡᠨ ᠴᠠᠭ᠄
2017/3/14
                                               ᠭᠠᠩᠪᠠᠭᠠᠲᠤᠷ     ᠡᠪᠤᠯ ᠤᠨ ᠬᠦᠢᠲᠡᠨ ᠢ ᠰᠢᠪᠲᠤᠷᠴᠤ ᠤᠷᠢᠬᠠᠨ ᠬᠠᠪᠤᠷ ᠰᠠᠭᠠᠲᠠᠬᠤ ᠪᠠᠷ ᠮᠠᠯᠴᠢᠳ ᠮᠠᠨᠢ ᠲᠦᠯ ᠲᠣᠰᠬᠤ ᠶᠠᠭᠠᠷᠠᠯᠲᠠᠢ ᠴᠠᠭ ᠢᠶᠠᠨ ᠤᠭᠲᠤᠨ᠎ᠠ᠃ ᠣᠷᠴᠢᠮ ᠤᠨ ᠵᠢᠯ ᠤᠳ ᠤᠨ ᠪᠠᠶᠢᠭᠠᠯᠢ ᠣᠷᠴᠢᠨ ᠤ ᠬᠤᠪᠢᠷᠠᠯᠲᠠ ᠨᠢ ᠪᠡᠯᠴᠢᠭᠡᠷ ᠡᠪᠡᠰᠤᠨ ᠤ ᠤᠷᠭᠤᠴᠠ ᠶᠢ ᠶᠡᠭᠡ ᠪᠠᠷ ᠨᠦᠯᠦᠭᠡᠯᠡᠵᠦ᠂ ᠬᠡᠭᠡᠷ᠎ᠡ ᠲᠠᠯ᠎ᠠ ᠳᠤ ᠰᠢᠮ᠎ᠡ ᠲᠡᠵᠢᠭᠡᠯ ᠰᠠᠶᠢᠲᠠᠢ ᠡᠪᠡᠰᠤ ᠤᠷᠭᠤᠮᠠᠯ ᠤᠳ ᠪᠠᠷᠤᠭ ᠬᠠᠷᠠᠭᠳᠠᠬᠤ ᠪᠠᠨ ᠪᠣᠯᠢᠵᠠᠢ᠃ ᠡᠪᠡᠰᠤ ᠤᠷᠭᠤᠮᠠᠯ ᠤᠨ ᠰᠢᠮ᠎ᠡ ᠲᠡᠵᠢᠭᠡᠯ ᠮᠠᠭᠤᠲᠠᠵᠤ ᠂ ᠪᠡᠯᠴᠢᠭᠡᠷ ᠬᠠᠳᠤᠯᠠᠩ ᠤᠨ ᠭᠠᠴᠢᠭ ᠪᠠᠶᠢᠳᠠᠯ ᠨᠢ ᠮᠠᠯ ᠤᠨ ᠲᠠᠷᠭᠤ ᠬᠦᠴᠤ ᠶᠢ ᠶᠡᠬᠡᠬᠡᠨ ᠨᠦᠯᠦᠭᠡᠯᠡᠵᠦ᠂ ᠭᠡᠭᠡᠯ ᠬᠠᠶᠠᠬᠤ᠂ ᠲᠦᠯ ᠨᠢ ᠳᠤᠲᠠᠭᠤ ᠭᠠᠷᠬᠤ᠂ ᠰᠤᠶᠢᠲᠦᠬᠦ ᠵᠡᠷᠭᠡ ᠪᠠᠶᠢᠳᠠᠯ ᠵᠦᠩᠳᠡᠭᠡᠨ ᠡᠭᠦᠰᠴᠤ ᠪᠣᠢ᠃ ᠮᠠᠯᠴᠢᠳ  ᠲᠠᠭᠠᠨ ᠦᠴᠦᠭᠡᠨ ᠴᠤ ᠭᠡᠰᠡᠨ ᠲᠤᠰᠠ ᠪᠣᠯᠬᠤ ᠡᠭᠦᠳᠡᠨ ᠠᠴᠠ ᠬᠠᠰᠢᠷ ᠮᠠᠯᠴᠢᠳ ᠤᠨ ᠮᠠᠯ ᠮᠠᠯᠵᠢᠬᠤ ᠠᠷᠭ᠎ᠠ ᠲᠣᠷᠰᠢᠯᠭ᠎ᠠ ᠶᠢ ᠳᠣᠣᠷᠠᠬᠢ ᠬᠡᠳᠤᠨ ᠵᠣᠷᠪᠤᠰ ᠲᠤ ᠬᠤᠷᠢᠶᠠᠩᠭᠤᠶᠢᠯᠠᠶ᠎ᠠ᠄     ᠨᠢᠭᠡ᠂ ᠬᠤᠨᠢ ᠦᠬᠡᠷ ᠤᠨ ᠬᠤᠷᠤᠬᠠᠢ ᠲᠠᠭᠤᠬᠤ ᠠᠵᠢᠯ ᠢ ᠬᠠᠮᠤᠭ ᠲᠦᠷᠦᠭᠦᠣ ᠪᠡᠶᠡᠯᠡᠭᠦᠯᠦᠨ᠎ᠡ᠃ ᠬᠤᠷᠤᠬᠠᠶᠢᠳᠠᠭᠰᠠᠨ ᠮᠠᠯ ᠡᠪᠡᠰᠤ ᠪᠣᠷᠳᠤᠭᠠᠨ ᠤ ᠰᠢᠮ᠎ᠡ ᠲᠡᠵᠢᠭᠡᠯ ᠢ ᠭᠦᠢᠴᠡᠳ ᠬᠦᠷᠲᠡᠵᠤ ᠳᠡᠶᠢᠯᠬᠦ ᠦᠭᠡᠢ᠃     ᠬᠤᠶᠠᠷ᠂ ᠡᠯ᠎ᠡ ᠵᠤᠶᠢᠯ ᠤᠨ ᠬᠢᠵᠢᠭ ᠢ ᠰᠡᠷᠭᠡᠶᠢᠯᠡᠬᠦ ᠲᠠᠷᠢᠯᠭ᠎ᠠ ᠶᠢ ᠴᠠᠭ ᠲᠣᠬᠠᠢ ᠳᠤᠨᠢ ᠲᠠᠷᠢᠭᠤᠯᠬᠤ ᠬᠡᠷᠡᠭᠲᠡᠢ᠃ ᠡᠬᠡ ᠮᠠᠯ ᠳᠤ ᠬᠢᠵᠢᠭ ᠡᠪᠡᠳᠴᠢᠨ ᠤ ᠵᠤᠶᠢᠯ ᠨᠢᠭᠤᠭᠳᠠᠵᠤ ᠪᠠᠶᠢᠪᠠᠯ ᠲᠠᠷᠭᠤ ᠠᠪᠬᠤ ᠦᠭᠡᠢ ᠮᠦᠷᠲᠡᠭᠡᠨ ᠭᠡᠮ ᠲᠠᠢ ᠲᠦᠯ ᠭᠠᠷᠭᠠᠳᠠᠭ᠃     ᠭᠤᠷᠪᠠ᠂ ᠲᠦᠯᠯᠡᠬᠦ ᠮᠠᠯ ᠢ ᠡᠷᠲᠡᠨ ᠠᠴᠠ ᠨᠢ ᠰᠠᠶᠢᠳᠤᠷ ᠲᠡᠵᠢᠭᠡᠨ ᠠᠷᠠᠴᠢᠯᠠᠬᠤ ᠬᠡᠷᠡᠭᠲᠡᠢ᠃ ᠲᠦᠯᠯᠡᠬᠦ ᠠᠴᠠ ᠨᠢᠭᠡ ᠰᠠᠷ᠎ᠠ ᠪᠣᠶᠣ ᠬᠤᠶᠠᠷ ᠰᠠᠷ᠎ᠠ ᠶᠢᠨ ᠡᠮᠦᠨ᠎ᠡ ᠡᠬᠢᠯᠡᠵᠦ ᠡᠪᠡᠰᠤ ᠪᠣᠷᠳᠤᠭ᠎ᠠ ᠶᠢ ᠲᠣᠬᠢᠷᠠᠭᠤᠯᠤᠨ ᠲᠦᠯ ᠲᠣᠰᠬᠤ ᠠᠵᠢᠯ ᠤᠨ ᠪᠡᠯᠡᠳᠭᠡᠯ ᠢᠶᠠᠨ ᠰᠠᠶᠢᠳᠤᠷ ᠬᠢᠬᠦ ᠬᠡᠷᠡᠭᠲᠡᠢ᠃ ᠮᠠᠯ ᠢᠶᠠᠨ ᠲᠦᠯᠯᠡᠬᠦ ᠠᠴᠠ ᠨᠢ ᠡᠮᠦᠨ᠎ᠡ ᠰᠠᠶᠢᠳᠤᠷ ᠲᠡᠵᠢᠭᠡᠨ ᠠᠷᠠᠴᠢᠯᠠᠬᠤ ᠨᠢ ᠮᠠᠯ ᠤᠨ ᠰᠦ ᠶᠢ ᠰᠠᠶᠢᠵᠢᠷᠠᠭᠤᠯᠵᠤ᠂ ᠲᠦᠯ ᠮᠠᠯ ᠤᠨ ᠦᠰᠦᠯᠲᠡ ᠶᠢ ᠲᠦᠷᠭᠡᠳᠭᠡᠳᠡᠭ᠃ ᠬᠠᠰᠢᠷ ᠮᠠᠯᠴᠢᠳ ᠲᠦᠯᠯᠡᠬᠦ ᠮᠠᠯ ᠳᠤ ᠡᠳᠦᠷ ᠪᠦᠷᠢ ᠨᠢᠭᠡ ᠤᠳᠠᠭ᠎ᠠ ᠡᠷᠳᠡᠨᠢ ᠰᠢᠰᠢ᠂ ᠬᠤᠶᠠᠷ ᠤᠳᠠᠭ᠎ᠠ ᠬᠦᠬᠡ ᠡᠪᠡᠰᠤ ᠦᠭᠴᠦ᠂ ᠲᠦᠯᠯᠡᠭᠰᠡᠨ ᠤ ᠬᠤᠶᠢᠨ᠎ᠠ ᠡᠬᠡ ᠮᠠᠯ ᠳᠤ ᠡᠳᠦᠷ ᠪᠦᠷᠢ ᠬᠤᠶᠠᠷ ᠴᠠᠭ ᠢᠶᠠᠷ ᠡᠷᠳᠡᠨᠢ ᠰᠢᠰᠢ᠂ ᠬᠦᠬᠡ ᠡᠪᠡᠰᠤ ᠦᠭᠳᠡᠭ᠃     ᠳᠥᠷᠪᠡ᠂ ᠮᠠᠯ ᠢᠶᠠᠨ ᠰᠠᠯᠭᠠᠵᠤ ᠲᠡᠵᠢᠭᠡᠬᠦ ᠬᠡᠷᠡᠭᠲᠡᠢ᠃ ᠬᠤᠨᠢ ᠢᠮᠠᠭ᠎ᠠ ᠬᠤᠶᠠᠷ ᠢ ᠠᠰ ᠠᠰ ᠲᠤᠨᠢ ᠲᠡᠵᠢᠭᠡᠬᠦ ᠬᠡᠷᠡᠭᠲᠡᠢ᠃ ᠢᠮᠠᠭ᠎ᠠ ᠬᠤᠨᠢ ᠶᠢ ᠪᠣᠳᠤᠪᠠᠯ ᠪᠣᠱᠢᠭᠤ ᠲᠦᠷᠭᠡᠨ ᠵᠠᠩ ᠲᠠᠢ ᠪᠠᠶᠢᠵᠤ᠂ ᠡᠪᠡᠰᠤ ᠪᠣᠷᠳᠤᠭ᠎ᠠ ᠶᠢ ᠲᠦᠷᠭᠡᠨ ᠢᠳᠡᠳᠡᠭ᠃ ᠡᠶᠢᠮᠦ ᠠᠴᠠ ᠬᠤᠨᠢ ᠢᠮᠠᠭ᠎ᠠ ᠶᠢ ᠨᠡᠶᠢᠯᠡᠭᠦᠯᠵᠦ ᠲᠡᠵᠢᠭᠡᠪᠡᠯ ᠡᠳᠦᠷ ᠤᠨ ᠤᠳᠠᠭᠠᠨ ᠳᠤ ᠬᠤᠨᠢᠨ ᠤ ᠲᠠᠷᠭᠤ ᠬᠦᠴᠤ ᠨᠢ ᠪᠠᠭᠤᠷᠠᠬᠤ ᠦᠵᠡᠭᠳᠡᠯ ᠵᠦᠩᠳᠡᠭᠡᠨ ᠭᠠᠷᠳᠠᠭ᠃ ᠳᠠᠬᠢᠪᠠᠯ ᠡᠬᠡ ᠲᠦᠯ ᠢ ᠰᠠᠯᠭᠠᠵᠤ ᠲᠡᠵᠢᠭᠡᠬᠦ ᠶᠢ ᠠᠩᠬᠠᠷᠬᠤ ᠬᠡᠷᠡᠭᠲᠡᠢ᠃ ᠬᠡᠷᠪᠡ ᠡᠬᠡ ᠲᠦᠯ ᠢ ᠡᠳᠦᠷᠵᠢᠨ ᠬᠠᠮᠲᠤ ᠳᠤᠨᠢ ᠲᠡᠵᠢᠭᠡᠪᠡᠯ ᠬᠤᠷᠠᠭ᠎ᠠ ᠢᠰᠢᠭᠡ ᠴᠠᠭ ᠢᠮᠠᠭᠲᠠ ᠡᠬᠡ ᠪᠠᠨ ᠬᠦᠬᠦᠵᠦ᠂ ᠰᠦ ᠬᠦᠢᠴᠡᠳ ᠪᠠᠭᠤᠬᠤ ᠠᠴᠠ ᠡᠮᠦᠨ᠎ᠡ ᠬᠤᠭᠤᠰᠤᠨ ᠰᠢᠮᠡᠵᠦ᠂ ᠡᠬᠡ ᠮᠠᠯ ᠤᠨ ᠰᠢᠮ᠎ᠡ ᠲᠡᠵᠢᠭᠡᠯ ᠤᠨ ᠠᠪᠬᠤ ᠪᠦᠭᠡᠳ ᠬᠤᠷᠠᠭ᠎ᠠ ᠢᠰᠢᠭᠡ ᠴᠤ ᠰᠦ ᠳᠡᠭᠡᠨ ᠴᠠᠳᠬᠤ ᠦᠭᠡᠢ ᠪᠣᠯᠤᠨ᠎ᠠ᠃     ᠲᠠᠪᠤ᠂  ᠬᠠᠪᠤᠷ ᠤᠨ ᠲᠦᠯ ᠲᠣᠰᠬᠤ ᠲᠣᠬᠢᠷᠠᠮᠵᠢᠲᠠᠢ ᠴᠠᠭ ᠪᠣᠯ ᠭᠤᠷᠪᠠᠳᠤᠭᠠᠷ ᠰᠠᠷ᠎ᠠ ᠶᠢᠨ ᠳᠤᠮᠳᠠᠴᠢ ᠠᠴᠠ ᠳᠦᠷᠪᠡᠳᠤᠭᠡᠷ ᠰᠠᠷ᠎ᠠ ᠶᠢᠨ ᠳᠤᠮᠳᠠᠴᠢ ᠪᠣᠯᠲᠠᠯᠠᠬᠢ ᠬᠤᠭᠤᠴᠠᠭ᠎ᠠ᠃ ᠡᠨᠡ ᠦᠶᠡᠰ ᠬᠦᠳᠡᠭᠡ ᠨᠤᠲᠤᠭ ᠲᠤ ᠤᠷᠢ ᠣᠷᠤᠵᠤ ᠲᠦᠯ ᠤᠨ ᠪᠣᠶᠢᠵᠢᠯᠲᠠ ᠳᠤ ᠠᠰᠢᠭᠲᠠᠢ ᠪᠠᠶᠢᠳᠠᠭ᠃     ᠵᠢᠷᠭᠤᠭ᠎ᠠ᠂ ᠵᠤᠨ ᠤ ᠡᠬᠢ ᠪᠠᠷ ᠮᠠᠯ ᠢᠶᠠᠨ ᠪᠡᠯᠴᠢᠭᠡᠷ ᠲᠤ ᠭᠠᠷᠭᠠᠬᠤ ᠳᠠᠭᠠᠨ ᠲᠦᠯ ᠤᠨ ᠮᠠᠯ ᠢ ᠡᠬᠡ ᠮᠠᠯ ᠠᠴᠠ  ᠨᠢ ᠰᠠᠯᠭᠠᠵᠤ ᠪᠡᠯᠴᠢᠭᠡᠷᠯᠡᠭᠦᠯᠬᠦ ᠬᠡᠷᠡᠭᠲᠡᠢ᠃ ᠬᠦᠷᠪᠡᠰᠢᠵᠤ ᠠᠮᠵᠢᠭ᠎ᠠ ᠦᠭᠡᠢ ᠲᠦᠯ ᠤᠳ ᠰᠦᠷᠦᠭ ᠳᠠᠭᠠᠪᠠᠯ ᠬᠦᠴᠤᠨ ᠴᠢᠳᠠᠯ ᠨᠢ ᠪᠠᠷᠠᠭᠳᠠᠵᠤ᠂ ᠤᠳᠠᠭᠠᠨ ᠳᠠᠭᠠᠨ ᠠᠭᠤᠰᠬᠢᠨ ᠳᠤᠨᠢ ᠭᠡᠮ ᠰᠠᠭᠤᠵᠤ ᠲᠦᠷᠭᠡᠨ ᠦᠩᠭᠡ ᠠᠯᠳᠠᠳᠠᠭ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号