ᠣᠨᠴᠠ ᠴᠠᠭᠳᠠᠭ᠎ᠠ ᠶᠢᠨ ᠶᠡᠭᠡ ᠠᠩᠭᠢ ᠶᠢᠨ ᠬᠢᠨ ᠲᠦᠷᠭᠡᠨ ᠭᠤᠪᠢᠭᠤᠯᠭ᠎ᠠ ᠶᠢᠨ ᠭᠠᠵᠠᠷ ᠲᠤ ᠬᠦᠷᠴᠦ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2017/4/7
    ᠣᠶᠢᠷ᠎ᠠ ᠳᠤ᠂ ᠣᠩᠨᠢᠭᠤᠳ ᠬᠤᠰᠢᠭᠤᠨ ᠤ ᠳᠣᠲᠤᠭᠠᠳᠤ ᠶᠢ ᠬᠠᠮᠠᠭᠠᠯᠠᠬᠤ ᠲᠣᠪᠴᠢᠶᠠᠨ ᠤ ᠣᠨᠴᠠ ᠴᠠᠭᠳᠠᠭ᠎ᠠ ᠶᠢᠨ ᠶᠡᠭᠡ ᠠᠩᠭᠢ ᠶᠢᠨ ᠬᠢᠨ ᠴᠠᠭᠳᠠᠭᠠᠨ ᠤ ᠬᠦᠴᠦᠨ ᠢᠶᠠᠨ ᠵᠣᠬᠢᠶᠠᠨ ᠪᠠᠶᠢᠭᠤᠯᠤᠨ ᠬᠠᠷᠢᠶ᠎ᠠ ᠲᠣᠭᠤᠷᠢᠭ ᠤᠨ ᠢᠶᠠᠨ ᠳᠣᠳᠤᠷᠠᠬᠢ ᠱᠧᠨ ᠲᠦᠩ᠂ ᠰᠢᠥᠳᠠᠨ ᠤ ᠶᠠᠪᠤᠳᠠᠯ ᠵᠡᠷᠭᠡ ᠲᠦᠷᠭᠡᠨ ᠭᠤᠪᠢᠭᠤᠯᠭ᠎ᠠ ᠶᠢᠨ ᠭᠦᠢᠯᠭᠡᠭᠡᠨ ᠤ ᠭᠠᠵᠠᠷ ᠲᠤ ᠠᠮᠤᠷ ᠲᠦᠪᠰᠢᠨ ᠤ ᠶᠡᠭᠡ ᠪᠠᠶᠢᠴᠠᠭᠠᠯᠲᠠ ᠦᠷᠨᠢᠭᠦᠯᠪᠡ᠃ ᠲᠤᠰ ᠤᠳᠠᠭᠠᠨ ᠤ ᠠᠵᠢᠯᠯᠠᠭᠠᠨ ᠳᠤ ᠨᠡᠶᠢᠲᠡ 30 ᠲᠦᠷᠭᠡᠨ ᠭᠤᠪᠢᠭᠤᠯᠭ᠎ᠠ ᠶᠢᠨ ᠭᠦᠢᠯᠭᠡᠭᠡᠨ ᠤ ᠭᠠᠵᠠᠷ ᠲᠤ ᠪᠠᠶᠢᠴᠠᠭᠠᠯᠲᠠ ᠬᠢᠵᠤ᠂ 10 ᠲᠦᠷᠭᠡᠨ ᠭᠤᠪᠢᠭᠤᠯᠭ᠎ᠠ ᠶᠢᠨ ᠭᠠᠵᠠᠷ ᠲᠤ ᠠᠮᠤᠷ ᠲᠦᠪᠰᠢᠨ ᠤ ᠳᠠᠯᠳᠠ ᠭᠡᠮ ᠣᠷᠤᠰᠢᠵᠤ ᠪᠠᠶᠢᠬᠤ ᠶᠢ ᠪᠠᠶᠢᠴᠠᠭᠠᠨ ᠢᠯᠡᠷᠡᠭᠦᠯᠵᠤ᠂ ᠲᠣᠬᠠᠢ ᠶᠢᠨ ᠲᠠᠯᠠᠪᠠᠢ ᠳᠤᠨᠢ ᠵᠠᠰᠠᠨ ᠴᠡᠭᠴᠡᠯᠡᠬᠦ ᠵᠠᠷᠯᠢᠭ ᠪᠠᠭᠤᠯᠭᠠᠭᠰᠠᠨ ᠪᠠᠶᠢᠨ᠎ᠠ᠃                                                ᠵᠣᠣ ᠮᠸᠢ ᠮᠸᠢ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号