ᠠᠷᠠᠳ ᠤᠨ ᠶᠠᠪᠤᠳᠠᠯ ᠤᠨ ᠶᠠᠮᠤᠨ᠄ ᠲᠦᠷᠪᠡᠨ ᠵᠦᠢᠯ ᠤᠨ ᠠᠷᠭ᠎ᠠ ᠬᠡᠮᠵᠢᠶ᠎ᠠ ᠪᠠᠷ  ︽ᠲᠤᠰᠬᠤᠨ ᠤ ᠡᠵᠡᠷᠭᠡᠭᠴᠢ︾ ᠪᠤᠯᠤᠨ ᠤᠪᠤᠬ ᠲᠦᠷᠤᠯ ᠤᠨ ᠬᠠᠷᠬᠢᠰ ᠬᠥᠴᠤᠨ ᠢ ᠰᠡᠷᠭᠡᠶᠢᠯᠡᠨ ᠵᠠᠯᠬᠠᠭᠠᠨ᠎ᠠ
ᠨᠡᠶᠢᠲᠡᠯᠡᠭᠰᠡᠨ ᠴᠠᠭ᠄
2017/6/15
      ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 13 ᠤ ᠡᠳᠤᠷ ᠤᠨ ᠮᠡᠳᠡᠭᠡ  ︵ᠰᠤᠷᠪᠤᠯᠵᠢᠯᠠᠭᠴᠢ  ᠯᠦᠸᠧ ᠵᠧᠩ ᠭᠤᠸᠠᠩ︶ ᠠᠷᠠᠳ ᠤᠨ ᠶᠠᠪᠤᠳᠠᠯ ᠤᠨ ᠶᠠᠮᠤᠨ ᠤ ᠲᠡᠳ᠋ ᠰᠠᠶᠢᠳ ᠬᠦ᠋ ᠴᠤᠤ ᠰᠢ  13 ᠤ ᠡᠳᠤᠷ ᠰᠤᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠠ ᠢᠯᠡᠷᠭᠡᠶᠢᠯᠡᠬᠦ ᠳᠡᠭᠡᠨ᠂  ᠦᠢᠷ᠎ᠠ ᠶᠢᠨ ᠵᠢᠯ ᠳᠤ ᠵᠠᠷᠢᠮ ᠭᠠᠵᠠᠷ ᠤᠷᠤᠨ ᠤ  ︽ᠲᠤᠰᠬᠤᠨ ᠤ ᠡᠵᠡᠷᠭᠡᠭᠴᠢ︾ ᠪᠤᠯᠤᠨ ᠤᠪᠤᠭ ᠲᠦᠷᠤᠯ ᠤᠨ ᠬᠠᠷᠬᠢᠰ ᠬᠥᠴᠤᠨ ᠠᠶᠢᠯ ᠲᠤᠰᠬᠤᠨ  ᠳᠠᠭᠠᠨ ᠬᠡᠷᠴᠡᠭᠡᠶᠢᠯᠡᠨ ᠠᠭᠠᠰᠢᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠳᠤ ᠴᠢᠭᠯᠡᠬᠦᠯᠤᠨ᠂ ᠠᠷᠠᠳ ᠤᠨ ᠶᠠᠪᠤᠳᠠᠯ ᠤᠨ ᠶᠠᠮᠤᠨ ᠤᠯᠠᠨ ᠰᠠᠯᠠᠭ᠎ᠠ ᠮᠦᠴᠢᠷ ᠲᠠᠢ ᠬᠤᠯᠪᠤᠭᠠᠯᠠᠨ ᠴᠤᠭᠭᠠᠷ ᠠᠳᠬᠤᠵᠤ ᠬᠠᠮᠳᠤᠪᠠᠷ ᠬᠠᠮᠢᠶᠠᠷᠴᠤ᠂ ᠨᠡᠶᠢᠯᠡᠮᠡᠯ ᠬᠥᠴᠤᠨ ᠢ ᠪᠤᠢ ᠪᠤᠯᠭᠠᠨ᠂ ᠲᠦᠷᠪᠡᠨ ᠵᠦᠢᠯ ᠤᠨ ᠠᠷᠭ᠎ᠠ ᠬᠡᠮᠵᠢᠶ᠎ᠠ ᠪᠠᠷ ︽ᠲᠤᠰᠬᠤᠨ ᠤ ᠡᠵᠡᠷᠭᠡᠭᠴᠢ︾ ᠪᠤᠯᠤᠨ ᠤᠪᠤᠬ ᠲᠦᠷᠤᠯ ᠤᠨ ᠬᠠᠷᠬᠢᠰ ᠬᠥᠴᠤᠨ ᠢ ᠰᠡᠷᠭᠡᠶᠢᠯᠡᠨ ᠵᠠᠯᠬᠠᠭᠠᠨ᠎ᠠ ᠭᠡᠵᠠᠢ᠃       ᠬᠥ᠋ ᠴᠤᠤ ᠰᠢ ᠢᠯᠡᠷᠭᠡᠶᠢᠯᠡᠬᠦ ᠳᠡᠭᠡᠨ᠂  ︽ᠲᠤᠰᠬᠤᠨ ᠤ ᠡᠵᠡᠷᠭᠡᠭᠴᠢ︾  ᠪᠤᠯᠤᠨ ᠤᠪᠤᠬ ᠲᠦᠷᠤᠯ ᠤᠨ ᠬᠠᠷᠬᠢᠰ ᠬᠥᠴᠤᠨ ᠤ ᠠᠰᠠᠭᠤᠳᠠᠯ ᠢ ᠰᠢᠢᠳᠪᠤᠷᠢᠯᠡᠬᠦ ᠳᠤ ᠡᠯ᠎ᠠ ᠱᠠᠳᠤ ᠡᠯ᠎ᠠ ᠰᠠᠯᠠᠭ᠎ᠠ ᠮᠦᠴᠢᠷ ᠳᠤᠰ ᠳᠤᠰ ᠤᠨ ᠬᠠᠷᠢᠭᠤᠴᠠᠯᠭ᠎ᠠ ᠪᠠᠨ ᠭᠦᠢᠴᠡᠳᠭᠡᠨ᠂ ᠴᠤᠭᠭᠠᠷ ᠠᠳᠬᠤᠵᠤ ᠬᠠᠮᠳᠤᠪᠠᠷ ᠬᠠᠮᠢᠶᠠᠷᠴᠤ᠂ ᠨᠡᠶᠢᠯᠡᠮᠠᠯ ᠬᠥᠴᠤᠨ ᠢ ᠪᠤᠢ ᠪᠤᠯᠭᠠᠬᠤ ᠴᠢᠬᠤᠯᠠᠳᠠᠢ  ᠶᠤᠮ᠃ ᠲᠦᠷᠤᠬᠦᠭᠡᠨ ᠲᠠᠷᠤᠮᠠᠯᠯᠠᠨ ᠲᠠᠷᠬᠠᠭᠠᠭᠰᠠᠨ ︽ᠬᠤᠳᠠ ᠬᠥᠳᠡᠭᠡ ᠨᠡᠶᠢᠭᠡᠮ ᠲᠤᠭᠤᠷᠢᠬ ᠤᠨ ᠵᠠᠰᠠᠯᠳᠠ ᠶᠢ ᠴᠢᠩᠭᠠᠳᠬᠠᠨ ᠲᠡᠬᠦᠯᠳᠡᠷᠵᠢᠬᠦᠯᠬᠦ ᠲᠤᠬᠠᠢ ᠲᠤᠮᠳᠠᠳᠤ ᠤᠯᠤᠰ ᠤᠨ  ᠡᠪ  ᠬᠠᠮᠳᠤ ᠨᠠᠮ ᠤᠨ ᠲᠦᠪ ᠬᠤᠷᠢᠶ᠎ᠠ ᠲᠦᠷᠤ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠵᠤᠷᠢᠬ ᠰᠠᠨᠠᠭ᠎ᠠ ᠶᠢ ᠠᠷᠠᠳ ᠤᠨ ᠶᠠᠪᠤᠳᠠᠯ ᠤᠨ ᠶᠠᠮᠤᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠦᠴᠢᠷ ᠬᠠᠪᠰᠤᠷᠤᠯᠴᠠᠬᠤ᠂ ᠤᠯᠠᠨ ᠲᠠᠯ᠎ᠠ ᠪᠠᠷ ᠬᠠᠮᠵᠢᠯᠴᠠᠬᠤ  ᠪᠠ ᠦᠡᠭᠭᠡᠨ ᠲᠠᠯ᠎ᠠ ᠪᠠ ᠦᠨᠳᠤᠰᠤ ᠰᠤᠷᠪᠤᠯᠵᠢ ᠶᠢ ᠵᠡᠷᠭᠡ ᠪᠠᠷ ᠵᠠᠰᠠᠬᠤ᠂ ᠴᠤᠬᠢᠯᠳᠠ ᠦᠭᠬᠦ ᠪᠠ ᠰᠡᠷᠭᠡᠶᠢᠯᠡᠬᠦ ᠶᠢ ᠵᠡᠷᠭᠡ ᠪᠠᠷ ᠠᠳᠬᠤᠬᠤ ᠠᠵᠢᠯ ᠤᠨ ᠰᠡᠳᠬᠢᠮᠵᠢ ᠶᠢ ᠪᠠᠷᠢᠮᠳᠠᠯᠠᠨ᠂ ᠬᠥᠳᠡᠭᠡ ᠲᠤᠰᠬᠤᠨ ᠨᠡᠶᠢᠭᠡᠮ ᠲᠤᠭᠤᠷᠢᠬ ᠤᠨ ᠵᠠᠰᠠᠯᠳᠠ ᠶᠢ ᠴᠢᠩᠭᠠᠳᠬᠠᠨ ᠲᠡᠬᠦᠯᠳᠡᠷᠵᠢᠬᠦᠯᠬᠦ ᠲᠤᠮᠳᠠ ︽ᠲᠤᠰᠬᠤᠨ ᠤ ᠡᠵᠡᠷᠭᠡᠭᠴᠢ︾ ᠪᠤᠯᠤᠨ ᠤᠪᠤᠬ ᠲᠦᠷᠤᠯ ᠤᠨ ᠬᠠᠷᠬᠢᠰ  ᠬᠥᠴᠤᠨ ᠢ  ᠪᠦᠳᠤᠮᠵᠢᠳᠠᠢ ᠰᠡᠷᠭᠡᠶᠢᠯᠡᠬᠦ ᠪᠠ ᠵᠠᠯᠬᠠᠭᠠᠨ ᠰᠢᠳᠭᠡᠨ᠎ᠠ᠃ ᠡᠬᠦᠨ  ᠳᠤ ᠲᠤᠤᠷᠡᠬᠢ ᠲᠦᠷᠪᠡᠨ ᠵᠦᠢᠯ ᠤᠨ ᠪᠤᠳᠠᠳᠠᠢ ᠠᠷᠭ᠎ᠠ ᠭᠡᠮᠵᠢᠶ᠎ᠠ ᠶᠢ ᠠᠪᠤᠨ᠎ᠠ᠄  ᠨᠢᠭᠡ ᠳᠤ ᠭᠠᠴᠠᠭᠠᠨ ᠤ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠳᠠᠬᠢ ᠵᠢᠯᠤᠭᠤᠳᠤᠯᠭ᠎ᠠ ᠬᠢᠨᠠᠯᠳᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠤᠶᠠᠷ ᠲᠤ ᠭᠠᠴᠠᠭᠠᠨ ᠤ ᠠᠷᠠᠳ ᠤᠨ ᠵᠦᠪᠯᠡᠯ ᠤᠨ ᠵᠢᠷᠤᠮᠵᠢᠭᠤᠯᠤᠯᠳᠡ ᠶᠢᠨ ᠪᠠᠶᠢᠭᠤᠯᠤᠯᠳᠡ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠭᠤᠷᠪᠠ ᠳᠤ ᠭᠠᠴᠠᠭᠠᠨ ᠤ ᠡᠳ᠋ ᠬᠥᠷᠤᠩᠭᠡ ᠶᠢᠨ ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠲᠦᠷᠪᠡ ᠳᠤ ᠬᠥᠳᠡᠭᠡ ᠲᠤᠰᠬᠤᠨ ᠨᠡᠶᠢᠭᠡᠮ ᠲᠤᠭᠤᠷᠢᠬ ᠤᠨ ᠵᠠᠰᠠᠯᠳᠠ ᠶᠢᠨ ᠲᠤᠬᠳᠠᠴᠠ ᠶᠢᠨ ᠲᠠᠯ᠎ᠠ ᠪᠠᠷ ᠰᠢᠨ᠎ᠠ ᠶᠢ ᠡᠬᠦᠳᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号