ᠣᠩᠨᠢᠭᠤᠳ ᠬᠤᠰᠢᠭᠤᠨ ᠤ ᠮᠣᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠶᠠᠳᠤᠭᠠᠷ ᠤᠳᠠᠭᠠᠨ ᠤ ︽ᠪᠢᠯᠢᠭ ᠤᠨ ᠰᠣᠷᠢᠭ᠎ᠠ︾ ᠵᠣᠬᠢᠶᠠᠨ ᠪᠢᠴᠢᠯᠭᠡ ᠣᠩᠰᠢᠯᠭ᠎ᠠ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2017/3/29
ᠣᠩᠨᠢᠭᠤᠳ ᠬᠤᠰᠢᠭᠤᠨ ᠤ ᠮᠣᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠶᠠᠳᠤᠭᠠᠷ ᠤᠳᠠᠭᠠᠨ ᠤ ︽ᠪᠢᠯᠢᠭ ᠤᠨ ᠰᠣᠷᠢᠭ᠎ᠠ︾ ᠵᠣᠬᠢᠶᠠᠨ ᠪᠢᠴᠢᠯᠭᠡ ᠣᠩᠰᠢᠯᠭ᠎ᠠ ᠶᠢᠨ ᠤᠷᠤᠯᠳᠤᠭᠠᠨ ᠶᠠᠪᠤᠭᠳᠠᠪᠠ     ᠰᠤᠷᠤᠭᠴᠢᠳ ᠤᠨ ᠣᠩᠰᠢᠯᠭ᠎ᠠ ᠶᠢᠨ ᠴᠢᠳᠠᠪᠦᠷᠢ ᠪᠠ ᠵᠣᠬᠢᠶᠠᠨ ᠪᠢᠴᠢᠯᠭᠡ ᠶᠢᠨ ᠤᠷ᠎ᠠ ᠮᠡᠷᠭᠡᠵᠢᠯ ᠢ ᠳᠡᠭᠡᠭᠰᠢᠯᠡᠬᠦᠯᠵᠦ᠂ ᠦᠨᠳᠤᠰᠤᠲᠡᠨ ᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠠᠷᠢᠮᠵᠢᠶ᠎ᠠ ᠣᠩᠰᠢᠯᠭ᠎ᠠ ᠪᠣᠯᠤᠨ ᠤᠷᠠᠨ ᠲᠣᠳᠣ ᠣᠩᠰᠢᠯᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠦᠯᠦᠭᠡ᠂ 3 ᠰᠠᠷ᠎ᠠ ᠶᠢᠨ 28 ᠤ ᠡᠳᠦᠷ᠂ ᠣᠩᠨᠢᠭᠤᠳ ᠬᠤᠰᠢᠭᠤᠨ ᠤ ᠮᠣᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠶᠠᠳᠤᠭᠠᠷ ᠤᠳᠠᠭᠠᠨ ᠤ ︽ᠪᠢᠯᠢᠭ ᠤᠨ ᠰᠣᠷᠢᠭ᠎ᠠ︾ ᠵᠣᠬᠢᠶᠠᠨ ᠪᠢᠴᠢᠯᠭᠡ ᠣᠩᠰᠢᠯᠭ᠎ᠠ ᠶᠢᠨ ᠤᠷᠤᠯᠳᠤᠭᠠᠨ ᠠᠰᠢᠬᠠᠨ ᠰᠣᠮᠣ ᠶᠢᠨ ᠭᠤᠣᠯ ᠪᠠᠭ᠎ᠠ ᠰᠤᠷᠭᠠᠭᠤᠯᠢ ᠳᠤ ᠠᠮᠵᠢᠯᠲᠠᠲᠠᠢ ᠶᠠᠪᠤᠭᠳᠠᠭᠰᠠᠨ ᠪᠠᠶᠢᠨ᠎ᠠ᠃      ᠤᠷᠤᠯᠳᠤᠭᠠᠨ ᠳᠤ ᠪᠦᠬᠦ ᠬᠤᠰᠢᠭᠤᠨ ᠤ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠳᠣᠯᠤᠭᠠᠨ ᠪᠠᠭ᠎ᠠ ᠰᠤᠷᠭᠠᠭᠤᠯᠢ ᠶᠢᠨ 35 ᠰᠤᠷᠤᠭᠴᠢ ᠣᠷᠤᠯᠴᠠᠨ ︽ᠬᠤᠷᠢᠨ ᠵᠢᠯ ᠤᠨ ᠳᠠᠷᠠᠭᠠᠬᠢ ᠪᠢ︾ ᠭᠡᠰᠡᠨ ᠠᠳᠠᠯᠢᠬᠠᠨ ᠭᠠᠷᠴᠠᠭ ᠢᠶᠠᠷ ᠵᠣᠬᠢᠶᠠᠯ ᠪᠢᠴᠢᠵᠦ᠂ ᠤᠷ᠎ᠠ ᠠᠪᠢᠶᠠᠰ ᠢᠶᠠᠨ ᠪᠠᠳᠠᠷᠠᠭᠤᠯᠵᠠᠢ᠃ ᠤᠷᠤᠯᠳᠤᠭᠠᠨ ᠤ ᠳ᠋ᠦᠩ ᠳᠤ ᠪᠦᠯᠢᠶᠡᠨ ᠪᠠᠭ᠎ᠠ ᠰᠤᠷᠭᠠᠭᠤᠯᠢ ᠶᠢᠨ ᠠᠩᠭᠢᠯᠤᠮ᠎ᠡ ᠲᠡᠷᠢᠭᠦᠨ ᠳᠡᠰ ᠲᠤ ᠲᠣᠳᠤᠷᠠᠭᠰᠠᠨ ᠪᠠᠶᠢᠨ᠎ᠠ᠃    
                               ᠡᠷᠳᠡᠨᠢᠳᠦ᠋ᠭᠦᠷᠡᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号