ᠦᠷᠬᠦᠯᠵᠢ ᠪᠡᠶ᠎ᠡ ᠤᠬᠢᠶᠠᠬᠤ ᠨᠢ ᠰᠢᠬᠢᠷ ᠰᠢᠵᠢᠩ ᠡᠪᠡᠳᠴᠢᠨ ᠢ ᠰᠡᠷᠭᠡᠶᠢᠯᠡᠳᠡᠭ
ᠨᠡᠶᠢᠲᠡᠯᠡᠭᠰᠡᠨ ᠴᠠᠭ᠄
2017/5/24
     ᠠᠩᠭ᠍ᠯᠢ ᠶᠢᠨ ᠯᠠᠹᠦ᠋ᠪᠦ᠋ ᠶᠡᠭᠡ ᠰᠤᠷᠭᠠᠭᠤᠯᠢ ᠶᠢᠨ ᠰᠣᠳᠤᠯᠭᠠᠨ ᠳᠤ ᠢᠯᠡᠷᠡᠭᠦᠯᠦᠭᠰᠡᠨ ᠢᠶᠠᠷ᠂ ᠬᠠᠯᠠᠭᠤᠨ ᠤᠰᠤ ᠪᠠᠷ ᠦᠷᠬᠦᠯᠵᠢ ᠪᠡᠶ᠎ᠡ ᠪᠠᠨ ᠤᠬᠢᠶᠠᠬᠤ ᠨᠢ ᠰᠢᠬᠢᠷ ᠰᠢᠵᠢᠩ ᠡᠪᠡᠳᠴᠢᠨ ᠢ ᠰᠡᠷᠭᠡᠶᠢᠯᠡᠳᠡᠭ᠃ ᠲᠠᠮᠢᠷ ᠤᠨ ᠬᠦᠳᠡᠯᠭᠡᠭᠡᠨ ᠬᠢᠭᠰᠡᠨ ᠠᠴᠠ ᠪᠡᠶ᠎ᠡ ᠶᠢᠨ ᠬᠠᠯᠠᠭᠤᠨ ᠳᠡᠭᠡᠭᠰᠢᠯᠡᠬᠦ᠂ ᠬᠦᠯᠦᠷᠡᠬᠦ ᠲᠠᠢ ᠠᠳᠠᠯᠢ ᠪᠣᠰᠤ ᠨᠢ ᠬᠠᠯᠠᠭᠤᠨ ᠤᠰᠤ ᠪᠠᠷ ᠪᠡᠶ᠎ᠡ ᠪᠠᠨ ᠤᠬᠢᠶᠠᠭᠰᠠᠨ ᠤ ᠳᠠᠷᠠᠭ᠎ᠠ ᠪᠡᠶ᠎ᠡ ᠶᠢᠨ ᠬᠠᠯᠠᠭᠤᠨ ᠳᠡᠭᠡᠭᠰᠢᠯᠡᠬᠦ ᠨᠢ ᠴᠢᠰᠤᠨ ᠤ ᠰᠢᠬᠢᠷ ᠢ ᠨᠡᠩ ᠰᠠᠶᠢᠵᠢᠷᠠᠭᠤᠯᠳᠠᠭ᠃ ᠰᠣᠳᠤᠯᠭᠠᠲᠠᠳ 14 ᠡᠷᠡᠭᠲᠡᠢ ᠰᠠᠶᠢᠨ ᠳᠤᠷᠠᠴᠤᠣᠯ ᠢ ᠡᠯᠰᠡᠭᠰᠡᠨ ᠤ ᠬᠠᠮᠲᠤ ᠲᠡᠳᠡᠨ ᠢ ᠬᠤᠶᠠᠷ ᠳᠣᠭᠤᠶᠢᠯᠠᠩ ᠬᠤᠪᠢᠶᠠᠨ᠂ ᠨᠢᠭᠡ ᠳᠣᠭᠤᠶᠢᠯᠠᠩ ᠤᠨ ᠬᠢᠨ 1 ᠴᠠᠭ ᠳᠣᠭᠤᠢ ᠤᠨᠤᠵᠤ᠂ ᠵᠣᠷᠢᠯᠭ᠎ᠠ ᠨᠢ 1 ᠴᠠᠭ ᠤᠨ ᠳᠣᠲᠤᠷ᠎ᠠ ᠲᠡᠳᠡᠨ ᠤ ᠪᠡᠶ᠎ᠡ ᠶᠢᠨ ᠬᠠᠯᠠᠭᠤᠨ ᠤ ᠭᠷᠠᠳᠦ᠋ᠰ ᠢ ᠳᠡᠭᠡᠭᠰᠢᠯᠡᠭᠦᠯᠬᠦ ᠪᠣᠯᠭᠠᠨ᠎ᠠ᠃ ᠵᠠᠯᠭᠠᠭᠠᠳ ᠰᠣᠳᠤᠯᠭᠠᠲᠠᠳ ᠰᠠᠶᠢᠨ ᠳᠤᠷᠠᠴᠤᠣᠯ ᠤᠨ ᠢᠯᠴᠢ ᠬᠤᠷᠤᠭᠳᠠᠭᠤᠯᠤᠭᠰᠠᠨ ᠬᠡᠮᠵᠢᠭᠳᠡᠯ᠂ 24 ᠴᠠᠭ ᠤᠨ ᠳᠠᠷᠠᠭᠠᠬᠢ ᠴᠢᠰᠤᠨ ᠤ ᠰᠢᠬᠢᠷ ᠤᠨ ᠬᠡᠮᠵᠢᠶ᠎ᠡ ᠶᠢ ᠬᠡᠮᠵᠢᠪᠡ᠃ ᠡᠭᠦᠨ ᠳᠤ ᠳᠣᠭᠤᠢ ᠤᠨᠤᠭᠰᠠᠨ ᠳᠣᠭᠤᠶᠢᠯᠠᠩ ᠤᠨ ᠬᠢᠨ ᠪᠡᠶ᠎ᠡ ᠤᠬᠢᠶᠠᠭᠰᠠᠨ ᠳᠣᠭᠤᠶᠢᠯᠠᠩ ᠤᠨ ᠬᠢᠨ ᠠᠴᠠ ᠢᠯᠴᠢ ᠢᠯᠡᠭᠦᠦ ᠬᠤᠷᠤᠭᠳᠠᠭᠤᠯᠤᠭᠰᠠᠨ ᠪᠣᠯᠪᠠᠴᠤ ᠬᠠᠯᠠᠭᠤᠨ ᠤᠰᠤᠨ  ᠳᠤ 1 ᠴᠠᠭ ᠪᠡᠶ᠎ᠡ ᠪᠠᠨ ᠲᠡᠪᠲᠤᠭᠡᠭᠰᠡᠨ ᠨᠢ ᠬᠠᠭᠠᠰ ᠴᠠᠭ ᠠᠯᠬᠤᠭᠰᠠᠨ ᠠᠴᠠ ᠢᠯᠴᠢ ᠢᠯᠡᠭᠦᠦ ᠬᠤᠷᠤᠭᠳᠠᠭᠤᠯᠵᠤ᠂ ᠪᠠᠷᠤᠭ 140 ᠺᠢᠯᠤᠺᠠᠯᠤᠷᠢ ᠬᠤᠷᠤᠭᠳᠠᠭᠤᠯᠤᠭᠰᠠᠨ ᠪᠠᠶᠢᠪᠠ᠃ ᠲᠠᠮᠢᠷ ᠤᠨ ᠬᠦᠳᠡᠯᠭᠡᠭᠡᠨ ᠬᠢᠭᠰᠡᠨ ᠳᠣᠭᠤᠶᠢᠯᠠᠩ ᠲᠠᠢ ᠬᠠᠷᠢᠴᠠᠭᠤᠯᠪᠠᠯ ᠬᠠᠯᠠᠭᠤᠨ ᠤᠰᠤᠨ ᠳᠤ ᠪᠡᠶ᠎ᠡ ᠪᠠᠨ ᠤᠬᠢᠶᠠᠭᠰᠠᠨ ᠨᠢ ᠴᠢᠰᠤᠨ ᠤ ᠰᠢᠬᠢᠷ ᠤᠨ ᠲᠡᠭᠰᠢᠳᠭᠡᠯ ᠬᠡᠮᠵᠢᠶ᠎ᠡ  ᠨᠢ ᠬᠠᠷᠢᠨ 10% ᠢᠶᠠᠷ ᠳᠣᠷᠤᠭᠰᠢᠯᠠᠵᠠᠢ᠃ ᠬᠠᠯᠠᠭᠤᠨ ᠤᠰᠤᠨ ᠳᠤ ᠪᠡᠶ᠎ᠡ ᠪᠠᠨ ᠤᠬᠢᠶᠠᠬᠤ ᠨᠢ ᠪᠡᠰᠠ ᠲᠠᠮᠢᠷ ᠤᠨ ᠬᠦᠳᠡᠯᠭᠡᠭᠡᠨ ᠬᠢᠬᠦ ᠲᠠᠢ ᠠᠳᠠᠯᠢᠪᠲᠤᠷ ᠦᠷᠪᠢᠰᠤᠯ ᠢ ᠬᠤᠷᠢᠭᠯᠠᠬᠤ ᠦᠷ᠎ᠡ ᠳ᠋ᠦᠩ ᠲᠠᠢ᠃      ᠹᠢᠨᠯᠠᠨᠳ᠋ ᠤᠨ ᠨᠢᠭᠡᠨ ᠰᠣᠳᠤᠯᠭᠠᠨ ᠳᠤ ᠬᠠᠷᠠᠭᠤᠯᠤᠭᠰᠠᠨ ᠢᠶᠠᠷ᠂ ᠬᠠᠯᠠᠭᠤᠨ ᠤᠰᠤᠨ ᠳᠤ ᠦᠷᠬᠦᠯᠵᠢ ᠪᠡᠶ᠎ᠡ ᠪᠠᠨ ᠤᠬᠢᠶᠠᠵᠤ ᠪᠡᠶ᠎ᠡ ᠶᠢᠨ ᠬᠠᠯᠠᠭᠤᠨ ᠢᠶᠠᠨ ᠠᠯᠪᠠ ᠪᠠᠷ ᠳᠡᠭᠡᠭᠰᠢᠯᠡᠭᠦᠯᠬᠦ ᠨᠢ ᠵᠢᠷᠤᠬᠡ ᠴᠢᠰᠤᠨ ᠰᠤᠳᠠᠯ ᠤᠨ ᠡᠷᠡᠭᠦᠯᠵᠢᠯ ᠳᠤ ᠲᠤᠰᠠᠲᠠᠢ ᠮᠦᠷᠲᠡᠭᠡᠨ ᠵᠢᠷᠤᠬᠡᠨ ᠡᠪᠡᠳᠴᠢᠨ ᠪᠣᠶᠣ ᠲᠠᠷᠢᠬᠢ ᠦᠬᠦᠵᠢᠬᠦ ᠲᠦᠭᠰᠢᠭᠦᠷᠢ ᠶᠢ ᠪᠠᠭᠤᠷᠠᠭᠤᠯᠳᠠᠭ᠃ ᠠᠮᠧᠷᠢᠺᠠ ᠶᠢᠨ ᠰᠣᠳᠤᠯᠭᠠᠲᠠᠳ ᠤᠨ ᠨᠢᠭᠡᠨ 16 ᠵᠢᠯ ᠤᠨ ᠮᠦᠷᠳᠡᠯ ᠰᠣᠳᠤᠯᠭᠠᠨ ᠳᠤ ᠢᠯᠡᠷᠡᠭᠦᠯᠦᠭᠰᠡᠨ ᠢᠶᠠᠷ᠂ ᠬᠠᠯᠠᠭᠤᠨ ᠤᠰᠤ ᠪᠠᠷ ᠪᠡᠶ᠎ᠡ ᠪᠠᠨ ᠦᠷᠬᠦᠯᠵᠢ ᠤᠬᠢᠶᠠᠪᠠᠯ ᠴᠢᠰᠤᠨ ᠳᠠᠷᠤᠯᠲᠠ ᠶᠢ ᠪᠠᠭᠤᠷᠠᠭᠤᠯᠳᠠᠭ᠃ ᠭᠡᠬᠦ ᠳᠡᠭᠡᠨ ᠦᠯᠦᠨ᠂ ᠴᠠᠳᠬᠤᠯᠠᠩ ᠪᠠ ᠰᠢᠷᠤᠬᠦᠨ ᠬᠦᠳᠡᠯᠭᠡᠭᠡᠨ ᠬᠢᠭᠰᠡᠨ ᠤ ᠳᠠᠷᠠᠭ᠎ᠠ ᠪᠡᠶ᠎ᠡ ᠪᠠᠨ ᠤᠬᠢᠶᠠᠪᠠᠯ ᠲᠣᠯᠤᠭᠠᠢ ᠡᠷᠬᠢᠬᠦ ᠵᠡᠷᠭᠡ ᠢᠯᠡᠷᠡᠯ ᠭᠠᠷᠳᠠᠭ ᠲᠤᠯᠠ ᠡᠶᠢᠮᠦᠷᠬᠦ ᠦᠶᠡᠰ ᠪᠡᠶ᠎ᠡ ᠤᠬᠢᠶᠠᠬᠤ ᠠᠴᠠ ᠵᠠᠶᠢᠯᠠᠰᠬᠢᠭᠡᠷᠡᠢ ᠭᠡᠵᠦ ᠰᠠᠨᠠᠭᠤᠯᠵᠤ ᠪᠣᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号