ᠣᠯᠠᠭᠠᠨᠬᠠᠳᠠ ᠬᠤᠲᠠ ᠶᠢᠨ ᠳᠤᠲᠦᠭᠠᠳᠤ ᠶᠢ ᠬᠠᠮᠠᠭᠠᠯᠠᠬᠤ ᠲᠣᠪᠴᠢᠶ᠎ᠠ ᠣᠷᠣᠰᠢᠨ ᠰᠠᠭᠤᠬᠤ ᠵᠦᠪᠰᠢᠶᠠᠷᠠᠯ ᠤᠨ ᠦᠨᠡᠮᠯᠡᠯ ᠢ ᠬᠡᠷᠡᠭᠵᠢᠭᠦᠯᠬᠦ ᠰᠣᠨᠢᠨ ᠮᠡᠳᠡᠭᠡ ᠨᠡᠶᠢᠳᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2017/6/14
   ᠤᠶᠢᠷ᠎ᠠ ᠳᠤ᠂ ᠬᠤᠲᠠ ᠶᠢᠨ ᠳᠣᠲᠣᠭᠠᠳᠣ ᠶᠢ ᠬᠠᠮᠠᠭᠠᠯᠠᠬᠤ ᠳᠤᠪᠴᠢᠶ᠎ᠠ ᠣᠷᠣᠰᠢᠨ ᠰᠠᠭᠤᠬᠤ ᠵᠥᠪᠰᠢᠶᠡᠷᠡᠯ ᠤᠨ ᠦᠨᠡᠮᠯᠡᠯ ᠢ ᠬᠡᠷᠡᠭᠵᠢᠭᠦᠯᠬᠦ ᠳᠦᠷᠢᠮ ᠵᠢᠴᠢ ᠣᠯᠠᠭᠠᠨᠬᠠᠳᠠ ᠬᠤᠲᠠ ᠶᠢᠨ ᠠᠩᠬᠠᠳᠣᠭᠠᠷ ᠪᠦᠯᠦᠭ ᠤᠨ ᠣᠷᠣᠰᠢᠨ ᠰᠠᠭᠤᠬᠤ ᠦᠨᠡᠮᠯᠡᠯ ᠢ ᠲᠠᠷᠬᠠᠭᠠᠬᠤ ᠶᠤᠰᠤᠯᠠᠯ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠢ ᠡᠷᠬᠢᠯᠡᠪᠠ᠃ ᠰᠤᠨᠢᠨ ᠮᠡᠳᠡᠭᠡ ᠨᠡᠶᠢᠳᠡᠯᠡᠬᠦ ᠬᠤᠷᠠᠯ ᠳᠡᠭᠡᠷ᠎ᠡ᠂ ᠬᠤᠲᠠ ᠶᠢᠨ ᠳᠤᠲᠤᠭᠠᠳᠤ ᠶᠢ ᠬᠠᠮᠠᠭᠠᠯᠠᠬᠤ ᠲᠤᠪᠴᠢᠶᠠᠨ ᠤ ᠠᠮᠤᠷ ᠢ ᠬᠠᠮᠠᠭᠠᠯᠠᠬᠤ ᠰᠠᠯᠠᠪᠣᠷ ᠠᠩᠭᠢ ᠶᠢᠨ ᠬᠠᠷᠢᠭᠤᠴᠠᠯᠭᠠᠲᠠᠨ ᠠᠴᠠ ᠮᠠᠨ‌‍ᠤ ᠬᠤᠲᠠ ᠶᠢᠨ ᠣᠷᠣᠰᠢᠨ ᠰᠠᠭᠤᠬᠤ ᠵᠦᠪᠰᠢᠶᠠᠷᠠᠯ ᠤᠨ ᠦᠨᠡᠮᠯᠡᠯ ᠢ ᠬᠡᠷᠡᠭᠵᠢᠭᠦᠯᠬᠦ ᠳᠦᠷᠢᠮ ᠤᠨ ᠶᠡᠷᠦᠩᠬᠡᠢ ᠪᠠᠶᠢᠳᠠᠯ ᠢ ᠲᠠᠨᠢᠯᠴᠠᠭᠤᠯᠵᠣ᠂ ᠬᠤᠲᠠ ᠶᠢᠨ ᠳᠤᠳᠣᠭᠠᠳᠣ ᠶᠢ ᠬᠠᠮᠠᠭᠠᠯᠠᠬᠤ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠮᠠᠨ ᠤ ᠬᠤᠲᠠ ᠶᠢᠨ ᠠᠷᠠᠳ ᠲᠤ ᠠᠩᠬᠠᠳᠣᠭᠠᠷ ᠪᠦᠯᠦᠭ ᠤᠨ ᠣᠷᠣᠰᠢᠨ ᠰᠠᠭᠤᠬᠤ ᠵᠦᠪᠰᠢᠶᠡᠷᠡᠯ ᠤᠨ ᠦᠨᠡᠮᠯᠡᠯ ᠪᠠ ᠳᠣᠷᠠᠰᠬᠠᠯ ᠤᠨ ᠦᠨᠡᠮᠯᠡᠯ ᠭᠠᠷᠳᠠᠭᠤᠯᠣᠭᠰᠠᠨ ᠪᠠᠶᠢᠨ᠎ᠠ᠃    ᠤᠶᠢᠯᠭᠠᠭᠰᠠᠨ ᠢᠶᠠᠷ᠂ 5 ᠰᠠᠷ᠎ᠠ ᠶᠢᠨ12 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠲᠠᠪᠦᠳᠣᠭᠠᠷ ᠣᠳᠠᠭᠠᠨ ᠤ ᠪᠠᠶᠢᠩᠭᠤ ᠶᠢᠨ ᠬᠤᠷᠠᠯ ᠠᠴᠠ《 ᠣᠯᠠᠭᠠᠨᠬᠠᠳᠠ ᠬᠤᠲᠠ ᠶᠢᠨ ᠤᠷᠣᠰᠢᠨ ᠰᠠᠭᠤᠬᠤ ᠵᠦᠪᠰᠢᠶᠠᠷᠡᠯ ᠤᠨ ᠦᠨᠡᠮᠯᠡᠯ ᠤᠨ ᠬᠠᠮᠢᠶᠠᠷᠣᠯᠲᠠ ᠶᠢᠨ ᠠᠷᠭ᠎ᠠ》 ᠶᠢ ᠵᠦᠪᠰᠢᠶᠡᠷᠡᠭᠰᠡᠨ ᠪᠠᠶᠢᠨ᠎ᠠ᠃
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号