ᠣᠩᠨᠢᠭᠤᠳ ᠬᠤᠰᠢᠭᠤ ᠡᠯᠧᠺᠲᠷᠤᠨ ᠬᠤᠳᠠᠯᠳᠤᠭ᠎ᠠ ᠳᠤ ᠲᠦᠰᠢᠭᠯᠡᠨ ᠶᠠᠳᠠᠭᠤ ᠶᠢ ᠲᠡᠳᠭᠦᠬᠦ ᠠᠵᠢᠯ ᠢᠶᠠᠨ ᠡᠷᠴᠢᠮᠲᠡᠢ ᠶᠠᠪᠤᠭᠳᠠᠭᠤᠯᠵᠤ ᠪᠣᠢ
ᠨᠡᠶᠢᠲᠡᠯᠡᠭᠰᠡᠨ ᠴᠠᠭ᠄
2017/5/4
      ᠡᠯᠧᠺᠲᠷᠤᠨ ᠬᠤᠳᠠᠯᠳᠤᠭᠠᠨ ᠤ ᠮᠡᠳᠡᠯᠭᠡ ᠶᠢᠨ ᠲᠦᠭᠡᠮᠡᠯᠵᠢᠭᠦᠯᠦᠯᠲᠡ ᠪᠠ ᠪᠣᠯᠪᠠᠰᠤᠷᠠᠯ ᠤᠨ ᠡᠷᠴᠢᠮ ᠢᠶᠠᠨ ᠴᠢᠩᠭᠠᠳᠬᠠᠵᠤ᠂ ᠡᠯᠧᠺᠲᠷᠤᠨ ᠬᠤᠳᠠᠯᠳᠤᠭᠠᠨ ᠤ ᠠᠵᠢᠯᠯᠠᠭᠰᠠᠳ ᠤᠨ ᠪᠣᠲᠠᠲᠠᠢ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ ᠣᠶᠢᠷ᠎ᠠ ᠳᠤ᠂ ᠣᠩᠨᠢᠭᠤᠳ ᠬᠤᠰᠢᠭᠤ ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠣᠷᠤᠭᠤᠯᠵᠤ᠂ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠭᠦᠬᠦ ᠪᠣᠯᠪᠠᠰᠤᠷᠠᠯ ᠵᠢᠴᠢ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠭᠦᠬᠦ ᠲᠦᠷᠤᠯ ᠵᠤᠶᠢᠯ ᠢ ᠡᠬᠢᠯᠡᠭᠦᠯᠵᠦ᠂ ᠡᠨᠡ ᠵᠢᠯ ᠤᠨ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠭᠦᠬᠦ ᠠᠵᠢᠯ ᠢᠶᠠᠨ ᠵᠢᠩᠬᠢᠨᠢ ᠪᠠᠷ ᠡᠬᠢᠯᠡᠭᠦᠯᠵᠦ᠂ ᠪᠦᠬᠦ ᠬᠤᠰᠢᠭᠤᠨ  ᠤ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠭᠦᠬᠦ ᠠᠵᠢᠯ ᠢ ᠭᠦᠨᠵᠡᠭᠡᠢ ᠦᠷᠨᠢᠭᠦᠯᠵᠦ ᠪᠠᠶᠢᠨ᠎ᠠ᠃ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠣᠩᠨᠢᠭᠤᠳ ᠬᠤᠰᠢᠭᠤ ᠡᠯᠧᠺᠲᠷᠤᠨ ᠬᠤᠳᠠᠯᠳᠤᠭ᠎ᠠ ᠶᠢ ᠢᠳᠡᠪᠬᠢᠲᠡᠢ ᠬᠦᠭᠵᠢᠭᠦᠯᠵᠦ᠂ ᠬᠤᠰᠢᠭᠤᠨ ᠤ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠭᠦᠬᠦ ᠤᠶᠢᠯᠡᠴᠢᠯᠡᠭᠡᠨ ᠤ ᠲᠦᠪ ᠢ ᠪᠠᠶᠢᠭᠤᠯᠪᠠ᠃ 2016 ᠣᠨ ᠳᠤ᠂ ᠬᠤᠲᠠ ᠶᠢᠨ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠭᠦᠬᠦ ᠪᠡᠯᠡ ᠮᠦᠩᠭᠦ ᠶᠢ ᠨᠡᠶᠢᠲᠡ 37 ᠲᠦᠮᠡᠨ ᠲᠦᠭᠦᠷᠢᠭ ᠭᠤᠶᠤᠴᠢᠯᠠᠨ ᠣᠯᠵᠤ᠂ 1 ᠬᠤᠰᠢᠭᠤᠨ ᠳᠡᠰ ᠤᠨ ᠡᠯᠧᠺᠲᠷᠤᠨ ᠬᠤᠳᠠᠯᠳᠤᠭᠠᠨ ᠤ ᠤᠶᠢᠯᠡᠴᠢᠯᠡᠭᠡᠨ ᠤ ᠲᠦᠪ᠂ 3 ᠰᠢᠶᠠᠩ ᠪᠠᠯᠭᠠᠰᠤᠨ ᠳᠡᠰ ᠤᠨ ᠤᠶᠢᠯᠡᠴᠢᠯᠡᠭᠡᠨ ᠤ ᠦᠷᠲᠡᠭᠡ᠂ ᠶᠠᠳᠠᠭᠤ ᠬᠦᠴᠢᠷᠲᠡᠢ ᠲᠤᠰᠬᠤᠨ ᠳᠤ ᠡᠯᠧᠺᠲᠷᠤᠨ ᠬᠤᠳᠠᠯᠳᠤᠭᠠᠨ ᠤ ᠤᠶᠢᠯᠡᠴᠢᠯᠡᠭᠡᠨ ᠤ ᠴᠡᠭ ᠪᠠᠶᠢᠭᠤᠯᠵᠤ᠂ 2016 ᠣᠨ ᠤ ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠣᠷᠤᠭᠤᠯᠬᠤ ᠤᠯᠤᠰ ᠤᠨ ᠳᠡᠰ ᠤᠨ ᠶᠡᠷᠤᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠲᠦᠷᠤᠯ ᠵᠤᠶᠢᠯ ᠢ ᠬᠡᠷᠡᠭᠵᠢᠭᠦᠯᠬᠦ ᠶᠢᠨ ᠬᠠᠮᠲᠤ᠂ ᠲᠦᠪ ᠤᠨ ᠡᠳ᠋ ᠤᠨ ᠵᠠᠰᠠᠭ ᠤᠨ ᠲᠡᠳᠭᠦᠨ ᠳᠡᠮᠵᠢᠬᠦ ᠪᠡᠯᠡ ᠮᠦᠩᠭᠦ ᠶᠢ 2000 ᠲᠦᠮᠡᠨ ᠲᠦᠭᠦᠷᠢᠭ ᠢ ᠣᠯᠤᠭᠰᠠᠨ ᠪᠠᠶᠢᠨ᠎ᠠ᠃                                                     ᠡᠷᠳᠡᠨᠢᠳᠦ᠋ᠭᠦᠷᠡᠩ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号