ᠤᠩᠨᠢᠭᠤᠳ ᠬᠤᠰᠢᠭᠤᠨ ᠤ《 ᠳᠦᠷᠪᠡᠨ ᠨᠢᠭᠡ》ᠣᠨᠢᠨ ᠳᠡᠭᠡᠷ᠎ᠡ ᠨᠢ ᠶᠠᠳᠠᠭᠤ ᠶᠢ ᠳᠡᠳᠭᠦᠬᠦ ᠬᠡᠪ ᠵᠠᠭᠪᠣᠷ ᠬᠦᠴᠢᠷᠲᠠᠢ ᠮᠠᠯᠴᠢᠨ ᠤ ᠪᠠᠶᠠᠵᠢᠯ ᠤᠨ ᠵᠠᠮ ᠢ ᠰᠢᠯᠣᠭᠤᠳᠬᠠᠪᠠ
ᠨᠡᠶᠢᠲᠡᠯᠡᠭᠰᠡᠨ ᠴᠠᠭ᠄
2017/6/13
    ᠣᠶᠢᠷ᠎ᠠ ᠶᠢᠨ ᠵᠢᠯ ᠳᠤ᠂ ᠤᠩᠨᠢᠭᠤᠳ ᠬᠤᠰᠢᠭᠤ ᠵᠡᠭᠦᠨ ᠬᠡᠰᠡᠭ ᠤᠨ ᠮᠠᠯᠵᠢᠬᠤ ᠣᠷᠣᠨ ᠤ ᠪᠣᠳᠠᠲᠣ ᠪᠠᠶᠢᠳᠠᠯ  ᠲᠠᠢ ᠣᠶᠠᠯᠳᠣᠭᠤᠯᠵᠣ᠂《 ᠨᠢᠭᠡ ᠰᠠᠭᠤᠷᠢ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠪᠠᠶᠢᠭᠤᠯᠬᠤ᠂ ᠨᠢᠭᠡ ᠰᠠᠭᠤᠷᠢ ᠪᠠᠷᠢᠮᠵᠢᠶᠠᠲᠣ ᠫᠧᠩ ᠰᠠᠷᠠᠪᠴᠢ ᠪᠦᠲᠦᠭᠡᠨ ᠪᠠᠶᠢᠭᠤᠯᠬᠤ᠂ ᠨᠢᠭᠡ ᠲᠣᠯᠤᠭᠠᠢ ᠡᠬᠡ ᠮᠠᠯ ᠲᠡᠵᠢᠭᠡᠨ ᠦᠷᠡᠵᠢᠭᠦᠯᠬᠦ᠂ ᠨᠢᠭᠡ ᠮᠦ ᠡᠯᠡᠰᠦᠨ ᠭᠠᠵᠠᠷ ᠤᠨ ᠣᠰᠣᠨ ᠳᠤᠲᠣᠷᠭ᠎ᠠ ᠲᠠᠷᠢᠬᠤ》᠂《 ᠳᠦᠷᠪᠡᠨ ᠨᠢᠭᠡ》 ᠶᠢ ᠣᠨᠢᠨ ᠳᠡᠭᠡᠷ᠎ᠡ ᠨᠢ ᠳᠡᠳᠭᠦᠭᠦ ᠬᠡᠪ ᠵᠠᠭᠪᠣᠷ ᠢ ᠰᠦᠪᠡᠭᠴᠢᠯᠡᠵᠦ᠂ ᠬᠦᠴᠢᠷᠲᠠᠢ ᠮᠠᠯᠴᠢᠨ ᠢ ᠶᠠᠳᠠᠭᠤ ᠠᠴᠠ ᠠᠩᠬᠢᠵᠢᠷᠠᠭᠤᠯᠣᠨ ᠪᠠᠶᠠᠵᠢᠯ ᠤᠨ ᠵᠠᠮ ᠢ ᠨᠢ ᠰᠢᠯᠣᠭᠤᠳᠬᠠᠨ᠂ ᠵᠢᠯ ᠤᠨ ᠳᠣᠲᠣᠷ᠎ᠠ ᠮᠠᠯᠵᠢᠬᠤ ᠣᠷᠣᠨ ᠤ 24 ᠬᠦᠴᠢᠷᠲᠠᠢ ᠭᠠᠴᠠᠭ᠎ᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠪᠠᠷ ᠪᠣᠢ᠃     ᠬᠡᠷᠰᠡᠩ ᠰᠤᠮᠣ ᠶᠢᠨ ᠪᠦᠷᠢᠳᠦᠨ ᠭᠠᠴᠠᠭ᠎ᠠ ᠪᠦᠬᠦ ᠬᠤᠰᠢᠭᠤᠨ ᠤ ᠭᠤᠤᠯᠳᠠᠯᠭᠠᠲᠣ ᠶᠠᠳᠠᠭᠤ ᠬᠦᠴᠢᠷᠲᠠᠢ ᠭᠠᠴᠠᠭ᠎ᠠ ᠲᠤᠰᠬᠤᠨ ᠤ ᠨᠢᠭᠡ ᠪᠣᠯᠣᠭᠰᠠᠨ ᠤ ᠬᠤᠪᠢ ᠳᠤ᠂《 ᠳᠦᠷᠪᠡᠨ ᠨᠢᠭᠡ》ᠣᠨᠢᠨ ᠳᠡᠭᠡᠷ᠎ᠡ ᠨᠢ ᠶᠠᠳᠠᠭᠤ ᠶᠢ ᠳᠡᠳᠭᠦᠬᠦ ᠬᠡᠪ ᠵᠠᠭᠪᠣᠷ ᠢ ᠬᠡᠷᠡᠭᠵᠢᠭᠦᠯᠬᠦ ᠪᠠᠷ ᠳᠠᠮᠵᠢᠨ᠂ 53 ᠡᠷᠦᠬᠡ ᠶᠢᠨ 141 ᠶᠠᠳᠠᠭᠤ ᠬᠦᠴᠢᠷᠲᠠᠢ ᠬᠦᠮᠦᠨ ᠠᠮᠠ ᠶᠢᠨ ᠣᠷᠦᠯᠭ᠎ᠠ ᠶᠢᠨ ᠳᠤᠭᠲᠠᠭᠤᠨ ᠨᠡᠮᠡᠭᠳᠡᠯ ᠢ ᠪᠡᠶᠡᠯᠡᠭᠦᠯᠵᠡᠢ᠃ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠪᠠᠶᠢᠭᠤᠯᠬᠤ ᠪᠠᠷ ᠳᠠᠮᠵᠢᠨ᠂ ᠣᠯᠠᠮᠵᠢᠯᠠᠯᠲᠣ ᠠᠮᠢᠳᠦᠷᠠᠯ ᠤᠨ ᠣᠨᠣᠯᠵᠢᠬᠤᠨ ᠢ ᠰᠢᠨᠡᠴᠢᠯᠡᠪᠡ᠃ ᠮᠠᠯᠴᠢᠳ ᠤᠨ ᠠᠮᠢᠳᠦᠷᠠᠯ ᠤᠨ ᠲᠣᠭᠤᠷᠢᠭ᠂ ᠦᠢᠯᠡᠳᠪᠦᠷᠢᠯᠡᠯ ᠤᠨ ᠳᠣᠭᠤᠷᠢᠭ᠂ ᠡᠪᠡᠰᠤ ᠲᠦᠯᠡᠭᠡᠨ ᠤ ᠲᠣᠭᠤᠷᠢᠭ᠂  ᠠᠷᠭᠠᠯ ᠲᠦᠯᠡᠰᠢ ᠶᠢᠨ ᠲᠣᠭᠤᠷᠢᠭ ᠵᠡᠷᠭᠡ ᠲᠦᠯᠦᠪᠵᠢᠭᠦᠯᠦᠭᠰᠡᠨ ᠪᠦᠲᠦᠭᠡᠨ ᠪᠠᠶᠢᠭᠤᠯᠣᠯᠲᠠ᠂ ᠲᠠᠷᠠᠬᠠᠢ ᠪᠣᠲᠠᠷᠬᠠᠢ ᠰᠠᠭᠤᠷᠢᠰᠢᠵᠤ ᠪᠠᠶᠢᠭ᠎ᠠ ᠮᠠᠯᠴᠢᠨ ᠡᠷᠦᠬᠡ ᠶᠢᠨ ᠲᠤᠬᠠᠢ ᠶᠢᠨ ᠭᠠᠵᠠᠷ ᠤᠨ ᠪᠠᠶᠢᠲᠠᠯ ᠳᠤᠨᠢ ᠲᠤᠬᠢᠷᠠᠭᠤᠯᠵᠣ ᠵᠠᠮ ᠨᠡᠪᠲᠡᠷᠡᠭᠦᠯᠦᠭᠰᠡᠨ ᠨᠢ ᠡᠮᠬᠢ ᠵᠠᠮᠪᠠᠷᠠᠭ᠎ᠠ ᠦᠭᠡᠢ ᠠᠮᠢᠳᠦᠷᠠᠯ ᠤᠨ ᠤᠷᠴᠢᠨ ᠲᠤᠭᠤᠷᠢᠨ ᠢ ᠨᠢ ᠬᠤᠪᠢᠷᠠᠭᠤᠯᠪᠠ᠃ ᠨᠢᠭᠡᠨ ᠰᠠᠭᠤᠷᠢ ᠪᠠᠷᠢᠮᠵᠢᠶᠠᠲᠦ ᠫᠧᠩ ᠰᠠᠷᠠᠪᠴᠢ ᠶᠢᠨ ᠪᠦᠲᠦᠭᠡᠨ ᠪᠠᠶᠢᠭᠤᠯᠣᠯᠲᠠ ᠨᠢ ᠮᠠᠯᠴᠢᠳ ᠤᠨ ᠲᠡᠭᠷᠢ ᠶᠢ ᠬᠠᠷᠠᠵᠣ ᠮᠠᠯ ᠮᠠᠯᠵᠢᠬᠤ ᠡᠵᠡᠩᠨᠡᠯᠲᠡ ᠶᠢᠨ ᠠᠷᠭ᠎ᠠ ᠪᠠᠷᠢᠯ ᠢ ᠬᠤᠪᠢᠷᠠᠭᠤᠯᠪᠠ᠃ ᠪᠠᠷᠢᠮᠵᠢᠶᠠᠲᠣ ᠫᠧᠩ ᠰᠠᠷᠠᠪᠴᠢ 14 ᠰᠠᠭᠤᠷᠢ ᠶᠢ ᠪᠦᠲᠦᠭᠡᠨ ᠪᠠᠶᠢᠭᠤᠯᠵᠣ᠂ ᠨᠡᠶᠢᠲᠡ 1152 ᠲᠡᠭᠰᠢ ᠳᠦᠷᠪᠡᠯᠵᠢᠨ ᠮᠧᠲᠷ ᠪᠠᠶᠢᠵᠣ᠂ 700 ᠲᠤᠯᠣᠭᠠᠢ ᠬᠤᠨᠢ ᠦᠬᠡᠷ ᠪᠤᠷᠳᠤᠪᠠ᠃ ᠨᠢᠭᠡ ᠲᠤᠯᠣᠭᠠᠢ ᠡᠬᠡ ᠮᠠᠯ ᠲᠡᠵᠢᠭᠡᠨ ᠦᠷᠡᠵᠢᠭᠦᠯᠬᠦ ᠪᠠᠷ ᠳᠠᠮᠵᠢᠨ᠂ ᠣᠯᠠᠮᠵᠢᠯᠠᠯᠲᠦ ᠠᠷᠭ᠎ᠠ ᠶᠢᠨ ᠳᠠᠪᠠᠭᠤᠯᠢᠭ ᠢᠶᠠᠷ ᠶᠠᠳᠠᠭᠤ ᠠᠴᠠ ᠠᠩᠬᠢᠵᠢᠷᠠᠭᠤᠯᠬᠤ ᠦᠢᠯᠡᠳᠦᠯ ᠢ ᠪᠠᠳᠠᠷᠠᠭᠤᠯᠪᠠ᠃《  ᠭᠤᠷᠪᠠ ᠶᠢ ᠲᠣᠰᠬᠤᠨ ᠳᠤ ᠬᠦᠷᠭᠡᠬᠦ᠂ ᠭᠤᠷᠪᠠ ᠶᠢ ᠡᠷᠦᠬᠡ ᠳᠤ ᠬᠦᠷᠭᠡᠬᠦ》ᠲᠦᠷᠦᠯ ᠵᠦᠢᠯ ᠤᠨ ᠬᠡᠷᠡᠭᠵᠢᠭᠦᠯᠦᠯᠲᠡ ᠲᠠᠢ ᠣᠶᠠᠯᠳᠣᠭᠤᠯᠵᠣ᠂ ᠰᠢᠯᠢᠳᠡᠭ ᠡᠭᠦᠯᠳᠡᠷ ᠤᠨ ᠡᠬᠡ ᠮᠠᠯ 53 ᠲᠤᠯᠤᠭᠠᠢ ᠬᠤᠳᠠᠯᠳᠤᠨ ᠣᠷᠣᠭᠤᠯᠵᠣ᠂ ᠬᠦᠴᠢᠷᠲᠠᠢ ᠡᠷᠦᠬᠡ ᠨᠢᠭᠡᠪᠦᠷᠢ ᠳᠤ ᠠᠳᠠᠭ ᠲᠠᠭᠠᠨ ᠨᠢᠭᠡ  ᠲᠤᠯᠤᠭᠠᠢ ᠡᠬᠡ ᠮᠠᠯ ᠪᠠᠶᠢᠬᠤ ᠶᠢ ᠪᠠᠲᠣᠯᠠᠪᠠ᠃ ᠨᠢᠭᠡ ᠮᠦ ᠡᠯᠡᠰᠦᠨ ᠭᠠᠵᠠᠷ ᠤᠨ ᠣᠰᠤᠨ ᠳᠤᠲᠣᠷᠭ᠎ᠠ ᠲᠠᠷᠢᠬᠤ ᠪᠠᠷ ᠳᠠᠮᠵᠢᠨ᠂ ᠣᠷᠦᠯᠭ᠎ᠠ ᠶᠢᠨ ᠳᠣᠭᠲᠠᠭᠤᠨ ᠨᠡᠮᠡᠭᠳᠡᠯ ᠤᠨ ᠵᠠᠮ ᠰᠤᠪᠠᠭ ᠢ ᠨᠡᠭᠡᠭᠡᠪᠡ᠃ ᠮᠠᠯᠴᠢᠨ ᠡᠷᠦᠬᠡ ᠶᠢ ᠵᠢᠯᠣᠭᠤᠳᠴᠦ 226 ᠮᠦ ᠣᠰᠣᠨ  ᠳᠤᠲᠣᠷᠭ᠎ᠠ ᠲᠠᠷᠢᠵᠣ᠂ ᠮᠦ ᠪᠦᠷᠢ ᠶᠢᠨ ᠣᠨᠠᠯᠲᠠ 1000 ᠵᠢᠩ ᠪᠠᠶᠢᠵᠣ᠂ ᠬᠦᠮᠦᠨ ᠪᠦᠷᠢ ᠶᠢᠨ 2 ᠮᠦ ᠨᠡᠮᠡᠭᠳᠡᠯ ᠤᠷᠣᠯᠭ᠎ᠠ 1500 ᠲᠦᠭᠦᠷᠢᠩ ᠪᠣᠯᠪᠠ᠃  ᠡᠨᠡ ᠵᠢᠯ ᠳᠠᠬᠢᠨ 200  ᠮᠦ ᠲᠠᠷᠢᠵᠣ᠂ ᠳᠠᠩᠰᠠᠯᠠᠭᠰᠠᠨ ᠶᠠᠳᠠᠭᠤ ᠭᠦᠴᠢᠷᠲᠠᠢ ᠬᠦᠮᠦᠨ ᠠᠮᠠ ᠶᠢᠨ ᠬᠦᠮᠦᠨ ᠪᠦᠷᠢ ᠳᠤ 2 ᠮᠦ ᠣᠰᠣᠨ ᠳᠣᠲᠣᠷᠭ᠎ᠠ ᠶᠢᠨ ᠭᠠᠵᠠᠷ ᠳᠡᠭᠰᠢᠳᠭᠡᠨ ᠬᠤᠪᠢᠶᠠᠵᠣ᠂ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号