ᠠᠵᠢᠯᠯᠠᠵᠤ ᠪᠠᠶᠢᠭ᠎ᠠ ᠬᠦᠮᠦᠰ ᠦᠳᠡ ᠳᠤ ᠤᠨᠲᠠᠬᠤ ᠶᠢᠨ ᠲᠠᠪᠤᠨ ᠰᠠᠶᠢᠨᠲᠠᠢ ᠲᠠᠯ᠎ᠠ
ᠨᠡᠶᠢᠲᠡᠯᠡᠭᠰᠡᠨ ᠴᠠᠭ᠄
2017/4/18
    ᠦᠳᠡ ᠶᠢᠨ ᠤᠨᠲᠠᠯᠭ᠎ᠠ ᠶᠢᠨ ᠴᠠᠭ ᠬᠡᠳᠤᠶᠢᠪᠡᠷ ᠪᠣᠭᠤᠨᠢ ᠪᠣᠯᠪᠠᠴᠤ ᠲᠡᠭᠦᠨ ᠢ ᠪᠠᠰᠤᠵᠤ ᠪᠣᠯᠬᠤ ᠦᠭᠡᠢ᠃ ᠤᠯᠠᠮᠵᠢᠯᠠᠯᠲᠤ ᠬᠢᠲᠡᠳ ᠡᠮᠨᠡᠯᠭᠡ ᠪᠠ ᠡᠰᠡᠭᠦᠯ᠎ᠡ ᠬᠠᠮᠤᠭ ᠤᠨ ᠰᠢᠨ᠎ᠡ ᠤᠯᠤᠰ ᠤᠨ ᠭᠠᠳᠠᠭᠠᠳᠤ ᠶᠢᠨ ᠰᠣᠳᠤᠯᠭᠠᠨ ᠢᠶᠠᠷ ᠠᠪᠴᠤ ᠬᠡᠯᠡᠭᠰᠡᠨ ᠴᠤ᠂ ᠦᠳᠡ ᠶᠢᠨ ᠤᠨᠲᠠᠯᠭ᠎ᠠ  ᠶᠢ  ︽ᠡᠷᠡᠭᠦᠯ ᠴᠡᠨᠡᠭᠯᠡᠭᠦᠷ︾᠎ ᠤᠨ ᠨᠢᠭᠡ ᠭᠡᠵᠦ ᠬᠡᠯᠡᠬᠦ ᠳᠤ ᠦᠴᠤᠬᠡᠨ ᠴᠤ ᠬᠡᠲᠦᠷᠡᠬᠦ ᠦᠭᠡᠢ ᠶᠤᠮ᠃     ᠬᠢᠲᠠᠳ ᠡᠮᠨᠡᠯᠭᠡ ᠳᠤ ᠦᠳᠡ ᠶᠢᠨ 11 ᠴᠠᠭ ᠠᠴᠠ 1 ᠴᠠᠭ ᠪᠣᠯᠲᠠᠯᠠᠬᠢ ᠶᠢ ᠬᠦᠮᠦᠨ ᠤ ᠪᠡᠶ᠎ᠡ ᠮᠠᠬᠠᠪᠤᠳ ᠤᠨ ᠠᠷᠭ᠎ᠠ ᠲᠠᠮᠢᠷ ᠬᠠᠮᠤᠭ ᠤᠨ ᠪᠠᠳᠠᠷᠠᠭᠤᠨ ᠦᠶ᠎ᠡ ᠭᠡᠵᠦ ᠦᠵᠡᠵᠦ᠂ ᠡᠨᠡ ᠦᠶ᠎ᠡ ᠳᠤ ᠤᠨᠲᠠᠪᠠᠯ ᠠᠷᠭ᠎ᠠ ᠪᠢᠯᠢᠭ ᠲᠠᠮᠢᠷ ᠢ ᠲᠡᠩᠴᠡᠭᠦᠷᠢᠰᠢᠭᠦᠯᠬᠦ ᠤᠶᠢᠯᠡᠳᠦᠯ ᠲᠠᠢ ᠪᠣᠯᠬᠤᠷ ᠬᠦᠮᠦᠨ ᠤ ᠤᠷᠮ᠎ᠠ ᠰᠡᠷᠭᠦᠵᠦ ᠴᠤᠭ ᠰᠦᠯᠲᠡ ᠲᠡᠭᠦᠯᠳᠡᠷ ᠪᠣᠯᠳᠠᠭ ᠭᠡᠳᠡᠭ᠃  ᠡᠭᠦᠨ ᠠᠴᠠ ᠭᠠᠳᠠᠨ᠎ᠠ ᠤᠯᠤᠰ ᠤᠨ ᠭᠠᠳᠠᠭᠠᠳᠤ ᠶᠢᠨ ᠰᠣᠳᠤᠯᠭᠠᠨ ᠴᠤ ᠦᠳᠡ ᠶᠢᠨ ᠤᠨᠳᠠᠯᠭ᠎ᠠ ᠶᠢᠨ ᠰᠠᠶᠢᠨ ᠲᠠᠢ ᠲᠠᠯ᠎ᠠ ᠶᠢᠨ ᠦᠷ᠎ᠡ ᠳ᠋ᠦᠩ ᠢ ᠣᠯᠠᠨ ᠳᠤ ᠨᠡᠶᠢᠲᠡᠯᠡᠭᠰᠡᠨ ᠪᠠᠶᠢᠨ᠎ᠠ᠃     1.ᠴᠢᠰᠤᠨ ᠳᠠᠷᠤᠯᠲᠠ ᠶᠢ ᠪᠠᠭᠤᠷᠠᠭᠤᠯᠤᠨ᠎ᠠ᠃ ᠠᠮᠧᠷᠢᠺᠠ ᠶᠢᠨ ᠠᠯᠧᠭᠨᠢ ᠳᠡᠭᠡᠳᠤ ᠰᠤᠷᠭᠠᠭᠤᠯᠢ ᠶᠢᠨ ᠰᠣᠳᠤᠯᠭᠠᠲᠠᠳ ᠤᠨ ᠬᠠᠮᠤᠭ ᠰᠢᠨ᠎ᠡ ᠰᠣᠳᠤᠯᠭᠠᠨ ᠳᠤ ᠠᠵᠢᠯ ᠤᠨ ᠳᠠᠷᠤᠭᠠᠰᠤ ᠶᠡᠭᠡ ᠦᠶ᠎ᠡ ᠳᠤ ᠬᠦᠮᠦᠨ ᠤ ᠴᠢᠰᠤᠨ ᠳᠠᠷᠤᠯᠲᠠ ᠦᠨᠳᠤᠷ ᠪᠣᠯᠳᠠᠭ ᠠᠴᠠ ᠦᠳᠡ ᠳᠤ ᠲᠦᠷ ᠤᠨᠲᠠᠭᠠᠳ ᠠᠪᠤᠪᠠᠯ ᠴᠢᠰᠤᠨ ᠳᠠᠷᠤᠯᠲᠠ ᠪᠠᠭᠤᠷᠠᠬᠤ ᠳᠤ ᠠᠰᠢᠭᠲᠠᠢ ᠶᠢ ᠣᠯᠵᠤ ᠮᠡᠳᠡᠵᠡᠢ᠃     2.ᠵᠢᠷᠦᠭᠡ ᠶᠢ ᠬᠠᠮᠠᠭᠠᠯᠠᠨ᠎ᠠ᠃ ᠭᠷᠧᠭ ᠤᠨ ᠨᠢᠭᠡᠨ ᠰᠣᠳᠤᠯᠭᠠᠨ ᠳᠤ ᠭᠠᠷᠠᠭ ᠪᠣᠯᠭᠠᠨ ᠭᠤᠷᠪᠠ ᠤᠳᠠᠭ᠎ᠠ᠂ ᠤᠳᠠᠭ᠎ᠠ ᠪᠣᠯᠭᠠᠨ 30 ᠮᠢᠨᠦ᠋ᠲ ᠤᠨ ᠦᠳᠡ ᠶᠢᠨ ᠤᠨᠳᠠᠯᠭ᠎ᠠ  ᠶᠢ ᠪᠠᠷᠢᠮᠳᠠᠯᠠᠪᠠᠯ᠂ ᠵᠢᠷᠤᠬᠡᠨ ᠡᠪᠡᠳᠴᠢᠨ ᠠᠴᠠ ᠪᠣᠯᠵᠤ ᠴᠣᠴᠢᠮᠠᠭ ᠦᠬᠦᠬᠦ ᠠᠶᠤᠯ ᠢ 37%᠎ ᠪᠠᠷ ᠪᠠᠭᠠᠰᠬᠠᠬᠤ ᠶᠢ ᠲᠣᠳᠤᠷᠬᠠᠶᠢᠯᠠᠵᠠᠢ᠃ ᠦᠭᠡᠷ᠎ᠡ ᠨᠢᠭᠡᠨ ᠮᠠᠲ᠋ᠧᠷᠢᠶᠠᠯ ᠳᠤ ᠦᠳᠡ ᠳᠤ ᠤᠨᠲᠠᠬᠤ ᠵᠠᠩᠰᠢᠯ ᠲᠠᠢ ᠭᠠᠵᠠᠷ ᠣᠷᠤᠨ ᠤ ᠬᠦᠮᠤᠰ ᠤᠨ ᠲᠢᠳᠢᠮᠯᠢᠭ ᠯᠣᠭᠰᠢᠭᠤᠨ ᠰᠤᠳᠠᠯ ᠤᠨ ᠴᠢᠨᠠᠷᠲᠠᠢ ᠵᠢᠷᠤᠬᠡᠨ ᠡᠪᠡᠳᠴᠢᠨ ᠣᠯᠬᠤ ᠨᠤᠷᠮ᠎ᠠ ᠦᠳᠡ ᠳᠤ ᠤᠨᠲᠠᠲᠠᠭ ᠦᠭᠡᠢ ᠭᠠᠵᠠᠷ ᠣᠷᠤᠨ ᠤ ᠬᠦᠮᠤᠰ ᠤᠨ ᠬᠢ ᠠᠴᠠ ᠬᠤᠯᠠ ᠳᠣᠣᠷ᠎ᠠ ᠪᠠᠶᠢᠭ᠎ᠠ ᠶᠢ ᠭᠡᠷᠡᠴᠢᠯᠡᠭᠰᠡᠨ ᠪᠠᠶᠢᠨ᠎ᠠ᠃ ᠰᠣᠳᠤᠯᠭᠠᠲᠠᠳ᠂ ᠡᠨᠡ ᠨᠢ ᠪᠠᠷᠤᠭ ᠦᠳᠡ ᠶᠢᠨ ᠤᠨᠲᠠᠯᠭ᠎ᠠ ᠵᠢᠷᠦᠭᠡ ᠴᠢᠰᠤᠨ ᠰᠤᠳᠠᠯ ᠤᠨ ᠰᠢᠰᠲ᠋ᠧᠮ ᠢ ᠲᠠᠶᠢᠪᠤᠰᠢᠷᠠᠭᠤᠯᠵᠤ᠂ ᠪᠡᠶ᠎ᠡ ᠮᠠᠬᠠᠪᠤᠳ ᠤᠨ ᠴᠢᠩᠭᠠᠷᠠᠴᠠ ᠶᠢ ᠰᠤᠯᠠᠷᠠᠭᠤᠯᠤᠭᠰᠠᠨ ᠠᠴᠠ ᠪᠣᠯᠤᠭᠰᠠᠨ ᠪᠠᠶᠢᠭ᠎ᠠ ᠭᠡᠵᠦ ᠦᠵᠡᠵᠦ ᠪᠠᠶᠢᠨ᠎ᠠ᠃     3.ᠴᠡᠭᠡᠵᠢᠯᠡᠬᠦ ᠴᠢᠳᠠᠪᠦᠷᠢ ᠶᠢ ᠰᠠᠶᠢᠵᠢᠷᠠᠭᠤᠯᠤᠨ᠎ᠠ᠃ ᠠᠮᠧᠷᠢᠺᠠ ᠶᠢᠨ ᠰᠣᠳᠤᠯᠭᠠᠲᠠᠨ ᠦᠳᠡ ᠶᠢᠨ ᠤᠨᠲᠠᠯᠭ᠎ᠠ ᠬᠦᠮᠦᠨ ᠤ ᠲᠠᠮᠢᠷ ᠬᠦᠴᠤ ᠪᠣᠯᠤᠨ ᠰᠣᠨᠤᠷ ᠰᠡᠷᠡᠮᠵᠢ ᠶᠢ ᠶᠡᠬᠡᠪᠡᠷ ᠨᠡᠮᠡᠭᠳᠡᠭᠦᠯᠬᠦ ᠶᠢ ᠮᠡᠳᠡᠭᠰᠡᠨ ᠪᠠᠶᠢᠨ᠎ᠠ᠃ ᠭᠧᠷᠮᠠᠨ ᠤ ᠳ᠋ᠦᠰᠧᠳᠦᠷᠹ ᠶᠡᠭᠡ ᠰᠤᠷᠭᠠᠭᠤᠯᠢ ᠶᠢᠨ ᠰᠣᠳᠤᠯᠭᠠᠨ ᠳᠤ ᠦᠳᠡ ᠶᠢᠨ ᠤᠨᠲᠠᠯᠭ᠎ᠠ ᠶᠠᠳᠠᠷᠠᠭ᠎ᠠ ᠴᠢᠯᠡᠭᠡ ᠶᠢ ᠲᠠᠶᠢᠯᠬᠤ ᠪᠠᠷ ᠪᠠᠷᠠᠬᠤ ᠦᠭᠡᠢ ᠪᠠᠰᠠ ᠴᠡᠭᠡᠵᠢᠯᠡᠬᠦ ᠴᠢᠳᠠᠪᠦᠷᠢ ᠶᠢ ᠰᠠᠶᠢᠵᠢᠷᠠᠭᠤᠯᠬᠤ ᠶᠢ ᠲᠣᠳᠤᠷᠬᠠᠶᠢᠯᠠᠵᠠᠢ᠃     4.ᠴᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠧᠷᠮᠠᠨ ᠤ ᠤᠶᠤᠨ ᠮᠡᠳᠡᠷᠡᠯ ᠤᠨ ᠡᠪᠡᠳᠴᠢᠨ ᠤ ᠰᠣᠳᠤᠯᠭᠠᠨ ᠤ ᠭᠠᠵᠠᠷ ᠤᠨ ᠤᠨᠲᠠᠯᠭ᠎ᠠ ᠶᠢᠨ ᠲᠤᠰᠬᠠᠢ ᠮᠡᠷᠭᠡᠵᠢᠯᠲᠡᠨ ᠦᠳᠡ ᠶᠢᠨ ᠨᠢᠭᠡ ᠴᠠᠭ ᠪᠣᠯ ᠬᠦᠮᠦᠨ ᠤ ᠨᠢᠭᠡ ᠡᠳᠦᠷ ᠤᠨ ᠳᠣᠲᠤᠷᠠᠬᠢ ᠢᠯᠡᠷᠬᠡᠢ ᠨᠣᠶᠢᠷ ᠤᠨ ᠣᠷᠬᠢᠯ  ᠪᠣᠯᠬᠤᠷ ᠡᠨᠡ ᠦᠶ᠎ᠡ ᠳᠤ ᠲᠦᠷ ᠤᠨᠲᠠᠪᠠᠯ ᠪᠡᠶ᠎ᠡ ᠶᠢᠨ ᠳᠣᠳᠤᠭᠠᠲᠤ ᠶᠢᠨ ᠯᠢᠮᠪᠠ ᠡᠰ ᠢ ᠪᠦᠲᠤᠮᠵᠢᠲᠡᠢ ᠪᠠᠷ ᠰᠡᠲᠡᠨ᠂ ᠴᠠᠷᠤᠯᠲᠠ ᠶᠢᠨ ᠡᠰ ᠤᠨ ᠢᠳᠡᠪᠬᠢ ᠴᠢᠨᠠᠷ ᠢ ᠨᠡᠮᠡᠭᠳᠡᠭᠦᠯᠬᠦ ᠶᠢ ᠣᠯᠵᠤ ᠮᠡᠳᠡᠭᠰᠡᠨ ᠪᠠᠶᠢᠨ᠎ᠠ᠃     5.ᠤᠷᠮ᠎ᠠ ᠰᠡᠳᠬᠢᠯ ᠢ ᠰᠡᠷᠭᠦᠭᠡᠵᠦ᠂ ᠵᠣᠪᠠᠵᠤ ᠭᠠᠩᠰᠠᠷᠠᠬᠤ ᠭᠡᠮ ᠢ ᠠᠷᠢᠯᠭᠠᠨ᠎ᠠ᠃ ᠠᠮᠧᠷᠢᠺᠠ ᠶᠢᠨ ᠬᠠᠹᠧ ᠶᠡᠭᠡ ᠰᠤᠷᠭᠠᠭᠤᠯᠢ ᠶᠢᠨ ᠰᠡᠳᠭᠢᠬᠦᠢ ᠶᠢᠨ ᠵᠦᠢ ᠶᠢᠨ ᠤᠬᠠᠭᠠᠨᠲᠠᠳ᠂ ᠦᠳᠡ ᠳᠤ ᠲᠦᠷ ᠤᠨᠲᠠᠵᠤ ᠠᠪᠬᠤ ᠨᠢ ᠤᠷᠮ᠎ᠠ ᠰᠡᠳᠭᠢᠯᠭᠡ ᠶᠢ ᠰᠠᠶᠢᠵᠢᠷᠠᠭᠤᠯᠵᠤ᠂ ᠪᠡᠶ᠎ᠡ ᠮᠠᠬᠠᠪᠤᠳ ᠢ ᠲᠠᠶᠢᠪᠤᠰᠢᠷᠠᠭᠤᠯᠤᠨ᠂ ᠳᠠᠷᠤᠯᠲᠠ ᠳᠠᠷᠤᠭᠠᠰᠤ ᠶᠢ ᠬᠦᠩᠬᠡᠷᠡᠭᠦᠯᠬᠦ ᠶᠢ ᠣᠯᠵᠤ ᠮᠡᠳᠡᠵᠡᠢ᠃ ᠠᠮᠧᠷᠢᠺᠠ ᠶᠢᠨ ᠰᠲ᠋ᠠᠨᠹᠦ᠋ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ ᠳᠡᠭᠡᠳᠤ ᠰᠤᠷᠭᠠᠭᠤᠯᠢ ᠶᠢᠨ ᠨᠢᠭᠡ ᠲᠦᠷᠤᠯ ᠤᠨ ᠰᠣᠳᠤᠯᠭᠠᠨ ᠳᠤ ᠨᠡᠩ ᠴᠤ᠂ ᠡᠳᠦᠷ ᠪᠣᠯᠭᠠᠨ ᠦᠳᠡ ᠳᠤ ᠤᠨᠲᠠᠪᠠᠯ ᠵᠣᠪᠠᠵᠤ ᠭᠠᠩᠰᠠᠷᠠᠬᠤ ᠪᠠᠶᠢᠳᠠᠯ ᠢ ᠪᠦᠲᠦᠮᠵᠢᠲᠡᠢ ᠪᠠᠷ ᠠᠷᠢᠯᠭᠠᠵᠤ ᠵᠠᠮᠬᠠᠷᠠᠭᠤᠯᠬᠤ ᠶᠢ ᠲᠣᠳᠤᠷᠬᠠᠶᠢᠯᠠᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号