ᠫᠢᠪ ᠤᠤᠭᠤᠬᠤ ᠬᠢᠭᠡᠳ ᠡᠷᠡᠭᠲᠡᠢ ᠶᠢᠨ ᠵᠢᠷᠤᠬᠡᠨ ᠡᠪᠡᠳᠴᠢᠨ
ᠨᠡᠶᠢᠲᠡᠯᠡᠭᠰᠡᠨ ᠴᠠᠭ᠄
2017/5/24
    ᠦᠩᠭᠡᠷᠡᠭᠰᠡᠨ ᠤ ᠰᠣᠳᠤᠯᠭᠠᠨ ᠳᠤ ᠬᠠᠷᠠᠭᠤᠯᠤᠭᠰᠠᠨ ᠢᠶᠠᠷ᠂ ᠠᠷᠢᠬᠢ ᠤᠤᠭᠤᠪᠠᠯ ᠴᠢᠰᠤᠨ ᠳᠠᠷᠤᠯᠲᠠ ᠦᠨᠳᠤᠷ ᠪᠣᠯᠬᠤ᠂ ᠮᠠᠷᠢᠶᠠᠯᠠᠬᠤ᠂ ᠰᠠ ᠳᠠᠭᠠᠷᠢᠬᠤ ᠡᠪᠡᠳᠴᠢᠨ ᠳᠤ ᠨᠡᠷᠪᠡᠭᠳᠡᠬᠦ ᠠᠶᠤᠯᠲᠠᠢ᠃ ︽ᠠᠮᠧᠷᠢᠺᠠ ᠶᠢᠨ ᠵᠢᠷᠤᠬᠡᠨ ᠡᠪᠡᠳᠴᠢᠨ ᠤ ᠨᠡᠶᠢᠭᠡᠮᠯᠢᠭ ᠤᠨ ᠰᠡᠳᠭᠦᠯ︾᠎ ᠳᠤ ᠨᠡᠶᠢᠲᠡᠯᠡᠭᠳᠡᠭᠰᠡᠨ ᠬᠠᠮᠤᠭ ᠤᠨ ᠰᠢᠨ᠎ᠡ ᠰᠣᠳᠤᠯᠭᠠᠨ ᠳᠤ ᠬᠠᠷᠠᠭᠤᠯᠤᠭᠰᠠᠨ ᠢᠶᠠᠷ  ᠂ ᠡᠳᠦᠷ ᠪᠦᠷᠢ 1 ᠯᠣᠩᠬᠤ ᠠᠴᠠ ᠳᠡᠭᠡᠭᠰᠢ ᠫᠢᠪ ᠤᠤᠭᠤᠳᠠᠭ ᠬᠦᠮᠦᠨ ᠤ ᠴᠢᠰᠤᠨ ᠰᠤᠳᠠᠯ ᠤᠨ ᠬᠠᠨ᠎ᠠ ᠨᠢ ᠤᠳᠠᠭᠠᠨ ᠬᠠᠷᠢᠮᠠᠬᠠᠢ ᠴᠢᠨᠠᠷ ᠢᠶᠠᠨ ᠠᠯᠳᠠᠵᠤ᠂ ᠡᠭᠦᠨ ᠤ ᠤᠯᠠᠮ ᠠᠴᠠ ᠵᠢᠷᠤᠬᠡᠨ ᠡᠪᠡᠳᠴᠢᠨ ᠎ ᠳᠤ ᠨᠡᠷᠪᠡᠭᠳᠡᠳᠡᠭ᠃     ᠠᠩᠭ᠍ᠯᠢ ᠶᠢᠨ ᠯᠤᠨᠳᠤᠨ ᠶᠡᠭᠡ ᠰᠤᠷᠭᠠᠭᠤᠯᠢ ᠶᠢᠨ ᠰᠣᠳᠤᠯᠭᠠᠲᠠᠳ 30-60 ᠨᠠᠰᠤᠨ ᠤ 3869 ᠰᠠᠶᠢᠨ ᠳᠤᠷᠠᠴᠤᠣᠯ ︵ᠡᠭᠦᠨ ᠳᠤ 73%᠎ ᠨᠢ ᠡᠷᠡᠭᠲᠡᠢ︶᠎ ᠳᠤ 25 ᠵᠢᠯ ᠮᠦᠷᠳᠡᠯ ᠰᠣᠳᠤᠯᠭᠠᠨ ᠬᠢᠵᠡᠢ᠃ ᠰᠣᠳᠤᠯᠭᠠᠲᠠᠳ ᠰᠠᠶᠢᠨ ᠳᠤᠷᠠᠴᠤᠣᠯ ᠢᠶᠠᠷ ᠠᠷᠢᠬᠢ ᠤᠤᠭᠤᠳᠠᠭ ᠳᠠᠳᠬᠠᠯ ᠢᠶᠠᠨ ᠮᠡᠳᠡᠭᠦᠯᠬᠦ ᠶᠢ ᠱᠠᠭᠠᠷᠳᠠᠭᠰᠠᠨ ᠤ ᠬᠠᠮᠲᠤ ᠲᠡᠳᠡᠨ ᠤ ᠬᠦᠵᠦᠭᠦᠦ ᠪᠠ ᠬᠦᠯ ᠤᠨ ᠬᠡᠰᠡᠭ ᠤᠨ ᠴᠢᠰᠤᠨ ᠰᠤᠳᠠᠯ ᠤᠨ ᠪᠠᠶᠢᠳᠠᠯ ᠳᠤ ᠦᠨᠡᠯᠡᠯᠲᠡ ᠬᠢᠪᠡ᠃ ᠡᠭᠦᠨ ᠳᠤ ᠬᠠᠷᠠᠭᠤᠯᠤᠭᠰᠠᠨ ᠢᠶᠠᠷ᠂ ᠡᠳᠦᠷ ᠪᠦᠷᠢ 1 ᠯᠣᠩᠬᠤ ᠠᠴᠠ ᠢᠯᠡᠭᠦᠦ ᠫᠢᠪ ᠤᠤᠭᠤᠳᠠᠭ ᠬᠦᠮᠦᠨ ᠤ ᠵᠢᠷᠤᠬᠡᠨ ᠡᠪᠡᠳᠴᠢᠨ ᠳᠤ ᠨᠡᠷᠪᠡᠭᠳᠡᠬᠦ ᠨᠤᠷᠮ᠎ᠠ ᠮᠠᠰᠢ ᠦᠨᠳᠤᠷ ᠪᠠᠶᠢᠯ᠎ᠠ᠃ ᠰᠣᠳᠤᠯᠭᠠᠲᠠᠳ ᠤᠨ ᠢᠯᠡᠷᠬᠡᠶᠢᠯᠡᠭᠰᠡᠨ ᠢᠶᠠᠷ᠂ ᠳᠡᠩᠳᠡᠭᠦᠣ ᠠᠷᠪᠢᠨ ᠫᠢᠪ ᠤᠤᠭᠤᠬᠤ ᠨᠢ ᠪᠡᠶ᠎ᠡ ᠳᠠᠬᠢ ᠶᠠᠮᠠᠷ ᠨᠢᠭᠡᠨ ᠢᠰᠭᠡᠭᠦᠷ ᠢ ᠬᠦᠭᠵᠢᠭᠡᠵᠦ᠂ ᠴᠢᠰᠤᠨ ᠰᠤᠳᠠᠯ ᠬᠠᠲᠠᠭᠤᠷᠠᠬᠤ ᠬᠤᠷᠳᠤᠴᠠ ᠶᠢ ᠲᠦᠷᠭᠡᠳᠭᠡᠨ᠂ ᠵᠢᠷᠤᠬᠡᠨ ᠡᠪᠡᠳᠴᠢᠨ ᠡᠭᠦᠰᠭᠡᠳᠡᠭ᠃ ᠭᠡᠶ᠎ᠡ ᠡᠶᠢᠮᠦᠷᠬᠦ ᠠᠷᠢᠬᠢ ᠤᠤᠭᠤᠬᠤ ᠳᠠᠳᠬᠠᠯ ᠨᠢ ᠡᠮᠡᠭᠲᠡᠶᠢᠴᠦᠳ ᠲᠤ ᠳᠡᠮᠡᠢ ᠨᠦᠯᠦᠭᠡ ᠪᠣᠯᠬᠤ ᠦᠭᠡᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号