︽ᠤᠷᠤᠭ ᠤᠨ ᠬᠠᠥᠯᠢ ᠶᠢᠨ ᠬᠠᠥᠯᠢ ᠴᠠᠭᠠᠵᠠ ᠶᠢᠨ ᠲᠠᠶᠢᠯᠪᠤᠷᠢ ︵ᠬᠤᠶᠠᠷ︶︾ ᠳᠤ ᠨᠦᠬᠦᠪᠦᠷᠢ ᠣᠷᠤᠭᠤᠯᠪᠠ
ᠨᠡᠶᠢᠲᠡᠯᠡᠭᠰᠡᠨ ᠴᠠᠭ᠄
2017/4/13
    ᠣᠶᠢᠷ᠎ᠠ ᠶᠢᠨ ᠡᠳᠦᠷ᠂ ᠠᠷᠠᠳ ᠤᠨ ᠳᠡᠭᠡᠳᠤ ᠰᠢᠬᠦᠬᠦ ᠬᠤᠷᠢᠶ᠎ᠠ ︽ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠤᠭ ᠤᠨ ᠬᠠᠥᠯᠢ﹀ ᠳᠤ ᠲᠣᠬᠢᠷᠠᠯᠴᠠᠬᠤ ᠠᠰᠠᠭᠤᠳᠠᠯ ᠤᠳ ᠤᠨ ᠲᠣᠬᠠᠢ ᠲᠠᠶᠢᠯᠪᠤᠷᠢ ︵ᠬᠤᠶᠠᠷ︶ ᠤᠨ ᠨᠦᠬᠦᠪᠦᠷᠢ ᠲᠣᠭᠲᠠᠭᠠᠯ︾ ᠢ ᠨᠡᠶᠢᠲᠡᠯᠡᠵᠦ᠂ ᠬᠠᠥᠯᠢ ᠴᠠᠭᠠᠵᠠ ᠶᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠦᠷᠢ ᠳᠤ ᠬᠤᠯᠪᠤᠭᠳᠠᠬᠤ ᠰᠢᠨ᠎ᠡ ᠠᠰᠠᠭᠤᠳᠠᠯ ᠪᠣᠯᠤᠨ ᠰᠢᠨ᠎ᠡ ᠪᠠᠶᠢᠳᠠᠯ ᠳᠤ ᠴᠢᠭᠯᠡᠭᠦᠯᠦᠨ᠂ ᠬᠠᠭᠤᠷᠮᠠᠭ ᠦᠷᠢ᠂ ᠬᠠᠥᠯᠢ ᠪᠣᠰᠤ ᠦᠷᠢ ᠬᠠᠥᠯᠢ ᠴᠠᠭᠠᠵᠠ ᠳᠤ ᠬᠠᠮᠠᠭᠠᠯᠠᠭᠳᠠᠬᠤ ᠦᠭᠡᠢ ᠭᠡᠵᠤ ᠴᠢᠬᠤᠯᠠᠴᠢᠯᠠᠵᠠᠢ᠃      ᠠᠷᠠᠳ ᠤᠨ ᠳᠡᠭᠡᠳᠦ ᠰᠢᠭᠦᠬᠦ ᠬᠤᠷᠢᠶ᠎ᠠ ᠪᠠᠰᠠ ︽ᠡᠷ᠎ᠡ ᠡᠮ᠎ᠡ ᠬᠤᠶᠠᠭᠤᠯᠠ ᠶᠢᠨ ᠬᠠᠮᠳᠤ ᠶᠢᠨ ᠦᠷᠢ ᠳᠤ ᠬᠤᠯᠪᠤᠭᠳᠠᠬᠤ ᠬᠡᠷᠡᠭ ᠢ ᠬᠠᠥᠯᠢ ᠶᠣᠰᠤᠭᠠᠷ ᠵᠣᠬᠢᠰᠲᠠᠢ ᠰᠢᠭᠦᠨ ᠰᠢᠳᠭᠡᠬᠦ ᠲᠣᠬᠠᠢ ᠮᠡᠳᠡᠭᠳᠡᠯ︾ ᠪᠠᠭᠤᠯᠭᠠᠵᠤ᠂ ᠡᠯ᠎ᠡ ᠱᠠᠲᠤᠨ ᠤ ᠰᠢᠭᠦᠬᠦ ᠬᠤᠷᠢᠶ᠎ᠠ ᠶᠢᠨ ᠬᠢᠨ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ︽ᠤᠷᠤᠭ ᠤᠨ ᠬᠠᠥᠯᠢ ᠶᠢᠨ ᠬᠠᠥᠯᠢ ᠴᠠᠭᠠᠵᠠ ᠶᠢᠨ ᠲᠠᠶᠢᠯᠪᠤᠷᠢ ︵ᠬᠤᠶᠠᠷ︶︾ ᠳᠤ ᠬᠢᠭᠰᠡᠨ ᠨᠦᠭᠦᠪᠤᠷᠢ ᠲᠣᠭᠲᠠᠭᠠᠯ ᠢ ᠵᠦᠪ ᠢᠶᠠᠷ ᠬᠡᠷᠡᠭᠯᠡᠵᠦ᠂ ᠭᠡᠷ ᠪᠦᠯᠢ ᠶᠢᠨ ᠬᠡᠷᠡᠭ ᠢ ᠲᠠᠰᠤᠯᠬᠤ ᠠᠵᠢᠯ ᠳᠤᠮᠳᠠ ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠦᠷᠢ ᠶᠢᠨ ᠠᠰᠠᠭᠤᠳᠠᠯ ᠢ ᠵᠦᠪ ᠢᠶᠠᠷ ᠰᠢᠢᠳᠪᠦᠷᠢᠯᠡᠵᠦ᠂ ᠡᠷ᠎ᠡ ᠡᠮ᠎ᠡ ᠬᠤᠶᠠᠭᠤᠯᠠ ᠪᠣᠯᠤᠨ ᠠᠪᠴᠠᠭᠠᠨ ᠤ ᠡᠷᠬᠡᠲᠡᠨ ᠤ ᠬᠠᠥᠯᠢ ᠶᠣᠰᠤᠨ ᠤ ᠡᠷᠬᠡ ᠠᠰᠢᠭ ᠢ ᠬᠠᠮᠠᠭᠠᠯᠠᠵᠤ᠂ ᠠᠷᠠᠯᠵᠢᠶᠠᠨ ᠤ ᠠᠮᠤᠷ ᠲᠦᠪᠰᠢᠨ ᠢ ᠬᠠᠮᠠᠭᠠᠯᠠᠵᠤ᠂ ᠡᠶ᠎ᠡ ᠵᠣᠬᠢᠴᠠᠩᠭᠤᠢ ᠡᠷᠡᠭᠦᠯ ᠦᠨᠡᠨᠴᠢ ᠢᠲᠡᠭᠡᠮᠵᠢᠲᠡᠢ ᠠᠵᠤ ᠠᠬᠤᠢ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃                                 ︵︽ᠠᠷᠠᠳ ᠤᠨ ᠡᠳᠦᠷ ᠤᠨ ᠰᠣᠨᠢᠨ︾ ᠠᠴᠠ︶
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号