ᠳ᠋ᠤᠸᠠᠨ ᡁᠢ ᠴᠢᠶᠠᠩ ᠤᠡᠭᠨᠢᠭᠤᠳ ᠬᠤᠰᠢᠭᠤᠨ ᠳᠤ ᠪᠠᠶᠢᠴᠠᠭᠠᠨ ᠰᠣᠳᠤᠯᠬᠤ ᠳᠠᠭᠠᠨ ᠴᠢᠬᠤᠯᠠᠴᠢᠯᠠᠭᠰᠠᠨ ᠨᠢ ᠬᠠᠨᠴᠤᠢ ᠰᠢᠮᠠᠯᠠᠨ ᠰᠢᠭᠤᠷᠬᠠᠢᠢᠯᠠᠨ ᠠᠵᠢᠯᠯᠠᠵᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠲᠤᠯᠬᠤ ᠲᠤᠯᠤᠯᠳᠤᠭᠠᠨ ᠤ ᠢᠯᠠᠯᠳᠠ ᠶᠢ ᠤᠯᠬᠤ ᠬᠡᠷᠡᠭᠲᠡᠢ
ᠨᠡᠶᠢᠲᠡᠯᠡᠭᠰᠡᠨ ᠴᠠᠭ᠄
2017/6/12
     6 ᠰᠠᠷ ᠎ᠡ ᠶᠢᠨ 6 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠤᠡᠭᠨᠢᠭᠤᠳ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠪᠠ᠃ ᠲᠡᠷᠡ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠲᠤᠯᠬᠤ ᠲᠤᠯᠤᠯᠳᠤᠭᠠᠨ ᠢ ᠪᠦᠬᠦ ᠲᠠᠯ᠎ᠠ ᠪᠠᠷ ᠡᠬᠢᠯᠡᠭᠦᠯᠵᠦ᠂ ᠴᠢᠨᠡᠭᠡᠯᠢᠭᠵᠢᠯ ᠤᠨ ᠵᠠᠮ ᠳᠡᠭᠡᠷ ᠎ᠡ ᠨᠢᠬᠡ ᠬᠦᠮᠦᠨ ᠢ ᠴᠤ ᠤᠷᠬᠢᠭᠳᠠᠭᠤᠯᠬᠤ ᠦᠬᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠳ᠋ᠤᠸᠠᠨ ᡁᠢ ᠴᠢᠶᠠᠩ ᠨᠠᠷ ᠤᠷᠢᠳ ᠬᠤᠵᠢᠳ ᠬᠤᠩ ᠱᠠᠨ ᠤᠰᠤᠨ ᠴᠦᠬᠦᠷᠦᠮ᠂ ᠠᠰᠢᠬᠠᠨ ᠰᠤᠮᠤ᠂ ᠬᠠᠶᠢᠯᠠᠰᠤ ᠪᠠᠯᠭᠠᠰᠤ᠂ ᠵᠢᠩ ᠯᠠᠨ ᠮᠦ ᠾᠧ ᠤᠰᠤ ᠠᠷᠪᠢᠯᠠᠬᠤ ᠲᠤᠨᠤᠭ ᠲᠦᠬᠦᠭᠡᠷᠦᠮᠵᠢ ᠶᠢᠨ ᠬᠢᠵᠠᠭᠠᠷᠲᠤ ᠺᠤᠮᠫᠠᠨᠢ᠂ ᠯᠢᠩ ᡁᠢ ᠹᠠ ᠮᠦ ᠹᠦ᠋ ᠿᠦᠢ ᠶᠢᠨ 7 ᠲᠦᠮᠡᠨ ᠲᠤᠨ ᠲᠦᠮᠤᠰᠤᠨ ᠤ ᠵᠦᠢᠯ ᠤᠨ ᠢᠳᠡᠬᠡᠨ ᠢ ᠪᠤᠯᠪᠠᠰᠤᠷᠠᠭᠤᠯᠬᠤ ᠲᠦᠷᠦᠯ ᠵᠦᠢᠯ ᠤᠨ ᠤᠷᠤᠨ᠂ ᠬᠠᠰ ᠯᠤᠤ ᠡᠯᠡᠰᠦᠨ ᠨᠠᠭᠤᠷ ᠤᠨ ᠦᠵᠡᠮᠵᠢ ᠶᠢᠨ ᠤᠷᠤᠨ᠂ ᠪᠤᠷᠤᠬᠤᠲᠠ ᠪᠠᠯᠭᠠᠰᠤ ᠵᠡᠷᠭᠡ ᠭᠠᠵᠠᠷ ᠲᠤ ᠬᠦᠷᠴᠦ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠲᠤᠯᠬᠤ᠂ ᠠᠵᠤ ᠠᠬᠤᠢᠢᠯᠠᠯ ᠤᠨ ᠬᠦᠭᠵᠢᠯᠳᠡ᠂ ᠵᠢᠭᠤᠯᠴᠢᠯᠠᠯ ᠤᠨ ᠨᠡᠭᠡᠭᠡᠨ ᠬᠦᠭᠵᠢᠬᠦᠯᠦᠯᠳᠡ᠂ ᠦᠨᠳᠦᠰᠦᠨ ᠱᠠᠲᠤᠨ ᠤ ᠨᠠᠮ ᠤᠨ ᠪᠦᠲᠦᠬᠡᠨ ᠪᠠᠶᠢᠭᠤᠯᠤᠯᠳᠠ ᠵᠡᠷᠭᠡ ᠠᠵᠢᠯ ᠤᠨ ᠪᠠᠶᠢᠳᠠᠯ ᠢ ᠤᠢᠢᠯᠠᠭᠠᠪᠠ᠃        ᠠᠰᠢᠬᠠᠨ ᠰᠤᠮᠤ ᠶᠢᠨ ᠨᠠᠷᠢᠨ ᠭᠤᠤᠯ ᠭᠠᠴᠠᠭᠠᠨ ᠤ ᠶᠠᠳᠠᠭᠤ ᠬᠦᠴᠢᠷᠲᠡᠢ ᠡᠷᠦᠬᠡ ᠪᠠᠶᠠᠨᠮᠠᠨᠳᠤᠬᠤ ᠶᠢᠨ ᠳᠤ ᠬᠦᠷᠬᠦ ᠳᠤ᠂ ᠲᠡᠬᠦᠨ ᠤ ᠠᠮᠢᠳᠤᠷᠠᠯ ᠤᠨ ᠲᠤᠭᠤᠷᠢᠭ᠂ ᠦᠢᠯᠡᠳᠪᠤᠷᠢᠯᠠᠯ ᠤᠨ ᠲᠤᠭᠤᠷᠢᠭ᠂ ᠡᠪᠡᠰᠦ ᠲᠦᠯᠡᠬᠡᠨ ᠤ ᠲᠤᠭᠤᠷᠢᠭ᠂ ᠠᠷᠭᠠᠯ ᠲᠦᠯᠡᠰᠢ ᠶᠢᠨ ᠲᠤᠭᠤᠷᠢᠭ ᠵᠡᠷᠭᠡ ᠨᠢ ᠡᠮᠬᠢ ᠴᠡᠭᠴᠡᠲᠡᠢ᠂ ᠬᠦᠷᠢᠶ᠎ᠡ ᠬᠠᠰᠢᠶ᠎ᠠ ᠨᠢ ᠲᠡᠷᠢ ᠳᠡᠭᠰᠢ ᠪᠠᠶᠢᠬᠤ ᠶᠢ ᠦᠵᠡᠭᠡᠳ ᠳ᠋ᠤᠸᠠᠨ ᡁᠢ ᠴᠢᠶᠠᠩ ᠲᠤᠩ ᠪᠠᠶᠠᠷᠯᠠᠵᠠᠢ᠃ ᠲᠡᠷᠡ᠂ ᠰᠢᠨ᠎ᠡ ᠮᠠᠯᠵᠢᠬᠤ ᠤᠷᠤᠨ ᠤ ᠪᠦᠲᠦᠬᠡᠨ ᠪᠠᠶᠢᠭᠤᠯᠤᠯᠳᠠ ᠶᠢ ᠲᠤᠬᠠᠢ ᠶᠢᠨ ᠭᠠᠵᠠᠷ ᠤᠨ ᠪᠠᠶᠢᠳᠠᠯ ᠳᠤ ᠲᠤᠬᠢᠷᠠᠭᠤᠯᠵᠤ᠂ ᠦᠢᠯᠡᠳᠪᠤᠷᠢᠯᠡᠯ ᠠᠮᠢᠳᠤᠷᠠᠯ ᠤᠨ ᠲᠤᠭᠤᠷᠢᠭ ᠢ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠦᠭᠵᠢᠬᠦᠯᠵᠦ᠂ ᠰᠢᠨᠵᠢᠯᠡᠬᠦ ᠤᠬᠠᠭᠠᠨᠴᠢ ᠪᠠᠷ ᠳᠡᠵᠢᠬᠡᠵᠦ ᠦᠷᠡᠵᠢᠬᠦᠯᠬᠦ ᠶᠢ ᠳᠡᠯᠭᠡᠷᠡᠭᠦᠯᠵᠦ᠂ ᠬᠦᠷᠢᠶ᠎ᠡ ᠬᠠᠰᠢᠶ᠎ᠠ ᠴᠡᠪᠡᠷ ᠳᠡᠭᠰᠢ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠦᠭᠰᠡᠨ ᠪᠠᠶᠢᠬᠤ ᠬᠡᠷᠡᠭᠲᠡᠢ᠃ ᠬᠦᠳᠡᠭᠡ ᠲᠤᠰᠬᠤᠨ ᠤ ᠨᠤᠭᠤᠭᠠᠷᠠᠭᠤᠯᠤᠯᠳᠠ ᠶᠢ ᠰᠠᠶᠢᠳᠤᠷ ᠬᠢᠵᠦ᠂ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠪᠠᠶᠢᠭᠤᠯᠬᠤ ᠬᠡᠷᠡᠭᠲᠡᠢ᠃ ᠬᠦᠴᠢᠷᠲᠡᠢ ᠤᠯᠠᠨ ᠲᠦᠮᠡᠨ ᠤ ᠠᠮᠢᠳᠤᠷᠠᠯ ᠢ ᠦᠨᠡᠨᠬᠦ ᠬᠠᠯᠠᠮᠵᠢᠯᠠᠵᠤ᠂ ᠶᠠᠳᠠᠭᠤ ᠬᠦᠴᠢᠷᠲᠡᠢ ᠪᠤᠯᠤᠭᠰᠠᠨ ᠰᠢᠯᠳᠠᠭᠠᠨ ᠢ ᠰᠢᠨᠵᠢᠯᠡᠬᠦ ᠤᠬᠠᠭᠠᠨᠴᠢ ᠪᠠᠷ ᠳᠤᠳᠤᠯᠠᠵᠤ᠂ ᠬᠦᠳᠡᠯᠮᠦᠷᠢᠯᠡᠬᠦ ᠴᠢᠳᠠᠪᠤᠷᠢ ᠪᠠᠨ ᠠᠯᠳᠠᠵᠤ᠂ ᠠᠮᠢᠳᠤᠷᠠᠯ ᠨᠢ ᠤᠨᠴᠠᠭᠠᠢ ᠬᠦᠴᠢᠷᠲᠡᠢ ᠤᠯᠠᠠ ᠲᠦᠮᠡᠨ ᠢ ᠨᠠᠶᠢᠭᠡᠮ ᠤᠨ ᠪᠠᠲᠤᠯᠠᠭ᠎ᠠ ᠪᠠᠷ ᠳᠠᠮᠵᠢᠨ ᠨᠠᠭᠠᠳᠤ ᠵᠠᠬ᠎ᠠ ᠶᠢᠨ ᠠᠮᠢᠳᠤᠷᠠᠯ ᠢ ᠨᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠠᠶᠢᠯᠠᠰᠤ ᠪᠠᠯᠭᠠᠰᠤᠨ ᠤ ᠤᠯᠠᠭᠠᠨ ᠵᠠᠳᠠᠭᠠᠢ ᠭᠠᠴᠠᠭᠠᠨ ᠤ ᠨᠠᠮ ᠤᠨ ᠭᠡᠰᠢᠭᠦᠨ ᠠᠴᠠ ᠲᠡᠶᠢᠴᠢᠯᠠᠭᠰᠠᠨ ᠡᠷᠦᠬᠡ ᠴᠢᠩᠪᠠᠲᠤ ᠶᠢᠨ ᠳᠤ ᠬᠦᠷᠴᠤ᠂ ᠬᠤᠰᠢᠭᠤ᠂ ᠰᠤᠮᠤ ᠰᠢᠶᠠᠩ ᠪᠠᠯᠭᠠᠰᠤ ᠪᠠ ᠭᠠᠴᠠᠭ᠎ᠠ ᠲᠤᠰᠬᠤᠨ ᠤ ᠺᠠᠳ᠋ᠷ ᠵᠢᠴᠢ ᠮᠠᠯ ᠠᠵᠤ ᠠᠬᠤᠢ ᠶᠢᠨ ᠲᠤᠰᠬᠠᠢ ᠮᠡᠷᠭᠡᠵᠢᠯᠲᠡᠨ ᠲᠠᠢ ᠮᠤᠩᠭᠤᠯ ᠢᠶᠠᠷ ᠭᠦᠨᠵᠡᠭᠡᠢ ᠶᠠᠷᠢᠯᠴᠠᠵᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠢ ᠦᠷᠨᠢᠭᠦᠯᠵᠦ ᠪᠠᠶᠢᠭ᠎ᠠ ᠪᠠᠶᠢᠳᠠᠯ ᠢ ᠨᠠᠷᠢᠯᠢᠭ ᠤᠢᠢᠯᠠᠭᠠᠪᠠ᠃ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠡᠨᠡᠬᠦ ᠰᠠᠭᠤᠷᠢ ᠪᠠ ᠦᠨᠳᠦᠰᠦ ᠶᠢ ᠪᠠᠲᠤ ᠠᠳᠬᠤᠵᠤ᠂ ᠮᠠᠯᠴᠢᠨ ᠲᠠᠷᠢᠶᠠᠴᠢᠳ ᠤᠨ ᠪᠦᠲᠦᠴᠡ ᠶᠢ ᠲᠤᠬᠢᠷᠠᠭᠤᠯᠬᠤ᠂ ᠬᠡᠯᠪᠡᠷᠢ ᠪᠠᠨ ᠦᠭᠡᠷᠡᠴᠢᠯᠡᠬᠦ ᠶᠢ ᠢᠳᠡᠪᠬᠢᠲᠡᠢ ᠵᠢᠯᠤᠭᠤᠳᠴᠤ᠂ ᠤᠳᠤ ᠦᠶ ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠬᠦᠴᠦᠨ ᠢᠶᠠᠷ ᠬᠦᠭᠵᠢᠬᠦᠯᠵᠦ᠂ ᠮᠠᠯᠴᠢᠨ ᠲᠠᠷᠢᠶᠠᠴᠢᠳ ᠢ ᠬᠠᠪᠰᠤᠷᠴᠤ ᠤᠷᠤᠯᠭ᠎ᠠ ᠶᠢ ᠨᠢ ᠨᠡᠮᠡᠭᠳᠡᠬᠦᠯᠦᠨ ᠪᠠᠶᠠᠵᠢᠯ ᠤᠨ ᠵᠠᠮ ᠳᠤ ᠤᠷᠤᠭᠤᠯᠬᠤ ᠬᠡᠷᠡᠭᠳᠡᠢ᠃ ᠲᠦᠷᠦ ᠶᠢᠨ ᠪᠤᠳᠤᠯᠭ᠎ᠠ ᠶᠢᠨ ᠳᠡᠮᠵᠢᠯᠭᠡ ᠤᠨ ᠡᠷᠴᠢᠮ ᠢ ᠲᠠᠰᠤᠷᠠᠯᠳᠠ ᠦᠬᠡᠢ ᠴᠢᠩᠭᠠᠳᠬᠠᠵᠤ᠂ ᠮᠠᠯ ᠲᠠᠷᠢᠶᠠᠯᠠᠩ ᠤᠨ ᠦᠢᠯᠡᠰ ᠤᠨ ᠲᠤᠰᠬᠠᠢ ᠬᠤᠷᠰᠢᠶ᠎ᠠ᠂ ᠲᠠᠷᠢᠵᠦ ᠳᠡᠵᠢᠬᠡᠬᠦ ᠲᠤᠮᠤ ᠡᠷᠦᠬᠡ ᠵᠡᠷᠭᠡ ᠰᠢᠨ᠎ᠡ ᠮᠠᠶ᠋ᠢᠭ ᠤᠨ ᠡᠵᠡᠩᠨᠡᠯᠳᠡ ᠶᠢᠨ ᠭᠤᠤᠯ ᠴᠤᠭᠴᠠ ᠶᠢ ᠢᠳᠡᠪᠬᠢᠲᠡᠢ ᠬᠦᠮᠦᠵᠢᠬᠦᠯᠦᠨ᠂ ᠤᠯᠠᠨ ᠲᠦᠮᠡᠨ ᠢ ᠳᠠᠶᠢᠴᠢᠯᠠᠵᠤ ᠤᠷᠤᠯᠭ᠎ᠠ ᠶᠢ ᠨᠢ ᠨᠡᠮᠡᠭᠳᠡᠬᠦᠯᠵᠦ ᠪᠠᠶᠠᠵᠢᠯ ᠤᠨ ᠵᠠᠮ ᠢᠶᠠᠷ ᠭᠦᠳᠤᠯᠭᠦ ᠬᠡᠷᠡᠭᠳᠡᠢ᠃ ᠦᠷᠭᠡᠨ ᠤᠯᠠᠨ ᠨᠠᠮ ᠤᠨ ᠬᠡᠰᠢᠬᠦᠨ ᠺᠠᠳ᠋ᠷᠴᠤᠳ ︽ᠬᠤᠶᠠᠷ ᠢ ᠰᠤᠷᠤᠯᠴᠠᠵᠤ ᠬᠢᠷᠢ ᠳᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠭᠦᠮᠤᠵᠢᠯ ᠲᠠᠢ ᠤᠶᠠᠯᠳᠤᠭᠤᠯᠵᠤ᠂ ᠨᠠᠮ ᠤᠨ ᠪᠦᠲᠦᠬᠡᠨ ᠪᠠᠶᠢᠭᠤᠯᠤᠯᠳᠠ ᠶᠢᠨ ᠠᠮᠢᠵᠢᠷᠠᠯ ᠤᠨ ᠬᠦᠴᠦᠨ ᠢ ᠶᠠᠳᠠᠭᠤ ᠶᠢ ᠳᠡᠳᠬᠦᠵᠤ ᠪᠤᠭᠤᠮᠳᠠ ᠰᠢᠪᠲᠤᠯᠬᠤ ᠬᠦᠳᠡᠯᠭᠡᠭᠴᠢ ᠬᠦᠴᠦᠨ ᠪᠤᠯᠭᠠᠵᠤ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠲᠤᠯᠬᠤ ᠳᠤᠮᠳᠠ ᠬᠡᠪ ᠲᠠᠭᠤᠷᠢᠶᠠᠯ ᠪᠠ ᠬᠤᠰᠢᠭᠤᠴᠢ ᠶᠢᠨ ᠦᠢᠯᠡᠳᠦᠯ ᠦᠵᠡᠬᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃       ᠵᠢᠩ ᠯᠠᠨ ᠮᠦ ᠾᠧ ᠤᠰᠤ ᠠᠷᠪᠢᠯᠠᠬᠤ ᠲᠤᠨᠤᠭ ᠲᠦᠬᠦᠭᠡᠷᠦᠮᠵᠢ ᠶᠢᠨ ᠬᠢᠵᠠᠭᠠᠷᠲᠤ ᠺᠤᠮᠫᠠᠨᠢ᠂ ᠯᠢᠩ ᡁᠢ ᠹᠠ ᠮᠦ ᠹᠦ᠋ ᠿᠦᠢ ᠶᠢᠨ 7 ᠲᠦᠮᠡᠨ ᠲᠤᠨ ᠲᠦᠮᠤᠰᠤᠨ ᠤ ᠵᠦᠢᠯ ᠤᠨ ᠢᠳᠡᠬᠡᠨ ᠪᠤᠯᠪᠠᠰᠤᠷᠠᠭᠤᠯᠬᠤ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ ᠶᠢᠨ ᠠᠬᠤᠢ ᠲᠠᠯᠠᠪᠠᠢ ᠳᠤ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠳᠬᠠᠵᠤ ᠂ ᠰᠢᠯᠢᠳᠡᠭ ᠠᠵᠤ ᠠᠬᠤᠢᠢᠯᠠᠯ ᠤᠨ ᠲᠠᠰᠤᠷᠠᠯᠳᠠ ᠦᠬᠡᠢ ᠬᠦᠴᠦᠷᠬᠡᠭᠵᠢᠨ ᠪᠣᠵᠠᠭᠠᠷᠠᠶᠢᠬᠤ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭᠵᠢᠯᠳᠠ ᠪᠠ ᠤᠰᠤ ᠠᠷᠪᠢᠯᠠᠬᠤ ᠤᠰᠤᠯᠠᠯᠳᠠ ᠶᠢ ᠳᠡᠯᠭᠡᠷᠡᠭᠦᠯᠵᠦ᠂ ᠠᠵᠤ ᠦᠢᠯᠡᠳᠪᠤᠷᠢᠵᠢᠯᠳᠡ ᠶᠢᠨ ᠤᠨᠤᠯᠵᠢᠬᠤᠨ ᠢᠶᠠᠷ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠬᠦ ᠶᠢ ᠪᠠᠷᠢᠮᠳᠠᠯᠠᠬᠤ ᠬᠡᠷᠡᠭᠲᠡᠢ᠃ ᠠᠵᠤ ᠠᠬᠤᠢᠢᠯᠠᠯ ᠠᠴᠠ ᠨᠡᠷ᠎ᠡ ᠳᠡᠮᠳᠡᠭ ᠢ ᠡᠭᠦᠳᠴᠦ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠬᠦᠯᠵᠦ᠂ ᠮᠠᠯᠴᠢᠨ ᠲᠠᠷᠢᠶᠠᠴᠢᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠳᠠᠭᠠᠭᠤᠯᠤᠨ ᠪᠠᠶᠠᠵᠢᠭᠤᠯᠬᠤ ᠰᠢᠨ᠎ᠡ ᠬᠦᠴᠦᠨ ᠪᠤᠯᠬᠤ ᠬᠡᠷᠡᠭᠲᠡᠢ ᠭᠡᠵᠦ ᠵᠢᠭᠠᠨ ᠭᠠᠷᠭᠠᠪᠠ      ᠬᠤᠩ ᠱᠠᠨ ᠤᠰᠤᠨ ᠴᠦᠬᠦᠷᠦᠮ ᠪᠠ ᠬᠠᠰ ᠯᠤᠤ ᠡᠯᠡᠰᠦᠨ ᠨᠠᠭᠤᠷ ᠤᠨ ᠦᠵᠡᠮᠵᠢ ᠶᠢᠨ ᠤᠷᠤᠨ ᠳᠤ᠂ ᠳ᠋ᠤᠧᠠᠨ ᡁᠢ ᠴᠢᠶᠠᠩ᠂ ᠤᠩᠨᠢᠭᠤᠳ ᠬᠤᠰᠢᠭᠤ ᠨᠢ ᠯᠢ ᠵᠢᠢ ᠾᠧᠩ ᠱᠦᠵᠢ ᠶᠢᠨ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠯᠲᠡ ᠶᠢᠨ ᠶᠡᠭᠡ ᠬᠤᠷᠠᠯ ᠲᠡᠭᠡᠷ ᠎ᠡ ᠬᠢᠭᠰᠡᠨ ᠪᠦᠬᠦ ᠤᠷᠤᠨ ᠭᠡᠴᠡ ᠶᠢᠨ ᠵᠢᠭᠤᠯᠴᠢᠯᠠᠯ ᠢ ᠬᠦᠭᠵᠢᠬᠦᠯᠬᠦ ᠲᠤᠬᠠᠢ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠤᠷᠤᠨ ᠭᠡᠴᠡ ᠶᠢᠨ ᠵᠢᠭᠤᠯᠴᠢᠯᠠᠯ ᠤᠨ ᠲᠤᠭᠤᠷᠢᠨ ᠳᠤ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠷᠭᠡᠳᠬᠡᠨ᠂ ᠦᠵᠡᠮᠵᠢ ᠶᠢᠨ ᠤᠷᠤᠨ ᠤ ᠴᠢᠳᠠᠮᠵᠢ ᠶᠢ ᠲᠡᠬᠦᠯᠳᠡᠷᠵᠢᠬᠦᠯᠦᠨ᠂ ᠰᠤᠶᠤᠯ ᠵᠢᠭᠤᠯᠴᠢᠯᠠᠯ ᠤᠨ ᠦᠢᠯᠡᠰ ᠢ ᠪᠦᠬᠦ ᠬᠤᠰᠢᠭᠤᠨ ᠤ ᠲᠤᠯᠭᠠᠭᠤᠷᠢ ᠠᠵᠦ ᠦᠢᠯᠡᠰ ᠪᠤᠯᠭᠠᠬᠤ ᠬᠡᠷᠡᠭᠲᠡᠢ᠃ ᠡᠬᠡ ᠪᠠᠶᠢᠭᠠᠯᠢ ᠶᠢᠨ ᠰᠤᠶᠤᠷᠬᠠᠯ ᠢ ᠨᠠᠨᠳᠢᠩᠨᠠᠵᠦ᠂ ᠦᠪᠡᠷᠮᠢᠴᠡ ᠤᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠢ ᠵᠤᠬᠢᠰᠲᠠᠢ ᠪᠠᠷ ᠬᠠᠮᠠᠭᠠᠯᠠᠨ ᠨᠡᠬᠡᠬᠡᠨ ᠠᠰᠢᠭᠯᠠᠬᠤ ᠬᠡᠷᠡᠭᠲᠡᠢ᠃ ᠡᠬᠦᠨ ᠤ ᠬᠠᠮᠲᠦ᠂ ᠤᠳᠠᠯ ᠦᠭᠡᠢ ᠦᠶᠡᠷ ᠤᠨ ᠬᠤᠭᠤᠴᠠᠭᠠᠨ ᠳᠤ ᠤᠷᠤᠬᠤ ᠪᠤᠯᠵᠤ᠂ ᠪᠦᠬᠦ ᠬᠤᠳᠠ ᠳᠠᠶᠠᠭᠠᠷ ᠢᠶᠠᠨ ᠭᠠᠩ ᠲᠠᠢ ᠲᠡᠮᠡᠴᠡᠬᠦ ᠠᠵᠢᠯ ᠢ ᠰᠠᠶᠢᠳᠤᠷ ᠠᠳᠬᠤᠬᠤ ᠶᠢᠨ ᠵᠡᠷᠬᠡᠪᠡᠷ ᠦᠶᠡᠷ ᠢ ᠰᠡᠷᠬᠡᠶᠢᠯᠡᠬᠦ ᠠᠵᠢᠯ ᠢ ᠰᠠᠶᠢᠳᠤᠷ ᠪᠡᠯᠡᠳᠬᠡᠭᠦ ᠬᠡᠷᠡᠭᠲᠡᠢ ᠭᠡᠵᠦ ᠴᠢᠬᠤᠯᠠᠴᠢᠯᠠᠪᠠ᠃ ᠪᠤᠷᠤᠬᠤᠳᠠ ᠪᠠᠯᠭᠠᠰᠤ ᠶᠢᠨ ᠰᠠᠴᠢᠨᠲᠠᠯ᠎ᠠ ᠭᠠᠴᠠᠭᠠᠨ ᠳᠤ᠂ ᠳ᠋ᠤᠧᠠᠨ ᡁᠢ ᠴᠢᠶᠠᠩ ᠦᠨᠳᠦᠰᠦᠨ ᠱᠠᠳᠤᠨ ᠤ ᠨᠠᠮ ᠤᠨ ᠪᠦᠳᠦᠬᠡᠨ ᠪᠠᠶᠢᠭᠤᠯᠤᠯᠳᠠ᠂ ᠠᠷᠠᠳ ᠲᠤ ᠲᠦᠭᠦᠮ ᠦᠵᠡᠬᠦᠯᠬᠦ ᠦᠢᠯᠡᠴᠢᠯᠡᠭᠡ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠪᠠᠶᠢᠳᠠᠯ ᠢ ᠨᠢᠮᠪᠠᠢ ᠤᠢᠢᠯᠠᠭᠠᠪᠠ᠃ ᠲᠡᠷᠡ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠦᠨᠳᠦᠰᠦᠨ ᠱᠠᠳᠤᠨ ᠤ ᠨᠠᠮ ᠤᠨ ᠪᠦᠳᠦᠬᠡᠨ ᠪᠠᠶᠢᠭᠤᠯᠤᠯᠳᠠ ᠶᠢᠨ ᠳᠣᠲᠠᠭᠳᠠᠯ ᠶᠢ ᠨᠦᠬᠦᠪᠦᠷᠢᠯᠡᠬᠦ ᠬᠡᠷᠡᠭᠲᠡᠢ᠃ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠨᠢᠳᠤᠨ ᠡᠮᠦᠨᠡᠬᠢ ᠡᠯ᠎ᠡ ᠲᠦᠷᠦᠯ ᠤᠨ ᠠᠵᠢᠯ ᠢᠶᠠᠨ ᠰᠠᠶᠢᠳᠤᠷ ᠬᠢᠬᠦ ᠲᠠᠢ ᠤᠶᠠᠯᠳᠤᠭᠤᠯᠬᠤ ᠬᠡᠷᠡᠭᠲᠡᠢ᠃ ᠨᠠᠮ ᠤᠨ ᠶᠠᠪᠤᠳᠠᠯ᠂ ᠲᠤᠰᠬᠤᠨ ᠤ ᠶᠠᠪᠤᠳᠠᠯ ᠢ ᠢᠯᠡ ᠪᠤᠯᠭᠠᠬᠤ ᠠᠵᠢᠯ ᠢ ᠰᠠᠶᠢᠳᠤᠷ ᠬᠢᠵᠦ᠂ ᠨᠠᠮ ᠤᠨ ᠰᠤᠷᠳᠠᠯ ᠴᠢᠭᠡᠴᠢ ᠵᠠᠰᠠᠭ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠬᠡᠷᠡᠭᠲᠡᠢ᠃ ᠬᠦᠳᠡᠭᠡ ᠲᠤᠰᠬᠤᠨ ᠤ ᠠᠷᠠᠳ ᠲᠤ ᠲᠦᠭᠦᠮ ᠦᠵᠡᠬᠦᠯᠬᠦ ᠦᠢᠯᠡᠴᠢᠯᠡᠬᠡᠨ ᠤ ᠲᠢᠩᠬᠢᠮ ᠢ ᠰᠠᠶᠢᠳᠤᠷ ᠡᠷᠬᠢᠯᠡᠬᠦ ᠬᠡᠷᠡᠭᠲᠡᠢ᠃ ᠬᠦᠳᠡᠭᠡ ᠠᠶᠢᠯ ᠤᠨ ᠵᠤᠭ᠎ᠠ᠂ ᠮᠠᠯᠴᠢᠨ ᠠᠶᠢᠯ ᠤᠨ ᠵᠤᠭ᠎ᠠ ᠵᠡᠷᠬᠡ ᠶᠢ ᠬᠦᠭᠵᠢᠬᠦᠯᠬᠦ ᠪᠠᠷ ᠲᠠᠮᠵᠢᠨ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠬᠦᠯᠦᠨ᠂ ᠴᠡᠩᠭᠡᠭ ᠤᠰᠤ ᠬᠦᠬᠡᠮᠳᠦᠭ ᠠᠭᠤᠯᠠ ᠶᠢ ᠤᠯᠠᠨ ᠲᠦᠮᠡᠨ ᠤ ᠵᠠᠳᠠᠭᠤ ᠠᠴᠠ ᠠᠩᠬᠢᠵᠢᠷᠠᠭᠤᠯᠤᠠ ᠪᠠᠶᠠᠵᠢᠨ ᠴᠢᠨᠡᠭᠡᠯᠢᠭᠵᠢᠭᠦᠯᠬᠦ ᠠᠯᠲᠠ  ᠮᠦᠩᠭᠦᠨ ᠠᠭᠤᠯᠠ ᠪᠤᠯᠭᠠᠬᠤ ᠬᠡᠷᠡᠭᠲᠡᠢ ᠬᠡᠵᠦ ᠴᠢᠬᠤᠯᠠᠴᠢᠯᠠᠪᠡ᠃       ᠬᠤᠳᠠ ᠶᠢᠨ ᠤᠳᠤᠷᠢᠳᠤᠯᠭ᠎ᠠ ᠭᠦᠸᠧ ᠢᠤᠢ ᠹᠧᠩ᠂ ᠸᠠᠩ ᠢᠤᠢ ᠱᠦ᠂ ᠸᠠᠩ ᠭᠦᠸᠧ ᠰᠧᠨ ᠪᠠᠶᠢᠴᠠᠭᠠᠨ ᠰᠤᠳᠤᠯᠤᠯᠳᠠ ᠳᠤ ᠪᠠᠷ᠎ᠠ ᠪᠤᠯᠤᠯᠴᠠᠪᠠ᠃
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号