2020 ᠣᠨ ᠪᠣᠯᠲᠠᠯ᠎ᠠ ᠮᠠᠨ ᠤ ᠣᠷᠤᠨ 100 ᠲᠦᠮᠡᠨ ᠢᠵᠢ ᠳᠦᠭᠦᠮ ᠪᠦᠲᠤᠴᠡᠲᠤ ᠣᠷᠤᠨ ᠰᠠᠭᠤᠴᠠ ᠶᠢ ᠦᠭᠡᠷᠡᠴᠢᠯᠡᠨ ᠵᠠᠰᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/4/12
   ᠲᠦᠷᠦᠭᠦᠭᠡᠨ ᠦᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ᠣᠷᠤᠨ ᠰᠠᠭᠤᠴᠠ ᠪᠠ ᠬᠤᠲᠠ ᠬᠦᠳᠡᠭᠡ ᠶᠢᠨ ᠪᠦᠲᠤᠭᠡᠨ ᠪᠠᠶᠢᠭᠤᠯᠤᠯᠲᠠ ᠶᠢᠨ ᠠᠵᠢᠯ ᠤᠶᠢᠯᠡᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠳᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠣᠷᠤᠨ 100 ᠲᠦᠮᠡᠨ ᠢᠵᠢ ᠳᠦᠭᠦᠮ ᠪᠦᠲᠦᠴᠡᠲᠤ ᠣᠷᠤᠨ ᠰᠠᠭᠤᠴᠠ ᠶᠢ ᠦᠭᠡᠷᠡᠴᠢᠯᠡᠨ ᠵᠠᠰᠠᠨ᠎ᠠ ᠭᠡᠵᠦ ᠳᠤᠷᠠᠳᠤᠭᠰᠠᠨ ᠪᠠᠶᠢᠨ᠎ᠠ᠃     ᠡᠭᠦᠨ ᠠᠴᠠ ᠭᠠᠳᠠᠨ᠎ᠠ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠣᠷᠤᠨ ᠭᠡᠷ ᠭᠠᠵᠠᠷ ᠤᠨ ᠬᠦᠷᠤᠩᠭᠡ ᠶᠢᠨ ᠨᠡᠭᠡᠭᠡᠯᠲᠡ ᠳᠤ 6000 ᠳ᠋ᠦᠩᠰᠢᠭᠤᠷ ᠲᠦᠭᠦᠷᠢᠭ ᠪᠡᠯᠡ ᠣᠷᠤᠭᠤᠯᠵᠤ᠂ ᠣᠷᠤᠨ ᠰᠠᠭᠤᠴᠠ ᠶᠢᠨ ᠪᠦᠲᠤᠭᠡᠨ ᠪᠠᠶᠢᠭᠤᠯᠤᠯᠲᠠ ᠳᠤ 4500 ᠳ᠋ᠦᠩᠰᠢᠭᠤᠷ ᠲᠦᠭᠦᠷᠢᠭ ᠪᠡᠯᠡ ᠣᠷᠤᠭᠤᠯᠵᠤ᠂ 100 ᠢᠵᠢ ᠬᠤᠳᠠᠯᠳᠤᠭᠠᠨ ᠤ ᠣᠷᠤᠨ ᠰᠠᠭᠤᠴᠠ ᠶᠢᠨ ᠠᠰᠠᠷ ᠪᠠᠶᠢᠰᠢᠩ ᠢ ᠰᠢᠨ᠎ᠡ ᠪᠠᠷ ᠪᠦᠲᠤᠭᠡᠨ ᠪᠠᠶᠢᠭᠤᠯᠬᠤ ᠪᠣᠯᠤᠨ᠎ᠠ᠃ ᠵᠢᠱᠢᠯᠲᠡ ᠪᠠᠷ᠂ 2020 ᠣᠨ ᠪᠣᠯᠲᠠᠯ᠎ᠠ᠂ ᠮᠠᠨ ᠤ ᠣᠷᠤᠨ ᠤ ᠬᠤᠲᠠ ᠪᠠᠯᠭᠠᠰᠤᠨ ᠤ ᠬᠦᠮᠦᠨ ᠠᠮᠠ ᠪᠠᠷᠤᠭ 1700 ᠲᠦᠮᠡ ᠳᠤ ᠬᠦᠷᠴᠦ᠂ ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠲᠠ ᠪᠠᠯᠭᠠᠰᠤᠵᠢᠯᠲᠡ ᠶᠢᠨ ᠨᠤᠷᠮ᠎ᠠ ᠨᠢ 65% ᠲᠤ ᠬᠦᠷᠴᠦ᠂ ᠡᠷᠦᠭᠡ ᠠᠮᠠ ᠶᠢᠨ ᠳᠠᠩᠰᠠ ᠲᠠᠢ ᠬᠦᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠨᠢ 50% ᠲᠤ ᠬᠦᠷᠴᠤ᠂ ᠪᠦᠬᠦ ᠣᠷᠤᠨ ᠤ ᠣᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠪᠦᠷᠬᠦᠴᠡ ᠶᠢᠨ ᠨᠤᠷᠮ᠎ᠠ ᠨᠢ 75% ᠲᠤ ᠬᠦᠷᠴᠤ᠂ ᠬᠤᠷᠠᠮᠳᠤᠭᠤᠯᠭ᠎ᠠ ᠶᠢᠨ ᠬᠡᠮᠵᠢᠶ᠎ᠡ ᠨᠢ 1250 ᠳ᠋ᠦᠩᠰᠢᠭᠤᠷ ᠲᠦᠭᠦᠷᠢᠭ ᠲᠤ ᠬᠦᠷᠬᠦ ᠪᠣᠯᠤᠨ᠎ᠠ᠃ 2020 ᠣᠨ ᠪᠣᠯᠲᠠᠯ᠎ᠠ᠂ ᠮᠠᠨ ᠤ ᠣᠷᠤᠨ ᠮᠠᠯᠵᠢᠬᠤ ᠲᠠᠷᠢᠶᠠᠯᠠᠬᠤ ᠣᠷᠤᠨ ᠤ 108 ᠲᠦᠮᠡᠨ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠪᠣᠯᠤᠨ᠎ᠠ᠃                                         ᠬᠠᠢ ᠴᠢᠦᠸᠠᠨ
 
ᠢᠷᠡᠯᠲᠡ᠄ ᠦᠪᠤᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号