ᠤᠯᠠᠭᠠᠨᠬᠠᠳᠠ ᠬᠤᠲᠠ ᠶᠢᠨ ᠭᠠᠯ ᠲᠣᠭᠤᠭᠠᠨ ᠤ ᠨᠣᠪᠰᠢ ᠶᠢ ᠰᠢᠢᠳᠪᠦᠷᠢᠯᠡᠬᠦ ᠲᠦᠷᠤᠯ ᠵᠤᠶᠢᠯ ᠤᠨ ᠪᠦᠲᠤᠭᠡᠨ ᠪᠠᠶᠢᠭᠤᠯᠤᠯᠲᠠ ᠡᠬᠢᠯᠡᠪᠡ
ᠨᠡᠶᠢᠲᠡᠯᠡᠭᠰᠡᠨ ᠴᠠᠭ᠄
2017/4/12
     ᠬᠤᠩ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠠᠴᠠ ᠣᠶᠢᠯᠠᠭᠠᠭᠰᠠᠨ ᠢᠶᠠᠷ᠂ ᠤᠯᠠᠭᠠᠨᠬᠠᠳᠠ ᠬᠤᠲᠠ ᠶᠢᠨ ᠭᠠᠯ ᠲᠣᠭᠤᠭᠠᠨ ᠤ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠤᠣᠷ ᠬᠦᠨᠦᠭᠡᠯ ᠦᠭᠡᠢ ᠪᠠᠷ ᠰᠢᠢᠳᠪᠦᠷᠢᠯᠡᠬᠦ ᠲᠦᠷᠤᠯ ᠵᠤᠶᠢᠯ ᠤᠨ ᠪᠦᠲᠤᠭᠡᠨ ᠪᠠᠶᠢᠭᠤᠯᠤᠯᠲᠠ ᠡᠬᠢᠯᠡᠵᠦ᠂ ᠡᠨᠡ ᠵᠢᠯ ᠤᠨ 8 ᠰᠠᠷ᠎ᠠ ᠶᠢᠨ ᠦᠶᠡᠰ ᠢᠶᠠᠷ ᠠᠰᠢᠭᠯᠠᠯᠲᠠ ᠳᠤ ᠣᠷᠤᠨ᠎ᠠ᠃ ᠲᠦᠷᠤᠯ ᠵᠤᠶᠢᠯ ᠪᠠᠶᠢᠭᠤᠯᠤᠭᠳᠠᠭᠰᠠᠨ ᠤ ᠳᠠᠷᠠᠭ᠎ᠠ ᠡᠳᠦᠷ ᠪᠦᠷᠢ 110 ᠲᠣᠨ ᠭᠠᠯ ᠲᠣᠭᠤᠭᠠᠨ ᠤ ᠨᠣᠪᠰᠢ ᠶᠢ ᠰᠢᠢᠳᠪᠦᠷᠢᠯᠡᠨ᠎ᠡ᠃      ᠤᠯᠠᠭᠠᠨᠬᠠᠳᠠ ᠬᠤᠲᠠ ᠶᠢᠨ ᠭᠠᠯ ᠲᠣᠭᠤᠭᠠᠨ ᠤ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠦᠨᠦᠭᠡᠯ ᠦᠭᠡᠢ ᠪᠠᠷ ᠰᠢᠢᠳᠪᠦᠷᠢᠯᠡᠬᠦ ᠲᠦᠷᠤᠯ ᠵᠤᠶᠢᠯ ᠨᠢ ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ᠂ ᠣᠷᠤᠨ ᠰᠠᠭᠤᠴᠠ ᠪᠠ ᠬᠤᠲᠠ ᠬᠦᠳᠡᠭᠡ ᠶᠢᠨ ᠪᠦᠲᠤᠭᠡᠨ ᠪᠠᠶᠢᠭᠤᠯᠤᠯᠲᠠ ᠶᠢᠨ ᠶᠠᠮᠤᠨ ᠵᠡᠷᠭᠡ ᠭᠤᠷᠪᠠᠨ ᠰᠠᠯᠠᠭ᠎ᠠ ᠮᠦᠴᠢᠷ ᠬᠤᠯᠪᠤᠭᠠᠯᠠᠨ ᠵᠦᠪᠰᠢᠶᠡᠷᠡᠭᠰᠡᠨ ᠤᠯᠤᠰ ᠤᠨ ᠭᠤᠷᠪᠠᠳᠤᠭᠠᠷ ᠪᠦᠯᠦᠭ ᠭᠠᠯ ᠲᠣᠭᠤᠭᠠᠨ ᠤ ᠨᠣᠪᠰᠢ ᠶᠢ ᠰᠢᠢᠳᠪᠦᠷᠢᠯᠡᠬᠦ ᠲᠣᠷᠰᠢᠯᠲᠠ ᠶᠢᠨ ᠴᠢᠭ᠋ ᠤᠨ ᠬᠤᠲᠠ ᠶᠢᠨ ᠲᠦᠷᠤᠯ ᠵᠤᠶᠢᠯ ᠤᠨ ᠨᠢᠭᠡ ᠪᠣᠯᠤᠨ᠎ᠠ᠃ ᠲᠤᠰ ᠲᠦᠷᠤᠯ ᠵᠤᠶᠢᠯ ᠨᠢ ᠪᠠᠷᠤᠭ 9000 ᠲᠦᠮᠡᠨ ᠲᠦᠭᠦᠷᠢᠭ ᠤᠨ ᠪᠡᠯᠡ ᠣᠷᠤᠭᠤᠯᠤᠨ᠂ ᠬᠤᠩ ᠱᠠᠨ ᠲᠣᠭᠤᠷᠢᠭ ᠤᠨ ᠴᠢᠤᠢ ᠵᠢᠶᠠ ᠭᠧᠦ ᠲᠤᠰᠬᠤᠨ ᠳᠤ ᠪᠠᠶᠢᠷᠢᠯᠠᠵᠤ᠂ ᠪᠠᠷᠤᠭ 16800 ᠲᠡᠭᠰᠢ ᠳᠦᠷᠪᠡᠯᠵᠢᠨ ᠮᠧᠲᠷ ᠭᠠᠵᠠᠷ ᠡᠵᠡᠯᠡᠨ᠂ ᠡᠳᠦᠷ ᠲᠤ 110 ᠲᠣᠨ ᠨᠤᠪᠰᠢ ᠶᠢ ᠰᠢᠢᠳᠪᠦᠷᠢᠯᠡᠨ᠂ PPP ᠬᠡᠯᠪᠡᠷᠢ ᠪᠠᠷ ᠬᠡᠷᠡᠭᠵᠢᠭᠦᠯᠦᠭᠳᠡᠬᠦ ᠪᠣᠯᠤᠨ᠎ᠠ᠃                                                           ᠸᠠᠩ ᠲᠠᠨ᠎ᠠ
 
ᠢᠷᠡᠯᠲᠡ᠄ ᠦᠪᠤᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号