ᠲᠤᠰ ᠵᠢᠯ ᠤᠨ ᠲᠠᠪᠤᠨ ᠰᠠᠷ᠎ᠠ ᠶᠢᠨ ᠨᠢᠭᠡᠨ ᠤ ᠳᠡᠯᠡᠬᠡᠢ ᠶᠢᠨ ᠬᠦᠳᠡᠯᠮᠦᠷᠢᠴᠢᠳ ᠤᠨ ᠪᠠᠶᠠᠷ ᠢ | ᠳᠣᠬᠢᠶᠠᠯᠳᠤᠭᠤᠯᠤᠨ᠂ ᠮᠠᠨ ᠤ ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠭᠠᠵᠠᠷ᠂ ᠮᠣᠷᠠᠯ ᠤᠨ ᠬᠦᠮᠦᠵᠢᠯ ᠤᠨ | ᠭᠠᠵᠠᠷ ᠠᠴᠠ ᠰᠤᠷᠭᠠᠭᠤᠯᠢ ᠨᠢᠭᠡᠴᠢ ᠶᠢᠨ ᠢᠶᠠᠨ ᠢᠷᠠᠭᠤ ᠠᠯᠳᠠᠷ ᠤᠨ ᠬᠠᠭᠤᠳᠠᠰᠤᠨ ᠳᠤ ᠰᠢᠨ᠎ᠡ ᠦᠩᠭᠡ ᠭᠢᠯᠪᠠᠭ᠎ᠠ | ᠨᠡᠮᠡᠷᠢᠯᠡᠵᠦ᠂ ᠮᠣᠩᠭᠤᠯ ᠬᠡᠥᠬᠡᠳ ᠤᠨ ᠤᠷᠠᠨ ᠰᠠᠮᠪᠠᠭᠠᠯᠢᠭ ᠤᠬᠠᠭᠠᠨ ᠴᠢᠳᠠᠯ᠂ ᠬᠤᠷᠴᠠ ᠱᠠᠯᠠᠮᠠᠭᠠᠢ ᠤᠶᠢᠯᠡ | ᠬᠦᠳᠡᠯᠭᠡᠭᠡᠨ ᠢᠶᠠᠷ ᠢᠶᠠᠨ ᠣᠯᠠᠨ ᠣᠯᠠᠨ ᠤᠷᠤᠯᠳᠤᠭᠠᠨ ᠮᠦᠷᠤᠶᠢᠴᠡᠭᠡᠨ ᠳᠤ ᠰᠢᠯᠢᠳᠡᠭ ᠠᠮᠵᠢᠯᠲᠠ ᠪᠠᠷ ᠢᠶᠠᠨ | ᠭᠢᠯᠠᠷᠠᠭᠤᠯᠤᠨ ᠶᠠᠪᠤᠭ᠎ᠠ ᠰᠤᠷᠭᠠᠭᠤᠯᠢ ᠶᠢᠨ ᠬᠦᠯ ᠪᠦᠮᠪᠦᠭᠡ ᠶᠢᠨ ᠠᠩᠭᠢ ᠶᠢᠨ ᠰᠤᠷᠤᠭᠴᠢᠳ ᠢᠶᠠᠨ ᠵᠣᠬᠢᠶᠠᠨ | ᠪᠠᠶᠢᠭᠤᠯᠵᠤ᠂ ᠣᠩᠨᠢᠭᠤᠳ ᠤᠨ ᠰᠣᠶᠣᠯ ᠲᠡᠥᠭᠡ ᠶᠢ ᠲᠠᠨᠢᠭᠤᠯᠵᠤ ᠣᠶᠢᠯᠠᠭᠠᠭᠤᠯᠬᠤ ᠵᠣᠷᠢᠯᠭ᠎ᠠ ᠲᠠᠢ ᠨᠢᠭᠡᠨ | ᠤᠳᠠᠭᠠᠨ ᠤ ︽ᠲᠣᠭᠤᠷᠢᠨ ᠰᠤᠷᠤᠯᠴᠠᠬᠤ︾ ᠠᠵᠢᠯᠯᠠᠭᠠᠨ ᠢ ᠵᠣᠬᠢᠶᠠᠨ ᠪᠠᠶᠢᠭᠤᠯᠵᠤ ᠶᠠᠪᠤᠭᠤᠯᠤᠭᠰᠠᠨ ᠪᠠᠶᠢᠨ᠎ᠠ᠃ | ᠰᠤᠷᠤᠭᠴᠢᠳ ᠢᠶᠠᠨ ᠮᠠᠨ ᠤ ᠬᠤᠰᠢᠭᠤᠨ ᠤ ᠱᠠᠵᠢᠨ ᠦᠨᠳᠦᠰᠤᠨ ᠰᠦᠮ᠎ᠡ᠂ ᠣᠪᠤᠭ᠎ᠠ ᠠᠭᠤᠯᠠ᠂ ᠰᠣᠶᠣᠯ | ᠲᠡᠥᠭᠡ ᠶᠢᠨ ᠮᠦᠽᠧᠢ ᠵᠡᠷᠭᠡ ᠲᠡᠥᠬᠡᠨ ᠤ ᠳᠤᠷᠠᠰᠬᠠᠯᠲᠤ ᠣᠷᠤᠨ ᠢᠶᠠᠷ ᠲᠣᠭᠤᠷᠢᠭᠤᠯᠵᠤ᠂ ᠣᠩᠨᠢᠭᠤᠳ | ᠮᠣᠩᠭᠤᠯᠴᠤᠳ ᠤᠨ ᠢᠵᠠᠭᠤᠷ ᠲᠡᠥᠭᠡ᠂ ᠠᠮᠢᠳᠤᠷᠠᠯ ᠤᠨ ᠵᠠᠩ ᠠᠷᠠᠨᠰᠢᠨ᠂ ᠣᠨᠴᠠᠯᠢᠭᠲᠤ ᠬᠠᠭᠤᠴᠢ ᠦᠯᠡᠳᠡᠭᠳᠡᠯ | ᠵᠡᠷᠭᠡ ᠶᠢ ᠦᠵᠡᠭᠦᠯᠦᠨ ᠲᠠᠨᠢᠭᠤᠯᠵᠤ᠂ ᠲᠡᠳᠡᠨ ᠳᠤ ᠣᠷᠤᠨ ᠨᠤᠲᠤᠭ ᠢᠶᠠᠨ ᠬᠠᠶᠢᠷᠠᠯᠠᠵᠤ ᠬᠦᠭᠵᠢᠭᠦᠯᠬᠦ ᠡᠷᠴᠢ ᠵᠣᠷᠢᠭ | ᠣᠯᠭᠤᠵᠤ᠂ ᠬᠤᠶᠢᠰᠢᠲᠠ ᠶᠢᠨ ᠰᠤᠷᠤᠯᠴᠠᠯᠭ᠎ᠠ ᠠᠮᠢᠳᠤᠷᠠᠯ ᠳᠤ ᠨᠢ ᠮᠠᠰᠢ ᠭᠦᠨ ᠭᠦᠨᠵᠡᠭᠡᠢ ᠠᠴᠢ ᠬᠤᠯᠪᠤᠭᠳᠠᠯ ᠲᠠᠢ | ᠰᠠᠭᠤᠭᠳᠠᠯ ᠦᠯᠡᠳᠡᠭᠡᠭᠰᠡᠨ ᠪᠠᠶᠢᠨᠠᠮ᠃ | | ᠪᠠᠶᠠᠨᠳᠤᠩᠭᠠᠯᠠᠭ ᠮᠡᠳᠡᠭᠡᠯᠡᠪᠡ | | | | | | | | | | | | | | | | | | | | |