ᠦᠪᠤᠷ ᠮᠣᠩᠭᠤᠯ ᠡᠨᠡ ᠵᠢᠯ ᠪᠦᠬᠦᠶᠢᠯᠡ ᠶᠠᠳᠠᠭᠤ ᠬᠦᠴᠢᠷᠲᠡᠢ ᠴᠠᠭᠠᠨ ᠬᠠᠷᠠᠩ ᠡᠪᠡᠳᠴᠢᠨ ᠳᠤ ᠦᠨ᠎ᠡ ᠲᠦᠯᠦᠪᠦᠷᠢ ᠦᠭᠡᠢ ᠬᠠᠷᠠᠭ᠎ᠠ ᠣᠷᠤᠭᠤᠯᠬᠤ ᠮᠡᠰᠡ ᠵᠠᠰᠠᠯ ᠬᠢᠵᠤ ᠦᠭᠬᠦ ᠪᠠᠷ ᠪᠣᠢ
ᠨᠡᠶᠢᠲᠡᠯᠡᠭᠰᠡᠨ ᠴᠠᠭ᠄
2017/3/7
    ᠰᠣᠷᠪᠤᠯᠵᠢᠯᠠᠭᠴᠢ ᠦᠪᠦᠷ ᠮᠣᠩᠭᠤᠯ ᠤᠨ ︽ᠬᠠᠷᠠᠭ᠎ᠠ ᠣᠷᠤᠭᠤᠯᠬᠤ ᠠᠶᠠᠯᠠᠯ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭᠠᠨ ᠤ ᠡᠬᠢᠯᠡᠯᠲᠡ ᠶᠢᠨ ᠶᠣᠰᠤᠯᠠᠯ ᠳᠡᠭᠡᠷ᠎ᠡ ᠠᠴᠠ ᠣᠶᠢᠯᠠᠭᠠᠭᠰᠠᠨ ᠢᠶᠠᠷ᠂ 2017 ᠣᠨ ᠳᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠨᠦᠬᠦᠴᠡᠯ ᠳᠤ ᠨᠡᠶᠢᠴᠡᠬᠦ ᠪᠦᠬᠦᠶᠢᠯᠡ ᠶᠠᠳᠠᠭᠤ ᠬᠦᠴᠢᠷᠲᠡᠢ ᠴᠠᠭᠠᠨ ᠬᠠᠷᠠᠩ ᠡᠪᠡᠳᠴᠢᠲᠡᠨ ᠳᠤ ᠦᠨ᠎ᠡ ᠲᠦᠯᠦᠪᠦᠷᠢ ᠦᠭᠡᠢ ᠬᠠᠷᠠᠭ᠎ᠠ ᠣᠷᠤᠭᠤᠯᠬᠤ ᠮᠡᠰᠡ ᠵᠠᠰᠠᠯ ᠬᠢᠵᠦ ᠦᠭᠬᠦ ᠪᠣᠯᠤᠨ᠎ᠠ᠃     ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠬᠠᠳᠠ ᠰᠣᠮᠣ ᠶᠢᠨ ᠪᠠᠶᠠᠬᠠᠭᠤᠯᠠ ᠭᠠᠴᠠᠭᠠᠨ ᠤ 66 ᠨᠠᠰᠤᠲᠠᠢ ᠮᠠᠯᠴᠢᠨ 7 ᠵᠢᠯ ᠤᠨ ᠡᠮᠦᠨ᠎ᠡ ᠵᠤᠯ ᠪᠣᠰᠤ ᠪᠠᠷ ᠴᠠᠭᠠᠨ ᠬᠠᠷᠠᠩ ᠡᠪᠡᠳᠴᠢᠨ ᠳᠤ ᠨᠡᠷᠪᠡᠭᠳᠡᠵᠡᠢ᠃ ᠦᠪᠦᠷ ᠮᠣᠩᠭᠤᠯ ᠤᠨ ︽ᠬᠠᠷᠠᠭ᠎ᠠ ᠣᠷᠤᠭᠤᠯᠬᠤ ᠠᠶᠠᠯᠠᠯ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭᠠᠨ ᠤ ᠬᠠᠪᠰᠤᠷᠤᠯᠭ᠎ᠠ ᠳᠣᠣᠷ᠎ᠠ᠂ ᠨᠠᠰᠤᠨ 24 ᠤ ᠡᠳᠦᠷ ᠴᠣᠥ ᠵᠢᠥᠢ ᠨᠢᠳᠦᠨ ᠤ ᠡᠮᠨᠡᠯᠭᠡ ᠶᠢᠨ ᠬᠤᠷᠢᠶᠠᠨ ᠳᠤ ᠮᠡᠰᠡ ᠵᠠᠰᠠᠯ ᠬᠢᠯᠭᠡᠪᠡ᠃ 25 ᠤ ᠡᠳᠦᠷ ᠨᠠᠰᠤᠨ ᠰᠣᠷᠪᠤᠯᠵᠢᠯᠠᠭᠴᠢ ᠳᠤ᠂  ᠴᠣᠥ ᠵᠢᠥᠢ ᠨᠢᠳᠦᠨ ᠤ ᠡᠮᠨᠡᠯᠭᠡ ᠶᠢᠨ ᠬᠤᠷᠢᠶᠠᠨ ᠤ ᠡᠮᠴᠢ ᠠᠵᠢᠯᠲᠠᠨ ᠨᠠᠮᠠᠶᠢ ᠡᠮᠨᠡᠯᠭᠡ ᠳᠤ ᠲᠣᠰᠴᠤ ᠠᠪᠴᠢᠷᠠᠨ᠂ ᠦᠴᠦᠭᠡᠳᠦᠷ ᠮᠡᠰᠡ ᠵᠠᠰᠠᠯ ᠬᠢᠵᠤ ᠦᠭᠭᠦᠨ᠂ ᠦᠨᠦᠳᠦᠷ ᠤᠲᠠᠰᠤ ᠶᠢ ᠨᠢ ᠲᠡᠭᠦᠵᠦ᠂ ᠦᠳᠡ ᠶᠢᠨ ᠬᠤᠶᠢᠨ᠎ᠠ ᠨᠠᠮᠠᠶᠢ ᠭᠡᠷ ᠲᠤ ᠬᠦᠷᠭᠡᠵᠦ ᠦᠭᠭᠦᠨ᠎ᠡ᠂ ᠮᠡᠰᠡ ᠵᠠᠰᠠᠯ ᠤᠨ ᠰᠤᠶᠢᠳᠭᠡᠯ᠂ ᠲᠣᠰᠴᠤ ᠬᠦᠷᠭᠡᠬᠦ ᠲᠡᠷᠭᠡᠨ ᠤ ᠰᠤᠶᠢᠳᠭᠡᠯ ᠭᠡᠵᠦ ᠬᠤᠷᠢᠶᠠᠬᠤ ᠦᠭᠡᠢ᠂ ᠨᠠᠳᠠᠳᠤ ᠦᠨᠡᠭᠡᠷ ᠶᠡᠭᠡ ᠳᠡᠮᠵᠢᠯᠭᠡ ᠪᠣᠯᠵᠠᠢ ᠭᠡᠵᠤ ᠶᠠᠷᠢᠵᠤ ᠪᠠᠶᠢᠯ᠎ᠠ᠃     ᠴᠣᠥ ᠵᠢᠥᠢ ᠨᠢᠳᠦᠨ ᠤ ᠰᠠᠯᠠᠭᠠᠨ ᠤ ᠡᠮᠨᠡᠯᠭᠡ ᠶᠢᠨ ᠬᠤᠷᠢᠶᠠᠨ ᠳᠤ ᠨᠠᠰᠤᠨ ᠰᠢᠭ᠋ ᠬᠠᠷᠠᠭ᠎ᠠ ᠣᠷᠤᠭᠤᠯᠬᠤ ᠮᠡᠰᠡ ᠵᠠᠰᠠᠯ ᠬᠢᠯᠭᠡᠭᠰᠡᠨ ᠡᠪᠡᠳᠴᠢᠲᠡᠨ 20 ᠰᠢᠬᠠᠮ ᠪᠠᠶᠢᠵᠤ᠂ ᠪᠦᠷ ᠦᠨ᠎ᠡ ᠲᠦᠯᠦᠪᠦᠷᠢ ᠦᠭᠡᠢ ᠬᠠᠷᠠᠭ᠎ᠠ ᠣᠷᠤᠭᠤᠯᠬᠤ ᠮᠡᠰᠡ ᠵᠠᠰᠠᠯ ᠬᠢᠯᠭᠡᠭᠰᠡᠨ ᠢ ᠰᠣᠷᠪᠤᠯᠵᠢᠯᠠᠭᠴᠢ ᠣᠶᠢᠯᠠᠭᠠᠯ᠎ᠠ᠃     ᠦᠪᠦᠷ ᠮᠣᠩᠭᠤᠯ ᠤᠨ ︽ᠬᠠᠷᠠᠭ᠎ᠠ ᠣᠷᠤᠭᠤᠯᠬᠤ ᠠᠶᠠᠯᠠᠯ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭᠠᠨ ᠨᠢ 2015 ᠣᠨ ᠤ 6 ᠰᠠᠷ᠎ᠠ ᠶᠢᠨ 30 ᠤ ᠡᠳᠦᠷ ᠠᠴᠠ ᠡᠬᠢᠯᠡᠨ᠂ 21 ᠰᠠᠷ᠎ᠠ ᠶᠢᠨ ᠬᠤᠭᠤᠴᠠᠭ᠎ᠠ  ᠲᠠᠢ ᠶᠠᠪᠤᠭᠳᠠᠵᠤ᠂ ᠠᠵᠢᠯᠯᠠᠭᠠᠨ ᠨᠢ ᠪᠦᠬᠦ ᠣᠷᠤᠨ ᠤ 12 ᠠᠶᠢᠮᠠᠭ ᠬᠤᠲᠠ᠂ 103 ᠬᠤᠰᠢᠭᠤ ᠰᠢᠶᠠᠨ ︵ᠬᠤᠲᠠ ᠂ ᠲᠣᠭᠤᠷᠢᠭ︶᠂ 842 ᠰᠢᠶᠠᠩ ᠪᠠᠯᠭᠠᠰᠤ ᠰᠤᠮᠣ  ︵ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ︶᠂ 6223 ᠭᠠᠴᠠᠭ᠎ᠠ ᠲᠤᠰᠬᠤᠨ ᠢ ᠪᠦᠷᠬᠦᠵᠤ᠂ 2025 ᠰᠢᠭᠰᠢᠨ ᠪᠠᠶᠢᠴᠠᠭᠠᠬᠤ ᠴᠡᠭ ᠪᠠᠶᠢᠭᠤᠯᠵᠤ᠂ ᠡᠮᠴᠢᠯᠡᠭᠡᠨ ᠤ  ᠠᠩᠭᠢ ᠨᠢ 31.3 ᠲᠦᠮᠡᠨ ᠺᠢᠯᠤᠮᠧᠲᠷ ᠠᠶᠠᠯᠠᠵᠤ᠂ ᠬᠠᠷᠠᠭ᠎ᠠ ᠮᠠᠭᠤᠲᠠᠭᠰᠠᠳ ᠲᠤ 26.4 ᠲᠦᠮᠡᠨ ᠬᠦᠮᠦᠨ ᠤᠳᠠᠭ᠎ᠠ ᠪᠠᠶᠢᠴᠠᠭᠠᠯᠲᠠ ᠬᠢᠵᠤ ᠦᠭᠬᠦᠨ᠂ ᠶᠠᠳᠠᠭᠤ ᠬᠦᠴᠢᠷᠲᠡᠢ ᠴᠠᠭᠠᠨ ᠬᠠᠷᠠᠩ ᠤᠨ ᠡᠪᠡᠳᠴᠢᠲᠡᠨ ᠳᠤ ᠨᠡᠶᠢᠲᠡ9292 ᠤᠳᠠᠭᠠᠨ ᠤ ᠮᠡᠰᠡ ᠵᠠᠰᠠᠯ ᠬᠢᠵᠤ ᠦᠭᠪᠡ᠃     ᠲᠠᠨᠢᠯᠴᠠᠭᠤᠯᠤᠭᠰᠠᠨ ᠢᠶᠠᠷ᠂ ᠦᠪᠦᠷ ᠮᠣᠩᠭᠤᠯ ᠨᠢ ᠦᠨᠳᠦᠷᠯᠢᠭ ᠭᠠᠵᠠᠷ ᠲᠤ ᠪᠠᠶᠢᠷᠢᠯᠠᠵᠤ᠂ ᠰᠠᠯᠬᠢ ᠰᠢᠭᠤᠷᠭ᠎ᠠ ᠪᠣᠯᠤᠨ ᠬᠤᠷᠴᠠ ᠴᠢᠩᠭ᠎ᠠ ᠨᠠᠷᠠᠨ ᠤ ᠳᠤᠰᠤᠯᠲᠠ ᠠᠴᠠ ᠪᠣᠯᠵᠤ᠂ ᠨᠢᠳᠦᠨ ᠤ ᠡᠪᠡᠳᠴᠢᠨ ᠦᠷᠬᠦᠯᠵᠢ ᠡᠭᠦᠰᠳᠡᠭ ᠣᠷᠤᠨ ᠪᠣᠯᠵᠤ᠂ ᠡᠯ᠎ᠡ ᠵᠤᠶᠢᠯ ᠤᠨ ᠨᠢᠳᠦᠨ ᠤ ᠡᠪᠡᠳᠴᠢᠨ ᠳᠤ ᠨᠡᠷᠪᠡᠭᠳᠡᠭᠰᠡᠳ 22.5 ᠲᠦᠮᠡ ᠬᠦᠷᠴᠦ ᠂ ᠶᠠᠳᠠᠭᠤ ᠬᠦᠴᠢᠷᠲᠡᠢ ᠣᠷᠤᠨ᠂ ᠬᠦᠳᠡᠭᠡ ᠲᠤᠰᠬᠤᠨ ᠤ ᠢᠳᠡᠷ ᠨᠠᠰᠤ ᠦᠲᠡᠯᠦᠭᠡ ᠨᠠᠰᠤᠨ ᠤ ᠨᠢᠳᠤᠨ ᠤ ᠠᠷᠬᠠᠭ  ᠲᠠᠢ ᠬᠦᠮᠦᠰ ᠤᠨ ᠣᠯᠠᠩᠬᠢ ᠨᠢ ᠪᠦᠷ ᠴᠠᠭᠠᠨ ᠬᠠᠷᠠᠩ ᠡᠪᠡᠳᠴᠢᠲᠡᠨ ᠮᠦᠨ᠃ 2017 ᠣᠨ ᠪᠣᠯ ︽ᠬᠠᠷᠠᠭ᠎ᠠ ᠣᠷᠤᠭᠤᠯᠬᠤ ᠠᠶᠠᠯᠠᠯ︾ ᠠᠵᠢᠯᠯᠠᠭᠠᠨ ᠤ ᠰᠡᠭᠦᠯ ᠬᠤᠷᠢᠶᠠᠬᠤ ᠵᠢᠯ ᠪᠠᠶᠢᠵᠤ᠂ ᠡᠯ᠎ᠡ ᠭᠠᠵᠠᠷ ᠨᠢ ᠨᠦᠬᠦᠴᠡᠯ ᠳᠤ ᠨᠡᠶᠢᠴᠡᠭᠰᠡᠨ ᠪᠦᠬᠦᠶᠢᠯᠡ ᠶᠠᠳᠠᠭᠤ ᠬᠦᠴᠢᠷᠲᠡᠢ ᠣᠷᠤᠨ ᠤ ᠴᠠᠭᠠᠨ ᠬᠠᠷᠠᠩ ᠡᠪᠡᠳᠴᠢᠲᠡᠨ ᠳᠤ ᠦᠨ᠎ᠡ ᠲᠦᠯᠦᠪᠦᠷᠢ ᠦᠭᠡᠢ ᠬᠠᠷᠠᠭ᠎ᠠ ᠣᠷᠤᠭᠤᠯᠬᠤ ᠮᠡᠰᠡ ᠬᠢᠵᠤ ᠦᠭᠴᠦ᠂ ᠠᠵᠢᠯᠯᠠᠭᠠᠨ ᠢ ᠨᠡᠶᠢᠳᠡᠮ ᠪᠦᠷᠬᠦᠭᠦᠯᠵᠦ ᠦᠨᠴᠦᠭ ᠪᠣᠯᠤᠩ ᠦᠯᠡᠳᠡᠭᠡᠯ ᠦᠭᠡᠢ ᠬᠡᠷᠡᠭᠵᠢᠭᠦᠯᠬᠦ ᠶᠢ ᠪᠠᠲᠤᠯᠠᠬᠤ ᠪᠣᠯᠤᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号