ᠬᠠᠯᠠᠭᠤᠨ ᠤᠰᠤᠨ ᠳᠤ ᠣᠷᠤᠪᠠᠯ ᠰᠢᠬᠢᠷ ᠰᠢᠵᠢᠩ ᠡᠪᠡᠳᠴᠢᠨ ᠢ ᠰᠡᠷᠭᠡᠶᠢᠯᠡᠵᠦ ᠴᠢᠳᠠᠨ᠎ᠠ
ᠨᠡᠶᠢᠲᠡᠯᠡᠭᠰᠡᠨ ᠴᠠᠭ᠄
2017/5/4
     ᠲᠠ ᠲᠠᠮᠢᠷ ᠤᠨ ᠬᠦᠳᠡᠯᠭᠡᠭᠡᠨ ᠳᠤ ᠣᠷᠤᠯᠴᠠᠬᠤ ᠰᠠᠨᠠᠭᠠᠲᠠᠢ ᠪᠣᠯᠪᠠᠴᠤ ᠳᠠᠩᠳᠠ ᠠᠯᠵᠠᠭᠤᠷᠠᠵᠤ ᠪᠠᠶᠢᠳᠠᠭ ᠤᠤ︖ ᠲᠡᠭᠡᠪᠡᠯ ᠬᠠᠯᠠᠭᠤᠨ ᠤᠰᠤᠨ ᠳᠤ ᠣᠷᠤᠭᠠᠷᠠᠢ᠂ ᠨᠢᠭᠡ ᠲᠠᠯ᠎ᠠ ᠪᠠᠷ ᠡᠨᠧᠷᠬᠢ ᠵᠠᠷᠤᠴᠠᠭᠤᠯᠵᠤ ᠳᠡᠶᠢᠯᠬᠦ ᠪᠠᠷ ᠪᠠᠷᠠᠬᠤ ᠦᠭᠡᠢ ᠪᠠᠰᠠ ᠴᠢᠰᠤᠨ ᠤ ᠰᠢᠬᠢᠷ ᠢ ᠪᠠᠭᠤᠷᠠᠭᠤᠯᠵᠤ᠂ ᠬᠤᠶᠠᠷ ᠬᠡᠯᠪᠡᠷᠢ ᠶᠢᠨ ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠳᠡᠶᠢᠯᠳᠡᠭ᠃      ᠠᠩᠭ᠍ᠯᠢ ᠶᠢᠨ ᠰᠣᠳᠤᠯᠭᠠᠲᠠᠳ 14 ᠡᠷᠡᠭᠲᠡᠢ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠵᠤ᠂ ᠬᠤᠶᠠᠷ ᠳᠣᠭᠤᠶᠢᠯᠠᠩ ᠬᠤᠪᠢᠶᠠᠨ᠂ ᠲᠤᠰ ᠪᠦᠷᠢ 1 ᠴᠠᠭ ᠤᠨ ᠬᠤᠭᠤᠴᠠᠭ᠎ᠠ ᠲᠠᠢ ᠪᠠᠷ 40 ᠭᠷᠠᠳᠦ᠋ᠰ ᠤᠨ ᠤᠰᠤᠨ ᠳᠤ ᠣᠷᠤᠭᠤᠯᠬᠤ ᠪᠠ ᠳᠣᠭᠤᠢ ᠲᠡᠷᠭᠡ ᠤᠨᠤᠭᠤᠯᠵᠤ᠂ ᠪᠡᠶ᠎ᠡ ᠶᠢᠨ ᠳᠤᠯᠠᠭᠠᠨ ᠢ 1ᠭᠷᠠᠳᠦ᠋ᠰ ᠨᠡᠮᠡᠭᠳᠡᠭᠦᠯᠵᠡᠢ᠃ ᠵᠠᠯᠭᠠᠭᠠᠳ ᠰᠣᠳᠤᠯᠭᠠᠲᠠᠳ ᠬᠤᠶᠠᠷ ᠳᠣᠭᠤᠶᠢᠯᠠᠩ ᠤᠨ ᠬᠦᠮᠦᠰ ᠤᠨ ᠵᠠᠷᠤᠴᠠᠭᠤᠯᠤᠭᠰᠠᠨ ᠡᠨᠧᠷᠬᠢ ᠪᠠ ᠴᠢᠰᠤᠨ ᠤ ᠰᠢᠬᠢᠷ ᠢ ᠬᠡᠮᠵᠢᠪᠡ᠃ ᠡᠭᠦᠨ ᠤ ᠳ᠋ᠦᠩ ᠳᠤ ᠳᠣᠭᠤᠢ ᠲᠡᠷᠭᠡ ᠤᠨᠤᠭᠰᠠᠨ ᠬᠦᠮᠦᠨ ᠤ ᠵᠠᠷᠤᠴᠠᠭᠤᠯᠤᠭᠰᠠᠨ ᠡᠨᠧᠷᠬᠢ ᠶᠢᠨ ᠬᠡᠮᠵᠢᠶ᠎ᠡ ᠶᠡᠭᠡ ᠪᠠᠶᠢᠵᠤ᠂ ᠬᠠᠯᠠᠭᠤᠨ ᠤᠰᠤᠨ ᠳᠤ ᠣᠷᠤᠭᠰᠠᠨ ᠬᠦᠮᠦᠨ ᠤ ᠬᠤᠭᠤᠯᠠᠨ ᠤ ᠳᠠᠷᠠᠭᠠᠬᠢ ᠨᠢᠭᠡ ᠴᠠᠭ ᠲᠣᠳᠤᠷᠠᠬᠢ ᠴᠢᠰᠤᠨ ᠰᠢᠬᠢᠷ ᠤᠨ ᠬᠡᠮᠵᠢᠶ᠎ᠡ ᠳᠣᠭᠤᠢ ᠤᠨᠤᠭᠰᠠᠨ ᠬᠦᠮᠦᠨ ᠠᠴᠠ 10% ᠪᠠᠷ ᠢᠯᠡᠭᠦᠦ ᠪᠠᠭᠤᠷᠠᠭᠰᠠᠨ ᠪᠠᠶᠢᠨ᠎ᠠ᠃ ᠰᠣᠳᠤᠯᠭᠠᠲᠠᠳ ᠤᠨ ᠦᠵᠡᠬᠦ ᠪᠠᠷ ᠬᠠᠯᠠᠭᠤᠨ ᠤᠰᠤᠨ ᠳᠤ ᠣᠷᠤᠬᠤ ᠨᠢ ᠲᠠᠮᠢᠷ ᠤᠨ ᠬᠦᠳᠡᠯᠭᠡᠭᠡᠨ ᠬᠢᠭᠰᠡᠨ ᠲᠠᠢ ᠠᠳᠠᠯᠢ ᠡᠷᠡᠭᠦᠯ ᠮᠡᠨᠳᠦ ᠳᠤ ᠠᠰᠢᠭᠲᠠᠢ ᠪᠦᠭᠡᠳ ᠴᠢᠰᠤᠨ ᠤ ᠰᠢᠬᠢᠷ ᠢ ᠪᠠᠭᠤᠷᠠᠭᠤᠯᠵᠤ ᠴᠢᠳᠠᠨ᠎ᠠ᠃ ᠬᠠᠮᠢᠶ᠎ᠠ ᠪᠦᠬᠦᠢ ᠰᠣᠳᠤᠯᠭᠠᠨ ᠢ ᠠᠦ᠋ᠰᠲᠷᠯᠢᠶ᠎ᠠ ᠶᠢᠨ ︽ᠶᠠᠷᠢᠯᠴᠠᠭ᠎ᠠ︾ ᠰᠡᠳᠭᠦᠯ ᠳᠡᠭᠡᠷ᠎ᠡ ᠨᠡᠶᠢᠲᠡᠯᠡᠵᠡᠢ᠃                                              ᠶᠤᠸᠠᠨ ᠶᠤᠸᠠᠨ
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号