ᠰᠢᠨ᠎ᠡ︽ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ︾ ᠶᠢᠨ ᠲᠦᠷᠪᠡᠨ ᠵᠠᠯᠬᠠᠭᠠᠯ
ᠨᠡᠶᠢᠲᠡᠯᠡᠭᠰᠡᠨ ᠴᠠᠭ᠄
2017-06-13
    2014 ᠤᠨ ᠤ 4 ᠰᠠᠷ᠎ᠠ ᠶᠢᠨ 24 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠢᠮᠠᠳᠤᠭᠠᠷ ᠬᠤᠷᠠᠯ ᠠᠴᠠ ᠰᠢᠢᠳᠪᠦᠷᠢ ᠭᠠᠷᠭᠠᠨ᠂ ︽ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠶᠢᠨ ᠵᠠᠰᠠᠪᠤᠷᠢ ᠤᠷᠤᠭᠤᠯᠤᠭᠰᠠᠨ ᠲᠦᠰᠦᠯ︾ ᠢ ᠪᠠᠲᠤᠯᠠᠵᠤ᠂ ᠰᠢᠨ᠎ᠠ ︽ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ︾ ᠶᠢ 2015 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠠᠷ ᠳᠤᠭᠳᠠᠵᠠᠢ᠃     1᠂ ᠠᠵᠤ ᠠᠬᠤᠢᠢᠯᠠᠯ ᠤᠨ ᠬᠠᠤᠯᠢ ᠠᠴᠠ ᠵᠦᠷᠢᠴᠡᠭᠰᠡᠨ ᠬᠡᠷᠡᠭ ᠢ ᠳᠤᠷᠭᠠᠨ ᠰᠢᠳᠬᠡᠬᠦ ᠳᠤ ᠡᠳᠦᠷ ᠢᠶᠠᠷ ᠲᠤᠭᠠᠴᠠᠭᠠᠯᠠᠨ ᠳᠤᠷᠭᠠᠬᠤ ᠲᠦᠷᠢᠮ ᠢ ᠬᠡᠷᠡᠭᠵᠢᠭᠦᠯᠬᠦ ᠪᠠᠷ ᠳᠤᠭᠳᠠᠭᠠᠪᠠ      ᠰᠢᠨ᠎ᠠ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠶᠢᠨ ᠲᠠᠪᠢᠨ ᠶᠢᠰᠦᠳᠦᠭᠡᠷ ᠵᠤᠷᠪᠤᠰ ᠲᠤ᠂ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ ᠪᠠ ᠪᠤᠰᠤᠳ ᠦᠢᠯᠡᠳᠪᠦᠷᠢᠯᠡᠯ ᠡᠵᠡᠩᠨᠡᠭᠴᠢᠳ ᠬᠠᠤᠯᠢ ᠶᠢ ᠵᠦᠷᠢᠴᠡᠨ ᠪᠤᠬᠢᠷᠳᠤᠯ ᠪᠤᠳᠠᠰ ᠭᠠᠳᠠᠭᠰᠢᠯᠠᠭᠤᠯᠪᠠᠯ᠂ ᠵᠤᠭᠤᠰ ᠢᠶᠠᠷ ᠲᠤᠷᠭᠠᠬᠤ ᠰᠢᠳᠭᠡᠯ ᠦᠭᠴᠤ᠂ ᠵᠠᠷᠯᠢᠭᠳᠠᠨ ᠵᠠᠯᠠᠷᠠᠭᠤᠯᠤᠨ᠎ᠠ᠂ ᠬᠠᠤᠯᠢ ᠶᠢ ᠵᠦᠷᠢᠴᠡᠭᠰᠡᠨ ᠠᠵᠢᠯᠯᠠᠭ᠎ᠠ ᠪᠠᠨ ᠵᠠᠯᠠᠷᠠᠭᠤᠯᠬᠤ ᠶᠢ ᠲᠡᠪᠴᠢᠭᠰᠡᠳ ᠢ ᠬᠠᠤᠯᠢ ᠶᠤᠰᠤᠭᠠᠷ ᠰᠢᠳᠭᠡᠯ ᠦᠭᠭᠦ ᠰᠢᠢᠳᠪᠦᠷᠢ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠤᠯᠭ᠎ᠠ ᠨᠢᠭᠡᠴᠡ ᠠᠴᠠ ᠵᠠᠷᠯᠢᠭᠳᠠᠨ ᠵᠠᠯᠠᠷᠠᠭᠤᠯᠬᠤ ᠡᠳᠦᠷ ᠤᠨ ᠬᠤᠶᠠᠳᠠᠬᠢ ᠡᠳᠦᠷ ᠠᠴᠠ ᠡᠬᠢᠯᠡᠨ᠂ ᠤᠤᠯ ᠰᠢᠳᠬᠡᠯ ᠤᠨ ᠲᠤᠷᠭᠠᠭᠤᠯᠢ ᠶᠢᠨ ᠲᠤᠭ᠎ᠠ ᠬᠡᠮᠵᠢᠶ᠎ᠡ ᠪᠠᠷ ᠡᠳᠦᠷ ᠢᠶᠠᠷ ᠲᠤᠭᠠᠴᠠᠭᠠᠯᠠᠨ ᠦᠷᠭᠦᠯᠵᠢᠯᠡᠨ ᠳᠤᠷᠭᠠᠨ᠎ᠠ᠃ ᠲᠡᠭᠡᠷᠡᠬᠢ ᠲᠤᠭᠳᠠᠭᠠᠯ ᠤᠨ ᠵᠤᠭᠤᠰ ᠢᠶᠠᠷ ᠲᠤᠷᠭᠠᠬᠤ ᠰᠢᠳᠬᠡᠯ ᠨᠢ ᠬᠠᠮᠢᠶ᠎ᠠ ᠪᠦᠬᠦᠢ ᠬᠠᠤᠯᠢ ᠲᠤᠭᠳᠠᠭᠠᠯ ᠢ ᠦᠨᠳᠦᠰᠦᠯᠡᠨ᠂ ᠪᠤᠬᠢᠷᠳᠤᠯ ᠪᠤᠳᠠᠰ ᠢ ᠰᠡᠷᠭᠡᠶᠢᠯᠡᠨ ᠬᠢᠵᠠᠭᠠᠷᠯᠠᠬᠤ ᠲᠦᠬᠦᠭᠡᠷᠦᠮᠵᠢ ᠶᠢᠨ ᠬᠡᠷᠡᠭᠯᠡᠭᠡᠨ ᠤ ᠦᠪᠡᠷ ᠤᠨ ᠦᠷᠳᠡᠭ᠂ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢᠨ ᠪᠤᠢ ᠪᠤᠯᠭᠠᠭᠰᠠᠨ ᠰᠢᠭᠤᠳ ᠬᠤᠬᠢᠷᠠᠯ ᠪᠤᠶᠤ ᠬᠠᠤᠯᠢ ᠶᠢ ᠵᠦᠷᠢᠴᠡᠭᠰᠡᠨ ᠠᠵᠢᠯᠯᠠᠭ᠎ᠠ ᠠᠴᠠ ᠤᠯᠤᠭᠰᠠᠨ ᠠᠰᠢᠭ ᠤᠯᠵᠠᠪᠤᠷᠢ ᠵᠡᠷᠭᠡ ᠡᠯᠧᠮᠧᠨ᠋ᠲ ᠠᠴᠠ ᠲᠤᠭᠳᠠᠭᠠᠭᠳᠠᠨ᠎ᠠ᠃ ᠤᠷᠤᠨ ᠨᠤᠲᠤᠭ ᠤᠨ ᠴᠢᠨᠠᠷᠲᠠᠢ ᠬᠠᠤᠯᠢ ᠲᠤᠭᠳᠠᠭᠠᠯ ᠨᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠪᠤᠲᠠᠲᠤ ᠬᠡᠷᠡᠭᠴᠡᠭᠡ ᠪᠠᠨ ᠦᠨᠳᠦᠰᠦᠯᠡᠨ᠂ ᠨᠢᠭᠡᠳᠦᠭᠡᠷ ᠲᠤᠭᠳᠠᠭᠠᠯ ᠳᠠᠬᠢ ᠡᠳᠦᠷ ᠢᠶᠠᠷ ᠲᠤᠭᠠᠴᠠᠭᠠᠯᠠᠨ ᠦᠷᠭᠦᠯᠵᠢᠯᠡᠨ ᠳᠤᠷᠭᠠᠬᠤ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢᠨ ᠲᠦᠷᠦᠯ ᠵᠦᠢᠯ ᠢ ᠨᠡᠮᠡᠭᠳᠡᠭᠦᠯᠵᠦ ᠪᠤᠯᠤᠨ᠎ᠠ᠃     2᠂ ᠦᠢᠯᠡᠳᠪᠦᠷᠢᠯᠡᠯ ᠢ ᠨᠢ ᠵᠠᠷᠯᠢᠭᠳᠠᠨ ᠵᠤᠭᠰᠤᠭᠠᠬᠤ ᠪᠤᠶᠤ ᠪᠢᠳᠡᠬᠦᠮᠵᠢᠯᠡᠨ᠎ᠠ      ᠤᠷᠴᠢᠨ ᠲᠤᠭᠤᠷᠢᠨ ᠤ ᠵᠠᠰᠠᠭ ᠵᠠᠬᠢᠷᠭᠠᠨ ᠤ ᠰᠢᠳᠭᠡᠯ ᠨᠢ ᠵᠦᠪᠬᠡᠨ ᠲᠠᠩ ᠴᠤᠯᠭᠤᠢ ᠲᠤᠷᠭᠠᠭᠤᠯᠢ ᠪᠢᠰᠢ᠂ ᠲᠡᠷᠡ ᠨᠢ ᠠᠵᠤ ᠠᠬᠤᠢ ᠶᠢᠨ ᠲᠤᠷᠭᠠᠭᠤᠯᠢ ᠦᠭᠭᠦ ᠠᠴᠠ ᠭᠠᠳᠠᠨ᠎ᠠ ᠪᠠᠰᠠ ᠨᠡᠩ ᠨᠢᠭᠳᠠ ᠴᠢᠩᠭ᠎ᠠ ᠠᠵᠢᠯᠯᠠᠭᠠᠨ ᠤ ᠬᠠᠤᠯᠢ ᠶᠢᠨ ᠠᠷᠭ᠎ᠠ ᠬᠡᠮᠵᠢᠶ᠎ᠡ ᠲᠠᠢ ᠪᠠᠶᠢᠳᠠᠭ᠃ ᠰᠢᠨ᠎ᠠ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠶᠢᠨ ᠵᠢᠷᠠᠳᠤᠭᠠᠷ ᠵᠤᠷᠪᠤᠰ ᠲᠤ᠂ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ ᠪᠠ ᠪᠤᠰᠤᠳ ᠦᠢᠯᠡᠳᠪᠦᠷᠢᠯᠡᠯ ᠡᠵᠡᠩᠨᠡᠭᠴᠢᠳ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠠᠴᠠ ᠬᠡᠳᠦᠷᠡᠬᠦ ᠪᠤᠶᠤ ᠬᠦᠨᠳᠦ ᠨᠤᠴᠢᠲᠠᠢ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠡᠷᠦᠩᠬᠡᠢ ᠡᠵᠡᠮᠳᠡᠯ ᠤᠨ ᠵᠢᠭᠠᠯᠲᠠ ᠲᠤᠭ᠎ᠠ ᠠᠴᠠ ᠬᠡᠳᠦᠷᠡᠳᠡᠯ᠎ᠠ ᠪᠤᠬᠢᠷᠳᠤᠯ ᠪᠤᠳᠠᠰ ᠭᠠᠳᠠᠭᠰᠢᠯᠠᠭᠤᠯᠤᠭᠰᠠᠨ ᠪᠠᠶᠢᠪᠠᠯ᠂ ᠬᠤᠰᠢᠭᠤ ᠰᠢᠶᠠᠨ ᠤ ᠲᠡᠰ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠨᠢ ᠪᠤᠬᠢᠷᠳᠤᠯ ᠪᠤᠳᠠᠰ ᠭᠠᠳᠠᠭᠰᠢᠯᠠᠭᠤᠯᠤᠭᠰᠠᠨ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ ᠪᠠ ᠪᠤᠰᠤᠳ ᠦᠢᠯᠡᠳᠪᠦᠷᠢᠯᠡᠯ ᠡᠵᠡᠩᠨᠡᠭᠴᠢᠳ ᠢ ᠵᠠᠷᠯᠢᠭᠳᠠᠨ ᠦᠢᠯᠡᠳᠪᠦᠷᠢᠯᠡᠯ ᠡᠵᠡᠩᠨᠡᠯᠲᠡ ᠶᠢ ᠨᠢ ᠬᠢᠵᠠᠭᠠᠷᠯᠠᠬᠤ᠂ ᠦᠢᠯᠡᠳᠪᠦᠷᠢᠯᠡᠯ ᠡᠵᠡᠩᠨᠡᠯᠲᠡ ᠶᠢ ᠨᠢ ᠵᠤᠭᠰᠤᠭᠠᠬᠤ ᠠᠷᠭ᠎ᠠ ᠬᠡᠮᠵᠢᠶ᠎ᠡ ᠠᠪᠴᠤ ᠪᠤᠯᠤᠨ᠎ᠠ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠬᠢᠨᠠᠨ ᠵᠦᠪᠰᠢᠶᠡᠷᠡᠭᠦ ᠡᠷᠬᠡ ᠲᠠᠢ ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠦᠢᠯᠡᠳᠪᠦᠷᠢᠯᠡᠯ ᠡᠵᠡᠩᠨᠡᠯᠲᠡ ᠶᠢ ᠨᠢ ᠵᠠᠷᠯᠢᠭᠳᠠᠨ ᠵᠤᠭᠰᠤᠭᠠᠬᠤ ᠪᠤᠶᠤ ᠪᠢᠳᠡᠬᠦᠮᠵᠢᠯᠡᠨ᠎ᠠ᠃     3᠂ ᠬᠠᠤᠯᠢ ᠶᠢ ᠵᠦᠷᠢᠴᠡᠭᠰᠡᠨ ᠠᠵᠤ ᠠᠬᠤᠢᠢᠯᠠᠯ ᠤᠨ ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ ᠲᠦᠷ ᠬᠤᠷᠢᠬᠤ ᠰᠢᠳᠭᠡᠯ ᠦᠭᠭᠦ ᠪᠠᠷ ᠲᠤᠭᠳᠠᠭᠠᠪᠠ    ᠰᠢᠨ᠎ᠠ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠶᠢᠨ ᠵᠢᠷᠠᠨ ᠭᠤᠷᠪᠠᠳᠤᠭᠠᠷ ᠵᠤᠷᠪᠤᠰ ᠲᠤ᠂ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ ᠪᠠ ᠪᠤᠰᠤᠳ ᠦᠢᠯᠡᠳᠪᠦᠷᠢᠯᠡᠯ ᠡᠵᠡᠩᠨᠡᠭᠴᠢᠳ ᠬᠡᠷᠪᠡ ᠲᠤᠤᠷᠠᠬᠢ ᠠᠵᠢᠯᠯᠠᠭ᠎ᠠ ᠶᠢᠨ ᠨᠢᠭᠡ ᠵᠦᠢᠯ ᠢ ᠭᠠᠷᠭᠠᠵᠤ᠂ ᠬᠠᠷᠠᠬᠠᠨ ᠶᠠᠯ᠎ᠠ ᠪᠤᠯᠵᠤ ᠪᠦᠷᠢᠯᠳᠦᠭᠰᠡᠨ ᠦᠭᠡᠢ ᠪᠠᠶᠢᠳᠠᠯ ᠳᠤ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠰᠢᠳᠭᠡᠯ ᠦᠭᠭᠦ ᠠᠴᠠ ᠭᠠᠳᠠᠨ᠎ᠠ᠂ ᠰᠢᠶᠠᠨ ᠤ ᠲᠡᠰ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠪᠤᠰᠤᠳ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠡᠷᠡᠭ ᠢ ᠲᠤᠲᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠰᠢᠯᠵᠢᠭᠦᠯᠦᠨ ᠦᠭᠴᠤ᠂ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ ᠪᠤᠶᠤ ᠦᠢᠯᠡᠳᠪᠦᠷᠢᠯᠡᠯ ᠤᠨ ᠰᠢᠭᠤᠳ ᠬᠠᠷᠢᠭᠤᠴᠠᠯᠭ᠎ᠠ ᠡᠭᠦᠷᠭᠡᠯᠡᠵᠦ ᠪᠠᠶᠢᠭ᠎ᠠ ᠬᠠᠷᠢᠭᠤᠴᠠᠯᠭᠠᠳᠠᠨ ᠪᠠ ᠪᠤᠰᠤᠳ ᠰᠢᠭᠤᠳ ᠬᠠᠷᠢᠭᠤᠴᠠᠯᠠᠭᠠᠳᠠᠨ ᠳᠤ ᠠᠷᠪᠠᠨ ᠡᠳᠦᠷ ᠠᠴᠠ ᠲᠡᠭᠡᠭᠰᠢ ᠠᠷᠪᠠᠨ ᠲᠠᠪᠤᠨ ᠡᠳᠦᠷ ᠠᠴᠠ ᠲᠤᠷᠤᠭᠰᠢ ᠲᠦᠷ ᠬᠤᠷᠢᠬᠤ ᠰᠢᠳᠬᠡᠯ ᠦᠭᠬᠦᠨ᠎ᠠ︔ ᠦᠢᠯᠡ ᠪᠠᠶᠢᠳᠠᠯ ᠨᠢ ᠬᠠᠷᠢᠴᠠᠩᠭᠤᠢ ᠬᠦᠡᠭᠭᠡᠨ ᠪᠠᠶᠢᠪᠠᠯ᠂ ᠲᠠᠪᠤᠨ ᠡᠳᠦᠷ ᠠᠴᠠ ᠲᠡᠭᠡᠭᠰᠢ ᠠᠷᠪᠠᠨ ᠡᠳᠦᠷ ᠠᠴᠠ ᠲᠤᠷᠤᠭᠰᠢ ᠲᠦᠷ ᠬᠤᠷᠢᠬᠤ ᠰᠢᠳᠬᠡᠯ ᠦᠭᠬᠦᠨ᠎ᠠ︔ ᠨᠢᠭᠡ᠂ ᠪᠦᠲᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠨᠢ ᠤᠷᠴᠢᠨ ᠲᠤᠭᠤᠷᠢᠨ ᠢ ᠨᠦᠯᠦᠭᠡᠯᠡᠬᠦ ᠦᠨᠡᠯᠡᠯᠳᠡ ᠶᠢ ᠬᠠᠤᠯᠢ ᠶᠤᠰᠤᠭᠠᠷ ᠡᠰᠡ ᠬᠢᠯᠬᠡᠭᠰᠡᠨ ᠪᠠᠶᠢᠳᠠᠯ ᠳᠤ᠂ ᠪᠦᠲᠦᠭᠡᠨ ᠪᠠᠶᠢᠭᠤᠯᠬᠤ ᠶᠢ ᠨᠢ ᠵᠠᠷᠯᠢᠭᠳᠠᠨ ᠵᠤᠭᠰᠤᠭᠠᠬᠤ ᠳᠤ᠂ ᠶᠠᠭᠠᠬᠢᠭᠰᠠᠨ ᠴᠤ ᠬᠡᠷᠡᠭᠵᠢᠭᠦᠯᠬᠦ ᠶᠢ ᠲᠡᠪᠴᠢᠭᠰᠡᠨ ᠪᠠᠶᠢᠳᠠᠯ ᠳᠤ︔ ᠬᠤᠶᠠᠷ᠂ ᠬᠠᠤᠯᠢ ᠴᠠᠭᠠᠵᠠ ᠶᠢᠨ ᠲᠤᠭᠳᠠᠭᠠᠯ ᠢ ᠵᠦᠷᠢᠴᠡᠨ᠂ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠵᠦᠪᠰᠢᠶᠡᠷᠡᠯ ᠤᠨ ᠦᠨᠡᠮᠯᠡᠯ ᠡᠰᠡ ᠤᠯᠤᠭᠰᠠᠨ ᠪᠠᠶᠢᠳᠠᠯ ᠳᠤ᠂ ᠪᠤᠬᠢᠷᠳᠤᠯ ᠪᠤᠳᠠᠰ ᠭᠠᠳᠠᠭᠰᠢᠯᠠᠭᠤᠯᠬᠤ ᠶᠢ ᠨᠢ ᠵᠠᠷᠯᠢᠭᠳᠠᠨ ᠵᠤᠭᠰᠤᠭᠠᠬᠤ ᠳᠤ᠂ ᠶᠠᠭᠠᠬᠢᠭᠰᠠᠨ ᠴᠤ ᠬᠡᠷᠡᠭᠵᠢᠭᠦᠯᠬᠦ ᠶᠢ ᠲᠡᠪᠴᠢᠭᠰᠡᠨ ᠪᠠᠶᠢᠳᠠᠯ ᠳᠤ︔ ᠭᠤᠷᠪᠠ᠂ ᠲᠠᠯᠳᠠ ᠬᠤᠭᠤᠯᠠᠢ᠂ ᠰᠤᠬᠤᠷ ᠬᠤᠳᠳᠤᠭ᠂ ᠬᠠᠶᠠᠭᠳᠠᠮᠠᠯ ᠨᠦᠬᠡ᠂ ᠭᠠᠵᠠᠷ ᠲᠤ ᠨᠡᠪᠴᠢᠭᠦᠯᠬᠦ ᠪᠠ ᠭᠠᠳᠠᠭᠰᠢᠯᠠᠭᠤᠯᠬᠤ ᠠᠷᠭ᠎ᠠ ᠵᠠᠮ ᠢᠶᠠᠨ ᠦᠭᠡᠷᠡᠴᠢᠯᠡᠬᠦ᠂ ᠬᠢᠨᠠᠨ ᠪᠠᠶᠢᠴᠠᠭᠠᠭᠰᠠᠨ ᠲᠤᠭ᠎ᠠ ᠬᠡᠮᠵᠢᠭᠳᠡᠯ ᠢᠶᠠᠨ ᠬᠠᠭᠤᠷᠮᠠᠭ ᠢᠶᠠᠷ ᠮᠡᠳᠡᠭᠦᠯᠬᠦ᠂ ᠡᠰᠡᠬᠦᠯ᠎ᠠ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠢ ᠰᠡᠷᠭᠡᠶᠢᠯᠡᠬᠦ ᠲᠦᠬᠦᠭᠡᠷᠦᠮᠵᠢ ᠪᠠᠨ ᠬᠡᠪ ᠤᠨ ᠪᠤᠰᠤ ᠪᠤᠯᠭᠠᠭᠰᠠᠨ ᠵᠡᠷᠭᠡ ᠬᠠᠮᠢᠶᠠᠷᠤᠯᠲᠠ ᠠᠴᠠ ᠵᠠᠶᠢᠯᠠᠰᠬᠢᠭᠰᠠᠨ ᠠᠷᠭ᠎ᠠ ᠪᠠᠷᠢᠯ ᠢᠶᠠᠷ ᠪᠤᠬᠢᠷᠳᠤᠯ ᠪᠤᠳᠠᠰ ᠢ ᠭᠠᠳᠠᠭᠰᠢᠯᠠᠭᠤᠯᠤᠭᠰᠠᠨ ᠪᠠᠶᠢᠳᠠᠯ ᠳᠤ︔ ᠲᠦᠷᠪᠡ᠂ ᠤᠯᠤᠰ ᠠᠴᠠ ᠦᠢᠯᠡᠳᠪᠦᠷᠢᠯᠡᠬᠦ᠂ ᠬᠡᠷᠡᠭᠯᠡᠬᠦ ᠶᠢ ᠳᠤᠳᠤᠷᠬᠠᠢ ᠵᠠᠷᠯᠢᠭᠳᠠᠨ ᠬᠤᠷᠢᠭᠯᠠᠭᠰᠠᠨ ᠲᠠᠷᠢᠶᠠᠨ ᠡᠮ ᠢ ᠦᠢᠯᠡᠳᠪᠦᠷᠢᠯᠡᠬᠦ᠂ ᠬᠡᠷᠡᠭᠯᠡᠭᠰᠡᠨ ᠪᠠᠶᠢᠳᠠᠯ ᠳᠤ ᠂ ᠵᠠᠷᠯᠢᠭᠳᠠᠨ ᠵᠠᠯᠠᠷᠠᠭᠤᠯᠬᠤ ᠳᠤ᠂ ᠵᠠᠯᠠᠷᠠᠭᠤᠯᠬᠤ ᠶᠢ ᠳᠡᠪᠴᠢᠭᠰᠡᠨ ᠪᠠᠶᠢᠳᠠᠯ ᠵᠡᠷᠭᠡ ᠪᠠᠭᠳᠠᠨ᠎ᠠ᠃     4᠂ ᠬᠠᠤᠯᠢ ᠶᠢ ᠵᠦᠷᠢᠴᠡᠭᠰᠡᠨ ᠠᠵᠤ ᠠᠬᠤᠢᠢᠯᠠᠯ ᠳᠠᠬᠢ ᠨᠡᠶᠢᠭᠡᠮ ᠤᠨ ᠢᠳᠡᠬᠡᠯ ᠬᠦᠨᠳᠦ ᠶᠢᠨ ᠬᠢᠨᠠᠨ ᠳᠠᠯᠪᠢᠯᠳᠠ ᠬᠢᠬᠦ ᠶᠢ ᠴᠢᠩᠭᠠᠳᠬᠠᠪᠠ      ᠬᠤᠰᠢᠭᠤ ᠰᠢᠶᠠᠨ ᠤ ᠲᠡᠰ ᠠᠴᠠ ᠲᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠪᠤᠰᠤᠳ ᠤᠷᠴᠢᠨ ᠲᠤᠭᠤᠷᠢᠨ ᠢ ᠬᠠᠮᠠᠭᠠᠯᠠᠬᠤ ᠬᠢᠨᠠᠨ ᠬᠠᠮᠢᠶᠠᠷᠬᠤ ᠳᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠦᠴᠢᠷ ᠨᠢ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ ᠪᠠ ᠪᠤᠰᠤᠳ ᠦᠢᠯᠡᠳᠪᠦᠷᠢᠯᠡᠯ ᠡᠵᠡᠩᠨᠡᠭᠴᠢᠳ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠶᠢ ᠵᠦᠷᠢᠴᠡᠭᠰᠡᠨ ᠲᠤᠭ᠎ᠠ ᠪᠠᠷᠢᠮᠲᠠ ᠶᠢ ᠨᠡᠶᠢᠭᠡᠮ ᠤᠨ ᠢᠳᠡᠬᠡᠯ ᠬᠦᠨᠳᠦ ᠶᠢᠨ ᠲᠠᠩᠰᠠ ᠡᠪᠬᠡᠮᠡᠯ ᠳᠤ ᠤᠷᠤᠭᠤᠯᠵᠤ᠂ ᠬᠠᠤᠯᠢ ᠶᠢ ᠵᠦᠷᠢᠴᠡᠭᠰᠡᠳ ᠤᠨ ᠨᠡᠷᠡᠰ ᠤᠨ ᠪᠦᠷᠢᠳᠭᠡᠯ ᠢ ᠪᠦᠬᠦ ᠨᠡᠶᠢᠭᠡᠮ ᠨᠡᠶᠢᠲᠡ ᠳᠤ ᠵᠠᠷᠯᠠᠬᠤ ᠶᠤᠰᠤᠳᠠᠢ᠃ ᠰᠢᠨ᠎ᠠ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠶᠢᠨ ᠵᠢᠷᠠᠨ ᠬᠤᠶᠠᠳᠤᠭᠠᠷ ᠵᠤᠷᠪᠤᠰ ᠲᠤ᠂ ᠲᠤᠰ ᠬᠠᠤᠯᠢ ᠴᠠᠭᠠᠵᠠ ᠶᠢᠨ ᠲᠤᠭᠳᠠᠭᠠᠯ ᠢ ᠵᠦᠷᠢᠴᠡᠭᠰᠡᠨ ᠭᠤᠤᠯᠯᠠᠨ ᠬᠠᠮᠢᠶᠠᠷᠬᠤ ᠪᠠᠶᠢᠭᠤᠯᠤᠯᠭ᠎ᠠ ᠨᠢᠭᠡᠴᠡ ᠶᠢ ᠡᠰᠡ ᠵᠠᠷᠯᠠᠬᠤ ᠪᠤᠶᠤ ᠵᠠᠷᠯᠠᠨ ᠮᠡᠳᠡᠭᠳᠡᠭᠰᠡᠨ ᠪᠠᠶᠢᠳᠠᠯ ᠨᠢ ᠬᠤᠳᠠᠯ ᠬᠠᠭᠤᠷᠮᠠᠭ ᠪᠠᠶᠢᠳᠠᠯ ᠢ ᠰᠢᠶᠠᠨ ᠤ ᠲᠡᠰ ᠠᠴᠠ ᠲᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠵᠠᠷᠯᠠᠯ ᠭᠠᠷᠭᠠᠯᠭᠠᠵᠤ᠂ ᠵᠤᠭᠤᠰ ᠢᠶᠠᠷ ᠲᠤᠷᠭᠠᠬᠤ ᠮᠦᠷᠳᠡᠭᠡᠨ ᠨᠡᠶᠢᠭᠡᠮ ᠨᠡᠶᠢᠲᠡ ᠳᠤ ᠢᠯᠡ ᠪᠠᠷ ᠨᠡᠶᠢᠳᠡᠯᠡᠭᠦᠯᠬᠦ ᠬᠡᠷᠡᠭᠳᠡᠢ᠃ ᠢᠳᠡᠭᠡᠯ ᠬᠦᠨᠳᠤ ᠶᠢᠨ ᠲᠠᠩᠰᠠ ᠡᠪᠬᠡᠮᠡᠯ ᠪᠠᠶᠢᠭᠤᠯᠤᠨ᠂ ᠠᠵᠤ ᠠᠬᠤᠢᠢᠯᠠᠯ ᠤᠨ ᠬᠠᠤᠯᠢ ᠲᠦᠷᠢᠮ ᠢ ᠵᠦᠷᠢᠴᠡᠭᠰᠡᠨ ᠠᠴᠠ ᠪᠤᠢ ᠪᠤᠯᠭᠠᠭᠰᠠᠨ ᠤᠷᠴᠢᠨ ᠲᠤᠭᠤᠷᠢᠨ ᠤ ᠲᠦᠭᠰᠢᠭᠦᠷᠢ ᠶᠢ ᠬᠤᠪᠢᠷᠠᠭᠤᠯᠤᠭᠠᠳ ᠬᠤᠳᠠᠯᠳᠤᠭᠠᠨ ᠤ ᠲᠦᠭᠰᠢᠭᠦᠷᠢ ᠪᠤᠯᠭᠠᠵᠤ᠂ ᠠᠵᠤ ᠠᠬᠤᠢᠢᠯᠠᠯ ᠤᠨ ᠠᠵᠢᠯᠯᠠᠭᠠᠨ ᠤ ᠪᠠᠶᠢᠳᠠᠯ ᠢ ᠡᠯ᠎ᠠ ᠠᠳᠠᠯᠢ ᠪᠤᠰᠤ ᠠᠵᠤ ᠠᠬᠤᠢᠢᠯᠠᠯ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠮᠡᠳᠡᠭᠳᠡᠵᠦ᠂ ᠡᠭᠦᠨ ᠤ ᠤᠯᠠᠮ ᠠᠴᠠ ᠨᠢᠭᠡ ᠵᠦᠢᠯ ᠤᠨ ᠰᠢᠨ᠎ᠠ ᠲᠤᠭᠳᠠᠴᠠ ᠶᠢ ᠪᠦᠷᠢᠯᠳᠦᠭᠦᠯᠵᠦ᠂ ᠢᠳᠡᠬᠡᠯ ᠢ ᠪᠠᠷᠢᠮᠳᠠᠯᠠᠭᠰᠠᠨ ᠠᠵᠤ ᠠᠬᠤᠢᠢᠯᠠᠯ ᠢ ᠱᠠᠩᠨᠠᠨ ᠬᠦᠬᠢᠭᠦᠯᠵᠦ᠂ ᠢᠳᠡᠬᠡᠯ ᠢ ᠲᠡᠷᠡᠰᠯᠡᠭᠰᠡᠨ ᠠᠵᠤ ᠠᠬᠤᠢᠢᠯᠠᠯ ᠨᠢ ᠬᠢᠵᠠᠭᠠᠷᠯᠠᠯ ᠬᠦᠯᠢᠶᠡᠰᠦᠯᠡᠯ ᠳᠤ ᠤᠴᠠᠷᠠᠬᠤ ᠪᠤᠯᠤᠨ᠎ᠠ᠃ ᠠᠵᠤ ᠠᠬᠤᠢᠢᠯᠠᠯ ᠨᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠦᠷᠢᠶ᠎ᠡ ᠴᠡᠷᠠᠭ᠎ᠠ ᠳᠤ ᠬᠠᠤᠯᠢ ᠶᠢ ᠵᠦᠷᠢᠴᠡᠪᠡᠯ᠂ ᠬᠢᠵᠠᠭᠠᠷᠯᠠᠯ ᠳᠤ ᠤᠴᠠᠷᠠᠵᠤ᠂ ᠨᠡᠶᠢᠭᠡᠮ ᠤᠨ ᠡᠯ᠎ᠠ ᠰᠠᠯᠠᠭ᠎ᠠ ᠮᠦᠴᠢᠷ ᠬᠠᠮᠲᠤᠪᠡᠷ ᠬᠢᠨᠠᠯᠲᠠ ᠲᠠᠯᠪᠢᠵᠤ᠂ ᠡᠴᠦᠰ ᠲᠤᠨᠢ ᠤᠯᠠᠨ ᠡᠰᠢᠵᠢᠯᠡᠭᠰᠡᠨ ᠬᠠᠮᠳᠤᠷᠠᠭᠰᠠᠨ ᠬᠢᠵᠠᠭᠠᠷᠯᠠᠬᠤ ᠲᠤᠭᠳᠠᠴᠠ ᠶᠢ ᠪᠦᠷᠢᠯᠳᠦᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号