ᠰᠢᠨᠡᠰᠦ᠋ᠮ᠎ᠡ ᠭᠤᠣᠯ ᠪᠠᠭ᠎ᠠ ᠰᠤᠷᠭᠠᠭᠤᠯᠢ ᠲᠣᠭᠠᠨ ᠤ ᠳᠣᠭᠤᠶᠢᠯᠠᠩ ︽ᠬᠠᠮᠲᠤ ᠪᠠᠷ ᠬᠢᠴᠢᠶᠡᠯ ᠪᠡᠯᠡᠳᠭᠡᠬᠦ︾ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2017/4/20
   ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠠᠵᠢᠯ ᠤᠨ ᠲᠦᠯᠦᠪᠯᠡᠭᠡ ᠶᠣᠰᠤᠭᠠᠷ 2017 ᠣᠨ ᠤ 4 ᠰᠠᠷ᠎ᠠ ᠶᠢᠨ 13 ᠤ ᠡᠳᠦᠷ ᠮᠠᠨ ᠤ ᠰᠤᠷᠭᠠᠭᠤᠯᠢ ᠶᠢᠨ ᠲᠣᠭᠠᠨ ᠤ ᠲᠣᠭᠤᠶᠢᠯᠠᠩ ᠠᠴᠠ ᠲᠣᠭᠠᠨ ᠤ ᠤᠬᠠᠭᠠᠨ ᠤ ᠬᠢᠴᠢᠶᠡᠯᠡᠯᠭᠡ ᠳᠤ ᠭᠤᠷᠪᠠᠨ ᠠᠯᠬᠤᠮᠲᠤ ᠵᠢᠭᠠᠬᠤ ᠠᠷᠭ᠎ᠠ ᠶᠢ ᠬᠡᠷᠡᠭᠯᠡᠬᠦ ᠲᠣᠬᠠᠢ ᠬᠠᠮᠲᠤ ᠪᠠᠷ ᠶᠠᠷᠢᠯᠴᠠᠨ ᠰᠣᠳᠤᠯᠵᠤ ︽ᠲᠠᠯᠠᠪᠠᠢ ᠪᠠ ᠲᠠᠯᠠᠪᠠᠢ ᠶᠢᠨ ᠨᠢᠭᠡᠴᠢ︾ ᠭᠡᠬᠦ ᠠᠭᠤᠯᠭ᠎ᠠ ᠶᠢ ᠰᠤᠩᠭᠤᠨ ᠨᠢᠭᠡ ᠤᠳᠠᠭᠠᠨ ᠤ ︽ᠬᠠᠮᠲᠤ ᠪᠠᠷ ᠬᠢᠴᠢᠶᠡᠯ︾ ᠪᠡᠯᠡᠳᠭᠡᠬᠦ ᠬᠦᠳᠡᠯᠭᠡᠭᠡᠨ ᠦᠷᠨᠢᠭᠦᠯᠦᠭᠰᠡᠨ ᠪᠠᠶᠢᠨ᠎ᠠ᠃     ᠲᠤᠰ ᠤᠳᠠᠭᠠᠨ ᠤ ᠬᠦᠳᠡᠯᠭᠡᠭᠡᠨ ᠳᠤ ᠮᠠᠨ ᠤ ᠰᠤᠷᠭᠠᠭᠤᠯᠢ ᠶᠢᠨ ᠵᠠᠯᠠᠭᠤ ᠪᠠᠭᠰᠢ ᠤᠷᠢᠬᠠᠨ ᠠᠴᠠ ᠭᠤᠣᠯᠯᠠᠨ ᠬᠢᠴᠢᠶᠡᠯ ᠪᠡᠯᠡᠳᠭᠡᠵᠦ ᠰᠣᠨᠤᠰᠬᠠᠭᠰᠠᠨ ᠪᠦᠭᠡᠳ ᠲᠣᠭᠠᠨ ᠤ ᠳᠣᠭᠤᠶᠢᠯᠠᠩ ᠤᠨ ᠪᠦᠬᠦ ᠪᠠᠭᠰᠢ ᠨᠠᠷ ᠬᠠᠮᠲᠤ ᠪᠠᠷ ᠶᠠᠷᠢᠯᠴᠠᠨ ᠰᠣᠳᠤᠯᠵᠤ ᠠᠮᠵᠢᠯᠲᠠ ᠲᠠᠢ ᠲᠠᠯ᠎ᠠ ᠪᠠ ᠣᠷᠤᠰᠢᠵᠤ ᠪᠦᠬᠦᠢ ᠠᠰᠠᠭᠤᠳᠠᠯ ᠢ ᠣᠯᠠᠨ ᠲᠠᠯ᠎ᠠ ᠠᠴᠠ ᠢᠯᠡᠷᠡᠭᠦᠯᠦᠨ᠂ ᠦᠭᠡᠷᠡᠴᠢᠯᠡᠯᠲᠡ ᠪᠠ ᠰᠣᠳᠤᠯᠭᠠᠨ ᠤ ᠠᠵᠢᠯ ᠢᠶᠠᠨ ᠡᠷᠴᠢᠮᠵᠢᠭᠦᠯᠦᠭᠰᠡᠨ ᠪᠠᠶᠢᠨ᠎ᠠ᠃                                                ᠡᠷᠳᠡᠮᠲᠦ
 
ᠢᠷᠡᠯᠲᠡ᠄ ᠰᠢᠨᠡᠰᠦ᠋ᠮ᠎ᠡ ᠭᠤᠣᠯ ᠪᠠᠭ᠎ᠠ ᠰᠤᠷᠭᠠᠭᠤᠯᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号