ᠮᠠᠨ ᠤ ᠬᠤᠲᠠ ᠳᠠᠷᠠᠭ᠎ᠠ ᠵᠢᠯ ᠠᠴᠠ ᠡᠬᠢᠯᠡᠨ ᠨᠠᠰᠤᠵᠢᠯ ᠤᠨ ᠳᠠᠭᠠᠳᠬᠠᠯ ᠤᠨ ᠨᠦᠬᠦᠵᠤ ᠲᠤᠰᠢᠶᠠᠬᠤ ᠲᠦᠷᠤ ᠶᠢᠨ ᠪᠣᠳᠤᠯᠭ᠎ᠠ ᠳᠤ ᠰᠢᠨ᠎ᠡ ᠬᠤᠪᠢᠷᠠᠯᠲᠠ ᠭᠠᠷᠬᠤ ᠪᠣᠯᠤᠨ᠎ᠠ
ᠨᠡᠶᠢᠲᠡᠯᠡᠭᠰᠡᠨ ᠴᠠᠭ᠄
2017/5/4
     2008 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ᠂ ᠮᠠᠨ ᠤ ᠬᠤᠲᠠ ᠶᠢᠨ ᠨᠠᠰᠤᠵᠢᠯ ᠤᠨ ᠳᠠᠭᠠᠳᠬᠠᠯ ᠤᠨ ᠨᠦᠬᠦᠵᠤ ᠲᠤᠰᠢᠶᠠᠬᠤ ᠲᠦᠷᠤ ᠶᠢᠨ ᠪᠣᠳᠣᠯᠭ᠎ᠠ ᠶᠢ ᠦᠪᠡᠷᠲᠡᠭᠡᠨ ᠵᠠᠰᠠᠬᠤ ᠣᠷᠤᠨ ᠤ  ︽ᠠᠵᠤ ᠠᠬᠤᠶᠢᠯᠠᠯ ᠤᠨ ᠠᠵᠢᠯᠲᠠᠨ ᠤ ᠦᠨᠳᠤᠰᠤᠨ ᠨᠠᠰᠤᠵᠢᠯ ᠤᠨ ᠳᠠᠭᠠᠳᠬᠠᠯ ᠤᠨ ᠦᠪᠡᠷᠲᠡᠭᠡᠨ ᠵᠠᠰᠠᠬᠤ ᠣᠷᠤᠨ ᠤ ᠱᠠᠲᠤᠨ ᠤ ᠨᠢᠭᠡᠲᠤᠯᠲᠡᠢ ᠲᠦᠯᠦᠪᠯᠡᠭᠡ ᠶᠢ ᠨᠠᠶᠢᠲᠠᠪᠦᠷᠢᠵᠢᠭᠤᠯᠬᠤ ᠲᠣᠬᠠᠢ ᠮᠡᠳᠡᠭᠳᠡᠯ︾ ᠳᠤ ᠨᠠᠰᠤᠵᠢᠯ ᠤᠨ ᠳᠠᠭᠠᠳᠬᠠᠯ ᠤᠨ ᠨᠦᠬᠦᠵᠤ ᠲᠤᠰᠢᠶᠠᠬᠤ ᠲᠦᠷᠤ ᠶᠢᠨ ᠪᠣᠳᠤᠯᠭ᠎ᠠ ᠶᠢᠨ ᠲᠠᠯ᠎ᠠ ᠪᠠᠷ ᠰᠢᠨ᠎ᠡ ᠲᠣᠭᠲᠠᠭᠠᠯ ᠭᠠᠷᠭᠠᠵᠤ᠂ ᠨᠦᠬᠦᠵᠤ ᠲᠤᠰᠢᠶᠠᠬᠤ ᠰᠤᠶᠢᠳᠭᠡᠯ ᠢ ᠶᠡᠬᠡᠪᠡᠷ ᠨᠡᠮᠡᠭᠳᠡᠭᠦᠯᠵᠡᠢ᠃ ᠪᠣᠲᠠᠲᠠᠢ ᠪᠠᠷ ᠠᠪᠴᠤ ᠬᠡᠯᠡᠪᠡᠯ ᠭᠤᠣᠯᠳᠠᠭᠤ ᠳᠣᠣᠷᠠᠬᠢ ᠭᠤᠷᠪᠠᠨ ᠲᠠᠯ᠎ᠠ ᠶᠢᠨ ᠬᠤᠪᠢᠷᠠᠯᠲᠠ ᠲᠠᠢ  ᠄      ᠨᠢᠭᠡ   ᠳᠤ᠂ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠲᠠᠨ ᠤ ᠳᠤᠮᠳᠠᠴᠢ ᠴᠠᠯᠢᠩ ᠬᠦᠯᠦᠰᠤ ᠳᠤ ᠬᠤᠪᠢᠷᠠᠯᠲᠠ ᠭᠠᠷᠤᠨ᠎ᠠ᠃ ᠣᠳᠤᠬᠠᠨ ᠳᠤ ᠮᠠᠨ ᠤ ᠬᠤᠲᠠ ᠶᠢᠨ ᠨᠦᠬᠦᠵᠤ ᠲᠤᠰᠢᠶᠠᠬᠤ ᠲᠦᠷᠤ ᠶᠢᠨ ᠪᠣᠳᠤᠯᠭ᠎ᠠ ᠳᠤ ᠬᠡᠷᠡᠭᠯᠡᠵᠦ ᠪᠠᠶᠢᠭ᠎ᠠ ᠨᠡᠶᠢᠭᠡᠮ ᠤᠨ ᠳᠤᠮᠳᠠᠴᠢ ᠴᠠᠯᠢᠩ ᠣᠷᠤᠯᠭ᠎ᠠ ᠪᠣᠯ ᠮᠠᠨ ᠤ ᠬᠤᠲᠠ ᠶᠢᠨ ᠦᠩᠭᠡᠷᠡᠭᠰᠡᠨ ᠵᠢᠯ ᠤᠨ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠲᠠᠨ ᠤ ᠳᠤᠮᠳᠠᠴᠢ ᠴᠠᠯᠢᠩ ᠪᠠᠶᠢᠵᠤ᠂ ᠳᠠᠷᠤᠢ ᠨᠠᠰᠤᠵᠢᠯ ᠤᠨ ᠳᠠᠭᠠᠳᠬᠠᠯ ᠤᠨ ᠰᠤᠶᠢᠳᠭᠡᠯ ᠢ ᠨᠦᠬᠦᠵᠤ ᠲᠤᠰᠢᠶᠠᠬᠤ ᠦᠶᠡᠰ ᠮᠠᠨ ᠤ ᠬᠤᠲᠠ ᠶᠢᠨ ᠳᠡᠭᠡᠷ᠎ᠡ ᠨᠢᠭᠡ ᠵᠢᠯ ᠤᠨ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠲᠠᠨ ᠤ ᠳᠤᠮᠳᠠᠴᠢ ᠴᠠᠯᠢᠩ ᠢᠶᠠᠷ ᠦᠨᠳᠤᠰᠤᠯᠡᠯ ᠪᠣᠯᠭᠠᠵᠤ ᠪᠠᠶᠢᠵᠠᠢ᠃ ︽ᠮᠡᠳᠡᠭᠳᠡᠯ︾ ᠳᠤ᠂ ᠳᠠᠷᠠᠭ᠎ᠠ ᠵᠢᠯ ᠠᠴᠠ ᠨᠠᠰᠤᠵᠢᠯ ᠤᠨ ᠳᠠᠭᠠᠳᠬᠠᠯ ᠤᠨ ᠰᠤᠶᠢᠳᠭᠡᠯ ᠢ ᠨᠦᠬᠦᠨ ᠲᠤᠰᠢᠶᠠᠬᠤ ᠳᠠᠭᠠᠨ ᠳᠡᠭᠡᠷ᠎ᠡ ᠨᠢᠭᠡ ᠵᠢᠯ ᠤᠨ ᠦᠪᠡᠷᠲᠡᠭᠡᠨ ᠵᠠᠰᠠᠬᠤ ᠣᠷᠤᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠤ ᠳᠤᠮᠳᠠᠴᠢ ᠴᠠᠯᠢᠩ ᠢᠶᠠᠷ ᠦᠨᠳᠤᠰᠤᠯᠡᠯ ᠪᠣᠯᠭᠠᠬᠤ ᠪᠣᠯᠤᠨ᠎ᠠ ᠭᠡᠵᠡᠢ᠃      ᠬᠤᠶᠠᠷ ᠲᠤ᠂ ᠰᠤᠶᠢᠳᠭᠡᠯ ᠲᠤᠰᠢᠶᠠᠬᠤ ᠰᠠᠭᠤᠷᠢ ᠲᠤᠭ᠎ᠠ ᠳᠤ ᠬᠤᠪᠢᠷᠠᠯᠲᠠ ᠡᠭᠦᠰᠬᠦ ᠪᠣᠯᠤᠨ᠎ᠠ᠃ ᠣᠳᠤᠬᠠᠨ  ᠳᠤ ᠪᠠᠶᠢᠭᠤᠯᠤᠯᠭ᠎ᠠ ᠨᠢᠭᠡᠴᠡ ᠶᠢᠨ ᠠᠵᠢᠯᠲᠠᠨ ᠤ ᠰᠤᠶᠢᠳᠭᠡᠯ ᠨᠦᠬᠦᠨ ᠲᠤᠰᠢᠶᠠᠬᠤ ᠳᠤ ᠬᠡᠷᠡᠭᠯᠡᠵᠦ ᠪᠠᠶᠢᠭ᠎ᠠ ᠰᠠᠭᠤᠷᠢ ᠲᠤᠭ᠎ᠠ ᠨᠢ ᠤᠯᠠᠭᠠᠨᠬᠠᠳᠠ ᠶᠢᠨ ᠳᠡᠭᠡᠷ᠎ᠡ ᠨᠢᠭᠡ ᠵᠢᠯ ᠤᠨ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠲᠠᠨ ᠤ ᠰᠠᠷ᠎ᠠ ᠶᠢᠨ ᠳᠤᠮᠳᠠᠴᠢ ᠴᠠᠯᠢᠩ ᠤᠨ 100% ᠢᠶᠠᠷ ᠪᠣᠳᠤᠵᠤ᠂ ︽ᠬᠦᠳᠡᠯᠮᠦᠷᠢ ᠶᠢᠨ ᠭᠡᠷ᠎ᠡ ᠶᠢ ᠵᠣᠭᠰᠤᠭᠠᠬᠤ᠂ ᠦᠭᠡᠶᠢᠰᠭᠡᠬᠦ ᠭᠡᠷᠡᠴᠢ ᠪᠢᠴᠢᠭ︾ ᠲᠠᠢ ᠨᠢ ᠬᠦᠳᠡᠯᠮᠦᠷᠢ ᠶᠢᠨ ᠭᠡᠷ᠎ᠡ ᠳᠤ ᠲᠣᠭᠲᠠᠭᠰᠠᠨ ᠭᠡᠷ᠎ᠡ ᠵᠣᠭᠰᠤᠬᠤ ᠡᠳᠦᠷ ᠰᠠᠷ᠎ᠠ ᠬᠦᠷᠲᠡᠯ᠎ᠡ ᠨᠦᠬᠦᠨ ᠲᠤᠰᠢᠶᠠᠵᠤ᠂ ᠵᠠᠯᠭᠠᠭᠠᠳ ᠲᠤᠰ ᠬᠦᠮᠦᠨ ᠰᠠᠭᠤᠷᠢ ᠲᠤᠭ᠎ᠠ ᠶᠢ ᠦᠪᠡᠷᠲᠡᠭᠡᠨ ᠰᠤᠩᠭᠤᠨ ᠨᠦᠬᠦᠵᠤ ᠲᠤᠰᠢᠶᠠᠵᠤ ᠪᠠᠶᠢᠨ᠎ᠠ᠃ ︽ᠮᠡᠳᠡᠭᠳᠡᠯ︾ ᠳᠤ ᠬᠡᠷᠡᠭᠯᠡᠬᠦ ᠨᠦᠬᠦᠵᠤ ᠲᠤᠰᠢᠶᠠᠬᠤ ᠰᠤᠶᠢᠳᠭᠡᠯ ᠤᠨ ᠰᠠᠭᠤᠷᠢ ᠲᠤᠭ᠎ᠠ ᠨᠢ ᠲᠤᠰ ᠬᠦᠮᠦᠨ ᠤ ᠦᠩᠭᠡᠷᠡᠭᠰᠡᠨ ᠵᠢᠯ ᠤᠳ ᠤᠨ ᠴᠠᠯᠢᠩ ᠤᠨ ᠬᠢᠷᠢ ᠲᠦᠪᠰᠢᠨ ᠢᠶᠠᠷ ᠯᠠᠪᠯᠠᠯᠲᠠ ᠪᠣᠯᠭᠠᠵᠤ ᠂ ᠠᠵᠢᠯ ᠤᠨ ᠨᠢᠭᠡᠴᠡ ᠪᠠ ᠠᠵᠢᠯᠲᠠᠨ ᠠᠴᠠ ᠵᠦᠪᠳᠡᠨ ᠲᠣᠭᠲᠠᠬᠤ ᠪᠣᠯᠤᠨ᠎ᠠ᠂ ᠭᠡᠪᠡᠴᠦ ᠨᠦᠬᠦᠨ ᠲᠤᠰᠢᠶᠠᠬᠤ ᠳᠠᠭᠠᠨ ᠳᠡᠭᠡᠷ᠎ᠡ ᠵᠢᠯ ᠤᠨ ᠦᠪᠡᠷᠲᠡᠭᠡᠨ ᠵᠠᠰᠠᠬᠤ ᠣᠷᠤᠨ ᠤ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠲᠠᠨ ᠤ ᠰᠠᠷ᠎ᠠ ᠶᠢᠨ ᠳᠤᠮᠳᠠᠴᠢ ᠴᠠᠯᠢᠩ ᠤᠨ 60% ᠠᠴᠠ ᠳᠣᠣᠷ᠎ᠠ ᠪᠠᠶᠢᠵᠤ ᠪᠣᠯᠬᠤ ᠦᠭᠡᠢ︔ ᠠᠮᠢᠳᠤᠯᠢᠭ ᠢᠶᠠᠷ ᠠᠵᠢᠯ ᠣᠯᠤᠭᠰᠠᠳ ᠰᠤᠶᠢᠳᠭᠡᠯ ᠲᠤᠰᠢᠶᠠᠬᠤ ᠪᠠᠨ ᠲᠠᠰᠤᠯᠳᠠᠭᠰᠠᠨ ᠪᠠᠶᠢᠪᠠᠯ᠂ ᠨᠦᠬᠦᠵᠤ ᠲᠤᠰᠢᠶᠠᠬᠤ ᠰᠠᠭᠤᠷᠢ ᠲᠤᠭ᠎ᠠ ᠨᠢ ᠳᠡᠭᠡᠷ᠎ᠡ ᠵᠢᠯ ᠤᠨ ᠦᠪᠡᠷᠲᠡᠭᠡᠨ ᠵᠠᠰᠠᠬᠤ ᠣᠷᠤᠨ ᠤ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠲᠠᠨ ᠤ ᠰᠠᠷ᠎ᠠ ᠶᠢᠨ ᠳᠤᠮᠳᠠᠴᠢ ᠴᠠᠯᠢᠩ ᠢ ᠦᠨᠳᠦᠰᠦᠯᠡᠬᠦ ᠪᠣᠯᠤᠨ᠎ᠠ᠃      ᠭᠤᠷᠪᠠ ᠳᠤ᠂ ᠰᠤᠶᠢᠳᠭᠡᠯ ᠲᠤᠰᠢᠶᠠᠬᠤ ᠬᠠᠷᠢᠴᠠᠯ ᠳᠤ ᠬᠤᠪᠢᠷᠠᠯᠲᠠ ᠭᠠᠷᠬᠤ ᠪᠣᠯᠤᠨ᠎ᠠ᠃ ᠣᠳᠤᠬᠠᠨ ᠳᠤ ᠮᠠᠨ ᠤ ᠬᠤᠲᠠ ᠶᠢᠨ ᠨᠦᠬᠦᠨ ᠲᠤᠰᠢᠶᠠᠬᠤ ᠲᠦᠷᠤ ᠶᠢᠨ ᠪᠣᠳᠤᠯᠭ᠎ᠠ ᠳᠤ ᠬᠡᠷᠡᠭᠯᠡᠵᠦ ᠪᠠᠶᠢᠭ᠎ᠠ ᠬᠠᠷᠢᠴᠠᠯ ᠨᠢ ᠲᠣᠬᠠᠢ ᠶᠢᠨ ᠵᠢᠯ ᠳᠠᠬᠢ ᠲᠣᠬᠠᠢ ᠶᠢᠨ ᠭᠠᠵᠠᠷ ᠤᠨ ᠠᠵᠢᠯ ᠤᠨ ᠨᠢᠭᠡᠴᠡ ᠪᠠ ᠬᠤᠪᠢ ᠬᠦᠮᠦᠨ ᠤ ᠰᠤᠶᠢᠳᠭᠡᠯ ᠲᠤᠰᠢᠶᠠᠬᠤ ᠬᠠᠷᠢᠴᠠᠯ ᠢᠶᠠᠷ ᠪᠣᠳᠤᠵᠤ ᠪᠣᠢ︔ ︽ᠮᠡᠳᠡᠭᠳᠡᠯ︾ ᠳᠤ᠂ ᠳᠠᠷᠠᠭ᠎ᠠ ᠵᠢᠯ ᠠᠴᠠ ᠡᠬᠢᠯᠡᠨ ᠠᠵᠢᠯᠲᠠᠨ ᠤ ᠨᠦᠬᠦᠨ ᠲᠤᠰᠢᠶᠠᠬᠤ ᠰᠤᠶᠢᠳᠭᠡᠯ ᠤᠨ ᠬᠠᠷᠢᠴᠠᠯ ᠨᠢ 28% ᠪᠣᠯᠵᠤ᠂ ᠡᠭᠦᠨ ᠳᠤ 8% ᠢ ᠨᠢᠭᠡ ᠤᠳᠠᠭᠠᠨ ᠤ ᠴᠢᠨᠠᠷᠲᠠᠢ ᠪᠠᠷ ᠬᠤᠪᠢ ᠬᠦᠮᠦᠨ ᠤ ᠳᠠᠩᠰᠠᠨ ᠡᠷᠦᠭᠡ ᠳᠤ ᠣᠷᠤᠭᠤᠯᠵᠤ᠂ ᠪᠣᠰᠤᠳ ᠬᠡᠰᠡᠭ ᠢ ᠨᠢᠭᠡᠲᠤᠯᠲᠡᠢ ᠲᠦᠯᠦᠪᠵᠢᠭᠦᠯᠭᠡ ᠶᠢᠨ ᠰᠠᠭᠤᠷᠢ ᠮᠦᠩᠭᠦᠨ ᠳᠤ ᠣᠷᠤᠭᠤᠯᠬᠤ ᠪᠣᠯᠤᠨ᠎ᠠ ᠭᠡᠵᠡᠢ᠃      ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠡ ᠵᠠᠩᠭᠢ ᠶᠢᠨ ᠰᠠᠯᠠᠭᠠᠨ ᠤ ᠳᠠᠷᠤᠭ᠎ᠠ ᠮᠧᠩ ᠵᠢᠶᠦ᠋ᠨ ᠤ ᠲᠠᠨᠢᠯᠴᠠᠭᠤᠯᠬᠤ ᠪᠠᠷ᠂ ᠳᠡᠭᠡᠷᠡᠬᠢ ᠭᠤᠷᠪᠠᠨ ᠬᠤᠪᠢᠷᠠᠯᠲᠠ ᠠᠴᠠ ᠪᠣᠯᠵᠤ ᠨᠦᠬᠦᠵᠤ ᠲᠤᠰᠢᠶᠠᠬᠤ ᠰᠤᠶᠢᠳᠭᠡᠯ ᠶᠡᠬᠡᠪᠡᠷ ᠳᠡᠭᠡᠭᠰᠢᠯᠡᠬᠦ ᠪᠣᠯᠤᠨ᠎ᠠ᠃ ᠲᠦᠷᠤ ᠶᠢᠨ ᠪᠣᠳᠤᠯᠭ᠎ᠠ ᠶᠢᠨ ᠵᠣᠯᠭᠠᠯᠴᠠᠯ ᠢ ᠰᠠᠶᠢᠳᠤᠷ ᠬᠢᠵᠤ᠂ ᠨᠡᠶᠢᠭᠡᠮ ᠤᠨ ᠲᠣᠭᠲᠠᠭᠤᠨ ᠢ ᠪᠠᠲᠤᠯᠠᠬᠤ ᠶᠢᠨ ᠲᠦᠯᠦᠭᠡ᠂ ︽ᠮᠡᠳᠡᠭᠳᠡᠯ︾ ᠳᠤ 2016 ᠣᠨ ᠤ 1 ᠰᠠᠷ᠎ᠠ ᠠᠴᠠ 2017 ᠣᠨ ᠤ 12 ᠰᠠᠷ᠎ᠠ ᠪᠣᠯᠲᠠᠯᠠᠬᠢ ᠬᠤᠭᠤᠴᠠᠭ᠎ᠠ ᠶᠢ ᠰᠢᠯᠵᠢᠯᠲᠡ ᠶᠢᠨ ᠬᠤᠭᠤᠴᠠᠭ᠎ᠠ ᠪᠠᠷ ᠲᠣᠭᠲᠠᠭᠠᠵᠤ᠂ ᠰᠢᠯᠵᠢᠯᠲᠡ ᠶᠢᠨ ᠬᠤᠭᠤᠴᠠᠭᠠᠨ ᠳᠤ ᠣᠣᠯ ᠤᠨ ᠠᠷᠭ᠎ᠠ ᠪᠠᠷ ᠨᠠᠰᠤᠵᠢᠯ ᠤᠨ ᠳᠠᠭᠠᠳᠬᠠᠯ ᠤᠨ ᠰᠤᠶᠢᠳᠭᠡᠯ ᠢ ᠨᠦᠬᠦᠨ ᠲᠤᠰᠢᠶᠠᠵᠤ᠂ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ︽ᠮᠡᠳᠡᠭᠳᠡᠯ︾ ᠤᠨ ᠬᠠᠮᠢᠶ᠎ᠠ ᠪᠦᠬᠦᠢ ᠲᠣᠭᠲᠠᠭᠠᠯ ᠶᠣᠰᠤᠭᠠᠷ ᠴᠢᠩᠭ᠎ᠠ ᠬᠢᠨᠠᠮᠠᠭᠠᠢ ᠬᠡᠷᠡᠭᠵᠢᠭᠦᠯᠬᠦ ᠪᠣᠯᠤᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号