ᠣᠩᠨᠢᠭᠤᠳ ᠬᠤᠰᠢᠭᠤ  ︽3+1︾ ᠠᠷᠭ᠎ᠠ ᠬᠡᠯᠪᠡᠷᠢ ᠪᠠᠷ ᠲᠤᠰᠬᠤᠨ ᠳᠤ ᠰᠠᠭᠤᠵᠤ ᠬᠤᠣᠰ ᠪᠣᠯᠤᠯᠴᠠᠨ ᠬᠠᠪᠰᠤᠷᠤᠨ ᠲᠡᠳᠭᠦᠬᠦ ᠶᠢ ᠴᠢᠩᠭᠠᠳᠬᠠᠵᠤ ᠪᠣᠢ
ᠨᠡᠶᠢᠲᠡᠯᠡᠭᠰᠡᠨ ᠴᠠᠭ᠄
2017/5/4
      ᠡᠨᠡ ᠵᠢᠯ᠂ ᠺᠠᠳ᠋ᠷ ᠬᠦᠳᠡᠭᠡ ᠪᠠᠭᠤᠵᠤ ᠬᠠᠪᠰᠤᠷᠤᠨ ᠲᠡᠳᠭᠦᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠭᠡ᠂ ᠣᠩᠨᠢᠭᠤᠳ ᠬᠤᠰᠢᠭᠤ 226 ᠠᠵᠢᠯ ᠤᠨ ᠠᠩᠭᠢ ᠲᠣᠮᠢᠯᠠᠨ᠂ ᠶᠠᠳᠠᠭᠤ ᠬᠦᠴᠢᠷᠲᠡᠢ ᠬᠦᠮᠦᠨ ᠠᠮᠠ ᠲᠠᠢ ᠭᠠᠴᠠᠭ᠎ᠠ ᠲᠣᠰᠬᠤᠨ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠤ᠂ ᠲᠤᠰᠬᠤᠨ ᠳᠤ ᠰᠠᠭᠤᠬᠤ 805 ᠺᠠᠳ᠋ᠷ ᠢ ᠰᠢᠯᠵᠢᠭᠦᠯᠵᠦ᠂ ᠬᠤᠣᠰ ᠪᠣᠯᠤᠯᠴᠠᠨ ᠬᠠᠪᠰᠤᠷᠤᠨ ᠲᠡᠳᠭᠦᠬᠦ ᠺᠠᠳ᠋ᠷ 11205 ᠨᠡᠷ᠎ᠡ ᠲᠣᠬᠢᠷᠠᠭᠤᠯᠵᠤ ᠳᠠᠩᠰᠠ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠲᠡᠢ ᠡᠷᠤᠬᠡ ᠳᠤ ︽3+1︾ ᠬᠠᠪᠰᠤᠷᠤᠨ ᠲᠡᠳᠭᠦᠬᠦ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠳᠠᠷᠤᠢ ᠶᠠᠳᠠᠭᠤ ᠬᠦᠴᠢᠷᠲᠡᠢ ᠡᠷᠤᠬᠡ ᠪᠦᠷᠢ ᠶᠢ ᠨᠢᠭᠡ ᠨᠡᠷ᠎ᠡ ᠠᠵᠢᠯᠯᠠᠬᠤ ᠠᠩᠭᠢ ᠶᠢᠨ ᠳᠠᠷᠤᠭ᠎ᠠ ᠳᠠᠭᠠᠭᠠᠴᠢᠯᠠᠨ ᠲᠡᠳᠭᠦᠬᠦ᠂ ᠨᠢᠭᠡ ᠨᠡᠷ᠎ᠡ ᠲᠤᠰᠬᠤᠨ ᠳᠤ ᠰᠠᠭᠤᠬᠤ ᠺᠠᠳ᠋ᠷ ᠬᠠᠷᠢᠯᠴᠠᠵᠤ᠂ ᠨᠢᠭᠡ ᠨᠡᠷ᠎ᠡ ᠬᠤᠣᠰ ᠪᠣᠯᠤᠯᠴᠠᠭᠰᠠᠨ ᠺᠠᠳ᠋ᠷ ᠬᠠᠪᠰᠤᠷᠤᠨ ᠳᠡᠳᠭᠦᠬᠦ ᠪᠠᠷ ᠲᠣᠭᠲᠠᠭᠰᠠᠨ ᠪᠠᠶᠢᠨ᠎ᠠ᠃       ᠺᠠᠳ᠋ᠷ ᠲᠤᠰᠬᠤᠨ ᠳᠤ ᠰᠠᠭᠤᠬᠤ ᠳᠤ ︽ᠶᠠᠭᠠᠬᠢᠵᠤ ᠬᠢᠬᠦ︾᠂ ︽ᠶᠠᠭᠤ ᠬᠢᠬᠦ︾᠂ ︽ᠶᠠᠮᠠᠷ ᠬᠡᠮᠵᠢᠶᠡᠨ ᠳᠤ ᠬᠦᠷᠲᠡᠯ᠎ᠡ ᠬᠢᠬᠦ︾ ᠵᠡᠷᠭᠡ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠶᠢᠨ ᠲᠣᠭᠤᠷᠢᠨ ᠳᠤ᠂ ᠲᠣᠰ ᠬᠤᠰᠢᠭᠤ ᠤᠷᠢᠳᠠᠪᠠᠷ ᠶᠠᠳᠠᠭᠤ ᠶᠢ ᠲᠡᠳᠭᠦᠬᠦ ᠠᠵᠢᠯ ᠲᠦᠷᠤᠯ ᠤᠨ ᠪᠣᠯᠪᠠᠰᠤᠷᠠᠯ ᠢ ᠴᠢᠩᠭᠠᠳᠬᠠᠵᠠᠢ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠷᠠᠯ ᠢᠶᠠᠷ ᠪᠣᠯᠪᠠᠰᠤᠷᠠᠯ ᠢ ᠣᠷᠤᠯᠠᠭᠤᠯᠬᠤ ᠬᠡᠯᠪᠡᠷᠢ ᠪᠠᠷ ᠬᠤᠰᠢᠭᠤ ᠪᠠᠯᠭᠠᠰᠤᠨ ᠤ ᠲᠤᠰᠬᠤᠨ ᠳᠤ ᠰᠠᠭᠤᠭ᠎ᠠ ᠺᠠᠳ᠋ᠷ ᠲᠤ ᠬᠤᠶᠠᠷ ᠤᠳᠠᠭᠠᠨ ᠤ ᠣᠨᠢᠨ ᠳᠡᠭᠡᠷ᠎ᠡ ᠨᠢ ᠶᠠᠳᠠᠭᠤ ᠶᠢ ᠲᠡᠳᠭᠦᠬᠦ ᠲᠦᠷᠤ ᠶᠢᠨ ᠪᠣᠳᠤᠯᠭ᠎ᠠ ᠪᠣᠯᠤᠨ ᠠᠵᠢᠯ ᠲᠦᠷᠤᠯ ᠤᠨ ᠮᠡᠳᠡᠯᠭᠡ ᠶᠢᠨ ᠪᠣᠯᠪᠠᠰᠤᠷᠠᠯ ᠬᠢᠵᠡᠢ᠃ ᠳᠠᠷᠠᠭ᠎ᠠ ᠨᠢ ᠲᠤᠰᠬᠤᠨ ᠳᠤ ᠰᠠᠭᠤᠭ᠎ᠠ ᠺᠠᠳ᠋ᠷᠴᠤᠳ ᠤᠨ ᠬᠠᠮᠢᠶᠠᠷᠤᠯᠲᠠ ᠶᠢ ᠴᠢᠩᠭᠠᠳᠬᠠᠵᠠᠢ᠃ ︽ᠣᠩᠨᠢᠭᠤᠳ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠤᠨ ᠪᠣᠭᠤᠮᠲᠠ ᠰᠢᠪᠲᠤᠯᠬᠤ ᠳᠠᠭᠠᠭᠠᠴᠢᠯᠠᠨ ᠳᠡᠳᠭᠦᠬᠦ ᠠᠵᠢᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠂ ᠰᠢᠯᠭᠠᠷᠠᠭᠤᠯᠤᠯᠲᠠ ᠶᠢᠨ ᠠᠷᠭ᠎ᠠ ᠬᠡᠮᠵᠢᠶ᠎ᠡ︾ ᠵᠢᠴᠢ 5 ᠲᠦᠷᠤᠯ ᠤᠨ ᠠᠵᠢᠯ ᠤᠨ ᠳᠦᠷᠢᠮ ᠲᠣᠭᠲᠠᠭᠠᠯ ᠢ ᠰᠢᠨ᠎ᠡ ᠪᠠᠷ ᠬᠡᠪᠯᠡᠨ ᠲᠠᠷᠬᠠᠭᠠᠵᠤ᠂ ᠲᠤᠰᠬᠤᠨ ᠳᠤ ᠰᠠᠭᠤᠭ᠎ᠠ ᠺᠠᠳ᠋ᠷ ᠰᠣᠮᠣ ᠰᠢᠶᠠᠩ ᠪᠠᠯᠭᠠᠰᠤᠨ ᠤ ᠵᠡᠭᠡᠯᠢ ᠭᠤᠲᠤᠮᠵᠢ ᠶᠢᠨ ᠡᠳᠦᠷ ᠲᠣᠳᠤᠮ ᠤᠨ ᠬᠠᠮᠢᠶᠠᠷᠤᠯᠲᠠ᠂ ᠠᠵᠢᠯ ᠤᠨ ᠪᠦᠲᠤᠮᠵᠢ ᠶᠢ ᠰᠢᠯᠭᠠᠷᠠᠭᠤᠯᠬᠤ ᠪᠦᠷᠢᠳᠭᠡᠯ ᠵᠡᠷᠭᠡ ᠠᠵᠢᠯ ᠢ ᠬᠠᠷᠢᠭᠤᠴᠠᠨ ᠲᠤᠰᠬᠤᠨ ᠳᠤ ᠰᠠᠭᠤᠭ᠎ᠠ ᠺᠠᠳ᠋ᠷ ᠰᠠᠷ᠎ᠠ ᠪᠦᠷᠢ ᠲᠤᠰᠬᠤᠨ ᠳᠤ 20 ᠡᠳᠦᠷ ᠠᠴᠠ ᠢᠯᠡᠭᠦᠦ ᠰᠠᠭᠤᠵᠤ᠂ ᠬᠠᠪᠰᠤᠷᠤᠨ ᠲᠡᠳᠭᠦᠬᠦ ᠺᠠᠳ᠋ᠷ ᠤᠯᠠᠷᠢᠯ ᠪᠣᠯᠭᠠᠨ ᠡᠷᠤᠬᠡ ᠳᠤ ᠵᠠᠪᠠᠯ ᠨᠢᠭᠡ ᠤᠳᠠᠭ᠎ᠠ ᠣᠴᠢᠬᠤ ᠬᠡᠷᠡᠭᠲᠡᠢ᠃ ᠭᠤᠷᠪᠠ ᠳᠤ᠂ ᠲᠤᠰᠬᠤᠨ ᠳᠤ ᠰᠠᠭᠤᠬᠤ ᠠᠯᠪᠠᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠪᠠ᠃ ᠬᠤᠰᠢᠭᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠪᠡᠯᠡ ᠮᠦᠩᠭᠦ 1400 ᠲᠦᠮᠡᠨ ᠲᠦᠭᠦᠷᠢᠭ ᠤᠨ ᠣᠷᠴᠢᠮ ᠪᠠᠶᠢᠵᠤ᠂ ᠬᠤᠰᠢᠭᠤᠨ ᠤ ᠬᠠᠷᠢᠶ᠎ᠠ ᠪᠠᠶᠢᠭᠤᠯᠤᠯᠭ᠎ᠠ ᠶᠢᠨ ᠲᠣᠮᠢᠯᠠᠭᠰᠠᠨ ᠲᠤᠰᠬᠤᠨ ᠳᠤ ᠰᠠᠭᠤᠬᠤ ᠠᠵᠢᠯᠲᠠᠳ ᠬᠦᠮᠦᠨ ᠪᠦᠷᠢ ᠡᠳᠦᠷ ᠲᠤ 120 ᠲᠦᠭᠦᠷᠢᠭ᠂ ᠰᠣᠮᠣ ᠰᠢᠶᠠᠩ ᠪᠠᠯᠭᠠᠰᠤᠨ ᠤ ᠵᠡᠭᠡᠯᠢ ᠭᠤᠲᠤᠮᠵᠢ ᠠᠴᠠ ᠲᠣᠮᠢᠯᠠᠭᠰᠠᠨ ᠲᠤᠰᠬᠤᠨ ᠳᠤ ᠰᠠᠭᠤᠬᠤ ᠠᠵᠢᠯᠲᠠᠳ ᠬᠦᠮᠦᠨ ᠪᠦᠷᠢ ᠡᠳᠦᠷ ᠲᠤ 60 ᠲᠦᠭᠦᠷᠢᠭ ᠤᠨ ᠪᠠᠷᠢᠮᠵᠢᠶ᠎ᠠ ᠪᠠᠷ ᠠᠵᠢᠯ ᠤᠨ ᠵᠠᠷᠤᠳᠠᠯ ᠣᠯᠭᠤᠨ᠎ᠠ᠃ ᠡᠭᠦᠨ ᠠᠴᠠ ᠭᠠᠳᠠᠨ᠎ᠠ᠂ ᠬᠤᠰᠢᠭᠤᠨ ᠤ ᠡᠳ᠋ ᠤᠨ ᠵᠠᠰᠠᠭ ᠠᠴᠠ ᠨᠢᠭᠡᠲᠦᠯᠲᠡᠢ ᠪᠡᠯᠡ ᠭᠠᠷᠭᠠᠨ ᠲᠤᠰᠬᠤᠨ ᠳᠤ ᠰᠠᠭᠤᠭ᠎ᠠ ᠠᠵᠢᠯᠲᠠᠳ ᠲᠤ ᠬᠦᠮᠦᠨ ᠪᠦᠷᠢ 200 ᠲᠦᠭᠦᠷᠢᠭ ᠤᠨ ᠭᠡᠨᠡᠳᠲᠡ ᠶᠢᠨ ᠠᠶᠤᠯ ᠳᠤ ᠤᠴᠠᠷᠠᠬᠤ ᠳᠠᠭᠠᠳᠬᠠᠯ ᠬᠤᠳᠠᠯᠳᠤᠨ ᠠᠪᠴᠤ ᠦᠭᠴᠡᠢ᠃                                            ᠾᠸᠣ ᠬᠠᠢ ᠱᠧᠩ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号