ᠦᠪᠤᠷ ᠮᠣᠩᠭᠤᠯ ᠤᠨ 23.7 ᠲᠦᠮᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠰᠢᠮ᠎ᠡ ᠲᠡᠵᠢᠭᠡᠯ ᠰᠠᠶᠢᠵᠢᠷᠠᠭᠤᠯᠬᠤ ᠲᠦᠯᠦᠪᠯᠡᠭᠡ ᠶᠢᠨ ᠠᠰᠢᠭ ᠢ ᠬᠦᠷᠲᠡᠬᠦ ᠪᠣᠯᠤᠨ᠎ᠠ
ᠨᠡᠶᠢᠲᠡᠯᠡᠭᠰᠡᠨ ᠴᠠᠭ᠄
2017/4/14
     ᠡᠨᠡ ᠵᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠴᠠ ᠨᠠᠰᠢ᠂ ᠮᠠᠨ ᠤ ᠣᠷᠤᠨ ᠮᠠᠯᠵᠢᠬᠤ ᠲᠠᠷᠢᠶᠠᠯᠠᠬᠤ ᠣᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ ᠶᠢᠨ ᠲᠣᠷᠰᠢᠯᠲᠠ ᠶᠢᠨ ᠴᠡᠭ ᠤᠨ  ᠠᠵᠢᠯ ᠢ ᠡᠬᠢᠯᠡᠨ ᠬᠡᠷᠡᠭᠵᠢᠭᠦᠯᠪᠡ  ᠂ ᠲᠤᠰ ᠲᠦᠷᠤ ᠶᠢᠨ ᠪᠣᠳᠤᠯᠭ᠎ᠠ ᠨᠢ ᠮᠠᠨ ᠤ ᠣᠷᠤᠨ ᠤ 23 ᠤᠯᠤᠰ ᠤᠨ ᠳᠡᠰ ᠤᠨ ᠶᠠᠳᠠᠭᠤ ᠬᠦᠴᠢᠷᠲᠡᠢ ᠬᠤᠰᠢᠭᠤ ᠰᠢᠶᠠᠨ ᠢ ᠪᠦᠷᠬᠦᠵᠤ᠂ 956 ᠳᠤᠮᠳᠠᠳᠤ ᠪᠠᠭ᠎ᠠ ᠰᠤᠷᠭᠠᠭᠤᠯᠢ ︵ᠵᠢᠭᠠᠨ ᠰᠤᠷᠭᠠᠬᠤ ᠴᠡᠭ︶ ᠤᠨ ᠪᠠᠷᠤᠭ 23.7 ᠲᠦᠮᠡᠨ ᠰᠤᠷᠤᠭᠴᠢᠳ ᠲᠤ ᠠᠰᠢᠭ ᠬᠦᠷᠲᠡᠬᠦ ᠪᠣᠯᠤᠨ᠎ᠠ᠃      ᠦᠪᠡᠷᠲᠡᠭᠡᠨ ᠵᠠᠰᠠᠬᠤ ᠣᠷᠤᠨ ᠠᠴᠠ ᠲᠣᠷᠰᠢᠯᠲᠠ ᠶᠢᠨ ᠴᠡᠭ ᠪᠣᠯᠬᠤ ᠬᠤᠰᠢᠭᠤ ᠰᠢᠶᠠᠨ ᠰᠢᠮ᠎ᠡ ᠲᠡᠵᠢᠭᠡᠯ ᠤᠨ ᠬᠤᠭᠤᠯᠠᠨ ᠤ ᠨᠦᠬᠦᠪᠦᠷᠢ ᠮᠦᠩᠭᠦ ᠶᠢ ᠰᠤᠷᠤᠭᠴᠢᠳ ᠲᠤ ᠣᠬᠢ ᠰᠠᠶᠢᠨ ᠤᠮᠳᠠᠭᠠᠨ ᠬᠠᠩᠭᠠᠬᠤ ᠳᠤ ᠬᠡᠷᠡᠭᠯᠡᠵᠦ᠂ ᠪᠡᠯᠡᠨ ᠵᠣᠭᠤᠰ ᠤᠨ ᠬᠡᠯᠪᠡᠷᠢ ᠪᠠᠷ ᠲᠠᠷᠬᠠᠭᠠᠵᠤ ᠪᠣᠯᠬᠤ ᠦᠭᠡᠢ᠂ ᠪᠠᠭᠰᠢ ᠠᠵᠢᠯᠲᠠᠨ ᠤ ᠬᠤᠭᠤᠯᠠ ᠶᠢᠨ ᠨᠦᠬᠦᠪᠦᠷᠢ᠂ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢᠶᠠᠷ ᠬᠡᠷᠡᠭᠯᠡᠵᠦ ᠪᠣᠯᠬᠤ ᠦᠭᠡᠢ ᠮᠦᠷᠲᠡᠭᠡᠨ ᠡᠯ᠎ᠡ ᠰᠤᠷᠭᠠᠭᠤᠯᠢ ᠨᠢ ᠵᠠᠪᠠᠯ ᠲᠦᠭᠦᠬᠡᠢ ᠮᠠᠲ᠋ᠧᠷᠢᠶᠠᠯ ᠢᠶᠠᠨ ᠰᠢᠨ᠎ᠡ ᠰᠤᠷᠭᠤᠭ ᠪᠠᠶᠢᠯᠭᠠᠬᠤ ᠶᠢ ᠪᠠᠲᠤᠯᠠᠨ᠂ ᠮᠢᠬ᠎ᠠ᠂ ᠦᠨᠳᠡᠭᠡ᠂ ᠰᠦ᠂ ᠢᠳᠡᠰᠢᠨ ᠨᠣᠭᠤᠭ᠎ᠠ᠂ ᠵᠢᠮᠢᠰ ᠵᠡᠷᠭᠡ ᠢᠳᠡᠭᠡᠨ ᠢᠶᠠᠷ ᠭᠤᠣᠯ ᠪᠣᠯᠭᠠᠵᠤ᠂ ᠡᠷᠡᠭᠦᠯᠵᠢᠯ ᠤᠨ ᠪᠣᠳᠠᠰ ᠂ ᠰᠦ ᠶᠢᠨ ᠤᠮᠳᠠᠭᠠᠨ ᠢᠶᠠᠷ ᠲᠦᠯᠦᠭᠡᠯᠡᠵᠦ ᠪᠣᠯᠬᠤ ᠦᠭᠡᠢ ᠭᠡᠵᠦ ᠱᠠᠭᠠᠷᠳᠠᠪᠠ᠃                                       ︵︽ᠠᠷᠠᠳ ᠤᠨ ᠡᠳᠦᠷ ᠤᠨ ᠰᠣᠨᠢᠨ︾ ᠠᠴᠠ︶
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号