4 ᠰᠠᠷ᠎ᠠ ᠶᠢᠨ 1 ᠤ ᠡᠳᠦᠷ ᠠᠴᠠ ᠡᠬᠢᠯᠡᠨ ᠣᠷᠤᠨ ᠰᠠᠭᠤᠴᠠ ᠶᠢ ᠰᠢᠯᠵᠢᠭᠦᠯᠦᠨ ᠦᠭᠬᠦ ᠭᠠᠷᠳᠠᠮ ᠤᠨ ᠰᠤᠶᠢᠳᠭᠡᠯ ᠵᠡᠷᠭᠡ ᠶᠢ ᠬᠦᠴᠦᠨ ᠦᠭᠡᠢ ᠪᠣᠯᠭᠠᠬᠤ ᠪᠣᠶᠣ ᠲᠠᠲᠠᠪᠤᠷᠢᠯᠠᠬᠤ ᠪᠠᠨ ᠵᠣᠭᠰᠤᠭᠠᠪᠠ
ᠨᠡᠶᠢᠲᠡᠯᠡᠭᠰᠡᠨ ᠴᠠᠭ᠄
2017/4/13
    ᠣᠶᠢᠷ᠎ᠠ ᠶᠢᠨ ᠡᠳᠦᠷ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠬᠤᠶᠠᠷ ᠰᠠᠯᠠᠭ᠎ᠠ ᠮᠦᠴᠢᠷ ᠬᠠᠮᠲᠤᠷᠠᠨ  ︽ᠨᠢᠭᠡ ᠪᠦᠯᠦᠭ ᠵᠠᠰᠠᠭ ᠵᠠᠬᠢᠷᠭᠠᠨ ᠤ ᠠᠵᠢᠯ ᠤᠶᠢᠯᠡᠰ ᠤᠨ ᠴᠢᠨᠠᠷᠲᠠᠢ ᠰᠤᠶᠢᠳᠭᠡᠯ ᠤᠨ ᠲᠦᠷᠤ ᠶᠢᠨ ᠪᠣᠳᠤᠯᠭ᠎ᠠ ᠶᠢ ᠡᠮᠬᠢᠯᠡᠨ ᠳᠦᠷᠢᠮᠵᠢᠭᠦᠯᠬᠦ ᠲᠣᠬᠠᠢ ᠮᠡᠳᠡᠭᠳᠡᠯ︾ ᠪᠠᠭᠤᠯᠭᠠᠵᠤ᠂ 41 ᠵᠤᠶᠢᠯ ᠤᠨ ᠲᠦᠪ ᠠᠴᠠ ᠲᠣᠬᠢᠷᠠᠭᠤᠯᠤᠭᠰᠠᠨ ᠵᠠᠰᠠᠭ ᠵᠠᠬᠢᠷᠭᠠᠨ ᠤ ᠠᠵᠢᠯ ᠤᠶᠢᠯᠡᠰ ᠤᠨ ᠴᠢᠨᠠᠷᠲᠠᠢ ᠰᠤᠶᠢᠳᠭᠡᠯ ᠢ 4 ᠰᠠᠷ᠎ᠠ ᠶᠢᠨ 1 ᠤ ᠡᠳᠦᠷ ᠠᠴᠠ ᠡᠬᠢᠯᠡᠨ ᠬᠦᠴᠤᠨ ᠦᠭᠡᠢ ᠪᠣᠯᠭᠠᠬᠤ ᠪᠣᠶᠣ ᠲᠠᠲᠠᠪᠤᠷᠢᠯᠠᠬᠤ ᠶᠢ ᠵᠣᠭᠰᠤᠭᠠᠬᠤ ᠶᠢᠨ ᠬᠠᠮᠲᠤ᠂ ᠲᠠᠸᠠᠷ ᠤᠨ ᠲᠡᠮᠲᠡᠭ ᠳᠠᠩᠰᠠᠯᠠᠭᠤᠯᠬᠤ ᠰᠤᠶᠢᠳᠭᠡᠯ ᠤᠨ ᠪᠠᠷᠢᠮᠵᠢᠶ᠎ᠠ ᠶᠢ 50% ᠪᠠᠷ ᠪᠠᠭᠤᠷᠠᠭᠤᠯᠪᠠ᠃      ᠬᠦᠴᠦᠨ ᠦᠭᠡᠢ ᠪᠣᠯᠭᠠᠬᠤ ᠪᠣᠶᠣ ᠲᠠᠲᠠᠪᠤᠷᠢᠯᠠᠬᠤ ᠶᠢ ᠵᠣᠭᠰᠤᠭᠠᠬᠤ 41 ᠵᠤᠶᠢᠯ ᠤᠨ ᠳᠣᠲᠤᠷᠠᠬᠢ 6 ᠵᠤᠶᠢᠯ  ᠨᠢ ᠬᠤᠪᠢ ᠬᠦᠮᠦᠨ ᠤ ᠤᠴᠢᠷ ᠶᠠᠪᠤᠳᠠᠯ ᠳᠤ ᠬᠤᠯᠪᠤᠭᠳᠠᠵᠤ᠂ ᠡᠭᠦᠨ ᠳᠤ ᠤᠷᠤᠭ ᠤᠨ ᠪᠦᠷᠢᠳᠭᠡᠯ ᠤᠨ ᠰᠤᠶᠢᠳᠭᠡᠯ ᠬᠤᠷᠢᠶᠠᠬᠤ ᠶᠢ ᠵᠣᠭᠰᠤᠭᠠᠬᠤ᠂ ᠡᠷᠭᠦᠨ ᠲᠡᠵᠢᠭᠡᠬᠦ ᠶᠢ ᠳᠠᠩᠰᠠᠯᠠᠬᠤ ᠰᠤᠶᠢᠳᠭᠡᠯ ᠵᠡᠷᠭᠡ ᠶᠢ ᠪᠠᠭᠲᠠᠭᠠᠵᠤ᠂ 35 ᠵᠤᠶᠢᠯ ᠨᠢ ᠠᠵᠤ ᠠᠬᠤᠶᠢᠯᠠᠯ ᠳᠤ ᠬᠤᠯᠪᠤᠭᠳᠠᠵᠤ᠂ ᠳᠤᠲᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠮᠠᠰᠢᠨᠳᠤ ᠲᠡᠷᠭᠡ ᠶᠢ ᠪᠠᠷᠢᠴᠠᠭᠠᠯᠠᠵᠤ ᠳᠠᠩᠰᠠᠯᠠᠬᠤ ᠰᠤᠶᠢᠳᠭᠡᠯ᠂ ᠣᠷᠴᠢᠨ ᠠᠬᠤᠢ ᠶᠢᠨ ᠬᠢᠨᠠᠨ ᠬᠡᠮᠵᠢᠬᠦ ᠤᠶᠢᠯᠡᠴᠢᠯᠡᠭᠡᠨ ᠤ ᠰᠤᠶᠢᠳᠭᠡᠯ᠂ ᠣᠷᠤᠨ ᠰᠠᠭᠤᠴᠠ ᠪᠠ ᠬᠤᠲᠠ ᠬᠦᠳᠡᠭᠡ ᠶᠢᠨ ᠪᠦᠲᠤᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠤᠨ ᠣᠷᠤᠨ ᠰᠠᠭᠤᠴᠠ ᠶᠢ ᠰᠢᠯᠵᠢᠭᠦᠯᠦᠨ ᠦᠭᠬᠦ ᠭᠠᠷᠳᠠᠮ ᠤᠨ ᠰᠤᠶᠢᠳᠭᠡᠯ ᠵᠡᠷᠭᠡ᠂ ᠡᠷᠡᠭᠦᠯ ᠬᠠᠮᠠᠭᠠᠯᠠᠯ ᠪᠣᠯᠤᠨ ᠲᠦᠯᠦᠪᠯᠡᠭᠡᠲᠤ ᠦᠷᠡᠵᠢᠯ ᠤᠨ ᠰᠠᠯᠠᠭ᠎ᠠ ᠮᠦᠴᠢᠷ ᠠᠷᠢᠭᠤᠨ ᠴᠡᠪᠡᠷ ᠤᠨ ᠰᠢᠯᠭᠠᠨ ᠪᠠᠶᠢᠴᠠᠭᠠᠯᠲᠠ ᠶᠢᠨ ᠰᠤᠶᠢᠳᠭᠡᠯ ᠲᠠᠲᠠᠪᠤᠷᠢᠯᠠᠬᠤ ᠶᠢ ᠵᠣᠭᠰᠤᠭᠠᠬᠤ᠂ ᠶᠠᠰᠤ ᠴᠢᠨᠠᠷ ᠢ ᠪᠠᠶᠢᠴᠠᠭᠠᠬᠤ ᠰᠠᠯᠠᠭ᠎ᠠ ᠮᠦᠴᠢᠷ ᠬᠢᠯᠢ ᠪᠠᠷ ᠭᠠᠷᠬᠤ ᠣᠷᠤᠬᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢᠨ ᠰᠤᠶᠢᠳᠭᠡᠯ᠂ ᠢᠳᠡᠭᠡᠨ ᠤ ᠵᠤᠶᠢᠯ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠡᠮ ᠤᠨ ᠵᠤᠶᠢᠯ ᠢ ᠰᠢᠯᠭᠠᠨ ᠪᠠᠶᠢᠴᠠᠭᠠᠬᠤ ᠰᠤᠶᠢᠳᠭᠡᠯ ᠵᠡᠷᠭᠡ ᠶᠢ ᠲᠠᠲᠠᠪᠤᠷᠢᠯᠠᠬᠤ ᠪᠠᠨ ᠵᠣᠭᠰᠤᠭᠠᠪᠠ᠃                                       ︵︽ᠠᠷᠠᠳ ᠤᠨ ᠡᠳᠦᠷ ᠤᠨ ᠰᠣᠨᠢᠨ ︾ ᠠᠴᠠ︶
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号