︽ᠤᠶᠢᠯᠡᠳᠦᠯᠭᠡ ᠠᠴᠠ ᠤᠬᠠᠭ᠎ᠠ ᠰᠦᠢᠶ᠎ᠠ︾ ᠲᠤᠰᠬᠠᠢ ᠰᠡᠳᠦᠪᠲᠦ ᠬᠦᠳᠡᠯᠭᠡᠭᠡᠨ
ᠨᠡᠶᠢᠲᠡᠯᠡᠭᠰᠡᠨ ᠴᠠᠭ᠄
2017-04-20
     ︽ᠠᠷᠪᠠ ᠬᠡᠯᠡᠬᠦ ᠪᠠᠷ ᠨᠢᠭᠡ ᠬᠢ︾ ᠭᠡᠳᠡᠭ᠃ ᠦᠪᠡᠷ ᠢᠶᠠᠨ ᠭᠠᠷ ᠬᠦᠳᠡᠯᠦᠨ ᠬᠢᠮᠡᠨᠵᠢᠨ ᠰᠠᠶ᠋ᠢ ᠬᠦᠳᠡᠯᠮᠦᠷᠢ ᠶᠢᠨ ᠦᠨ᠎ᠡ ᠴᠡᠨ᠎ᠡ ᠶᠢ ᠣᠶᠢᠯᠠᠭᠠᠵᠤ᠂ ᠲᠡᠭᠦᠨ ᠢᠶᠠᠨ ᠨᠠᠨᠳᠢᠩᠨᠠᠨ ᠬᠠᠶᠢᠷᠠᠯᠠᠳᠠᠭ᠃ ᠰᠤᠷᠤᠭᠰᠠᠨ ᠢᠶᠠᠨ ᠪᠣᠲᠠᠲᠠᠢ ᠳᠤ ᠦᠢᠯᠡᠳᠦᠯᠭᠡᠵᠢᠭᠦᠯᠦᠨ ᠦᠪᠡᠷ ᠤᠨ ᠭᠡᠬᠦ ᠶᠠᠭᠤᠮ᠎ᠠ ᠪᠣᠯᠭᠠᠬᠤ ᠨᠢ ᠬᠡᠥᠭᠡᠳ ᠤᠨ ᠬᠦᠮᠦᠨ ᠪᠣᠯᠬᠤ ᠳᠤ ᠮᠠᠰᠢ ᠴᠢᠬᠤᠯᠠ ᠤᠶᠢᠯᠡᠳᠦᠯ ᠦᠵᠡᠭᠦᠯᠳᠡᠭ ᠨᠢ ᠭᠠᠷᠴᠠᠭ᠎ᠠ ᠦᠭᠡᠢ ᠪᠠᠶᠢᠳᠠᠭ ᠢᠶᠠᠷ ᠮᠠᠨ ᠤ ᠭᠤᠣᠯ ᠪᠠᠭ᠎ᠠ ᠰᠤᠷᠭᠠᠭᠤᠯᠢ ᠨᠢ ᠬᠠᠩᠰᠢ ᠶᠢᠨ ᠲᠠᠷᠬᠠᠯᠲᠠ ᠶᠢᠨ ᠲᠠᠰᠢᠷᠠᠮ ᠢᠶᠠᠷ ᠰᠤᠷᠤᠭᠴᠢᠳ ᠢ ᠪᠠᠨ ᠤᠷᠢᠶᠠᠯᠠᠨ ᠭᠡᠷ ᠵᠠᠭᠤᠷ᠎ᠠ ᠶᠢᠨ ᠠᠷᠰᠠᠷ ᠠᠵᠢᠯ ᠳᠤ ᠣᠷᠤᠯᠴᠠᠬᠤ᠂ ᠠᠬᠠᠮᠠᠳ ᠨᠠᠰᠤᠲᠠᠨ ᠢᠶᠠᠨ ᠠᠰᠠᠷᠠᠬᠤ᠂ ᠬᠠᠪᠤᠷ ᠤᠨ ᠲᠠᠷᠢᠶᠠᠯᠠᠩ ᠳᠤ ᠣᠷᠤᠯᠴᠠᠬᠤ᠂ ᠦᠬᠡᠷ ᠬᠤᠨᠢ ᠬᠠᠷᠢᠭᠤᠯᠵᠤ᠂ ᠲᠦᠯ ᠲᠤᠰᠴᠤ ᠲᠤᠳᠤᠮᠳᠠᠬᠤ ᠵᠡᠷᠭᠡ ᠤᠶᠢᠯᠡᠳᠦᠯᠭᠡ ᠶᠢᠨ ᠠᠵᠢᠯ ᠳᠤ ᠣᠷᠤᠯᠴᠠᠬᠤ ᠳᠠᠭᠠᠭᠠᠯᠭᠠᠪᠤᠷᠢ ᠦᠯᠡᠳᠡᠭᠡᠨ ︽ᠤᠶᠢᠯᠡᠳᠦᠯᠭᠡ ᠠᠴᠠ ᠤᠬᠠᠭ᠎ᠠ ᠰᠦᠢᠶ᠎ᠠ︾ ᠲᠤᠰᠬᠠᠢ ᠰᠡᠳᠤᠪᠲᠤ ᠬᠦᠳᠡᠯᠭᠡᠭᠡᠨ ᠢᠶᠠᠨ ᠡᠬᠢᠯᠡᠭᠦᠯᠦᠭᠰᠡᠨ ᠪᠢᠯᠡ᠃ ᠬᠦᠳᠡᠯᠭᠡᠭᠡᠨ ᠳᠤ ᠪᠦᠬᠦ ᠰᠤᠷᠭᠠᠭᠤᠯᠢ ᠶᠢᠨ ᠰᠤᠷᠤᠭᠴᠢᠳ ᠲᠤᠩ ᠢᠳᠡᠪᠬᠢᠲᠡᠢ ᠣᠷᠤᠯᠴᠠᠵᠤ᠂ ᠠᠩᠭᠢ ᠡᠷᠬᠢᠯᠡᠭᠴᠢ ᠪᠠᠭᠰᠢ ᠨᠠᠷ ᠭᠡᠷ ᠤᠨ ᠠᠬᠠᠮᠠᠳ ᠤᠨ ᠪᠣᠴᠠᠯᠲᠠ ᠳᠤᠰᠬᠠᠯ ᠢ ᠴᠤᠭᠯᠠᠭᠤᠯᠤᠭᠰᠠᠨ ᠳ᠋ᠦᠩ ᠳᠤ ᠡᠶᠢᠮᠦᠷᠬᠦ ᠬᠦᠳᠡᠯᠭᠡᠭᠡᠨ ᠨᠢ ᠮᠠᠰᠢ ᠴᠠᠭ ᠲᠤ ᠲᠠᠭᠠᠨ ᠲᠣᠬᠢᠷᠠᠭᠰᠠᠨ ᠬᠦᠳᠡᠯᠭᠡᠭᠡᠨ ᠪᠣᠯᠤᠭᠰᠠᠨ ᠪᠦᠭᠡᠳ ᠬᠦᠮᠦᠵᠢᠯ ᠤᠨ ᠦᠷ᠎ᠡ ᠠᠰᠢᠭ ᠦᠨᠳᠦᠷ ᠬᠦᠳᠡᠯᠭᠡᠭᠡᠨ ᠪᠣᠯᠤᠭᠰᠠᠨ ᠪᠠᠶᠢᠨ᠎ᠠ᠃
 
ᠢᠷᠡᠯᠲᠡ᠄ ᠰᠢᠨᠡᠰᠦ᠋ᠮ᠎ᠡ ᠭᠤᠣᠯ ᠪᠠᠭ᠎ᠠ ᠰᠤᠷᠭᠠᠭᠤᠯᠢ ᠶᠢᠨ ᠮᠣᠷᠠᠯ ᠤᠨ ᠬᠦᠮᠦᠵᠢᠯ ᠤᠨ ᠭᠠᠵᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号