ᠮᠠᠨ ᠤ ᠣᠯᠣᠰ ᠤᠨ ᠨᠡᠶᠢᠭᠡᠮ ᠤᠨ  ᠪᠠᠲᠣᠯᠠᠭ᠎ᠠ ᠶᠢᠨ ᠺᠠᠷᠲ ᠭᠠᠷᠳᠠᠭᠰᠠᠳ 10 ᠳ᠋ᠦᠩᠰᠢᠭᠤᠷ ᠬᠦᠷᠴᠠᠢ
ᠨᠡᠶᠢᠲᠡᠯᠡᠭᠰᠡᠨ ᠴᠠᠭ᠄
2017/6/16
    ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠮᠡᠳᠡᠭᠡ ᠵᠠᠩᠭᠢ ᠶᠢᠨ ᠲᠦᠪ ᠤᠨ ᠬᠠᠷᠢᠭᠠᠴᠠᠭᠠᠯᠲᠠᠨ ᠤ ᠲᠠᠨᠢᠯᠴᠠᠭᠤᠯᠬᠤ ᠪᠠᠷ᠂ ᠮᠠᠨ ᠤ ᠣᠯᠣᠰ ᠤᠨ ᠠᠩᠬᠠᠳᠣᠭᠠᠷ ᠬᠤᠪᠢ ᠨᠡᠶᠢᠭᠡᠮ ᠤᠨ ᠪᠠᠳᠣᠯᠠᠭ᠎ᠠ ᠶᠢᠨ ᠺᠠᠷᠲ ᠢ 1999 ᠣᠨ ᠳᠤ ᠱᠠᠩᠬᠠᠢ  ᠳᠤ  ᠲᠠᠷᠬᠠᠭᠠᠵᠣ᠂ ᠤᠳᠤᠬᠠᠨ ᠳᠤ ᠪᠦᠬᠦ ᠤᠯᠣᠰ ᠤᠨ 75℅ ᠠᠴᠠ  ᠳᠡᠭᠡᠭᠰᠢᠬᠢ ᠬᠦᠮᠦᠨ ᠠᠮᠠ ᠨᠡᠶᠢᠭᠡᠮ ᠤᠨ ᠪᠠᠲᠣᠯᠠᠭ᠎ᠠ ᠶᠢᠨ ᠺᠠᠷᠲ ᠲᠠᠢ ᠪᠤᠯᠵᠣ᠂ ᠣᠯᠣᠰ ᠤᠨ《13.5》 ᠶᠢᠨ ᠲᠦᠯᠦᠪᠵᠢᠭᠦᠯᠭᠡ ᠳᠠᠬᠢ《 90℅ ᠤᠨ ᠬᠦᠮᠦᠨ ᠠᠮᠠ ᠶᠢ ᠪᠦᠷᠬᠦᠭᠦᠯᠬᠦ》ᠬᠠᠷᠠᠯᠲᠠ ᠥᠭᠡᠳᠡ ᠪᠠᠰᠠ ᠨᠢᠭᠡ ᠠᠯᠬᠤᠮ ᠳᠠᠪᠰᠢᠵᠠᠢ᠃     ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠬᠠᠶᠢᠯᠠᠭᠰᠠᠨ ᠠᠵᠢᠯ ᠲᠦᠷᠦᠯ ᠤᠨ ᠬᠦᠷᠢᠶ᠎ᠡ ᠴᠠᠷᠠᠭ᠎ᠠ ᠳᠠᠬᠢ102 ᠲᠦᠷᠦᠯ ᠤᠨ ᠺᠠᠷᠲ ᠤᠨ ᠨᠡᠶᠢᠳᠡᠯᠢᠭ ᠬᠡᠷᠡᠭᠯᠡᠭᠡᠨ ᠢ ᠪᠦᠬᠦ ᠣᠯᠣᠰ ᠲᠤ ᠳᠣᠮᠳᠠᠴᠢ ᠪᠠᠷ 80℅ ᠢ ᠨᠡᠭᠡᠭᠡᠨ ᠬᠡᠷᠡᠭᠯᠡᠵᠦ᠂ ᠵᠢᠱᠢᠯᠲᠡ ᠳᠤ ᠡᠨᠡ ᠵᠢᠯ ᠤᠨ ᠵᠢᠯ ᠤᠨ ᠡᠴᠦᠰ ᠲᠤ ᠪᠦᠬᠦᠨ ᠢ ᠨᠡᠭᠡᠭᠡᠨ ᠬᠡᠷᠡᠭᠯᠡᠬᠦ ᠪᠤᠯᠣᠨ᠎ᠠ᠃ ᠤᠳᠤᠬᠠᠨ ᠳᠤ ᠪᠦᠬᠦ ᠣᠯᠣᠰ ᠤᠨ 90℅ ᠠᠴᠠ ᠳᠡᠭᠡᠭᠰᠢᠬᠢ ᠬᠤᠲᠠ ︵ ᠲᠣᠰᠬᠠᠢ ᠤᠷᠤᠨ︶ ᠡᠮᠨᠡᠯᠭᠡ ᠶᠢᠨ ᠰᠦᠢᠳᠭᠡᠯ ᠢ ᠺᠠᠷᠲ ᠢᠶᠠᠷ ᠴᠠᠭ ᠳᠣᠬᠠᠢ ᠳᠤᠨᠢ ᠳ᠋ᠦᠩᠨᠡᠨ ᠪᠤᠳᠣᠬᠤ ᠶᠢ ᠪᠡᠶᠠᠯᠡᠭᠦᠯᠵᠣ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠶᠠᠮᠣᠨ ᠮᠤᠵᠢ‌ᠠᠯᠣᠰᠯᠠᠨ ᠤᠨᠳᠤᠤ ᠭᠠᠵᠠᠷ ᠡᠮᠨᠡᠯᠭᠡ ᠤᠨ ᠬᠤᠷᠢᠶᠠᠨ ᠳᠤ ᠰᠠᠭᠤᠬᠤ ᠰᠦᠢᠳᠭᠡᠯ ᠢ ᠴᠠᠭ ᠲᠣᠬᠠᠢ ᠳᠤᠨᠢ ᠳ᠋ᠦᠩᠨᠡᠨ ᠪᠤᠳᠣᠬᠤ ᠠᠵᠢᠯ ᠢ ᠳᠤᠭᠲᠠᠭᠤᠨ ᠢᠶᠠᠷ ᠠᠬᠢᠭᠤᠯᠵᠣ ᠪᠠᠶᠢᠨ᠎ᠠ᠃                                                 ᠠᠷᠠᠳ ᠤᠨ ᠡᠳᠦᠷ ᠤᠨ ᠰᠤᠨᠢᠨ ᠠᠴᠠ
 
ᠢᠷᠡᠯᠲᠡ᠄ ᠠᠷᠠᠳ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号