ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠪᠦᠸᠧ ᠮᠠᠨ ᠤ ᠬᠤᠳᠠ ᠳᠤ ᠢᠷᠡᠵᠦ  ᠪᠠᠶᠢᠴᠠᠭᠠᠨ ᠰᠤᠳᠤᠯᠤᠯᠳᠡ ᠭᠢᠪᠡ
ᠨᠡᠶᠢᠲᠡᠯᠡᠭᠰᠡᠨ ᠴᠠᠭ᠄
2017/6/16
   6 ᠰᠠᠷ ᠎ᠠ ᠶᠢᠨ 12 ᠤᠨ ᠡᠳᠦᠷ ᠠᠴᠠ 13 ᠤ ᠡᠳᠦᠷ ᠪᠤᠯᠳᠡᠯ᠎ᠠ᠂ ᠦᠪᠡᠷᠳᠡᠭᠡᠨ ᠵᠠᠰᠠᠬᠤ ᠤᠷᠤᠨ ᠤ ᠲᠡᠳ᠋  ᠲᠡᠷᠢᠬᠦᠯᠡᠭᠴᠢ ᠸᠠᠩ ᠪᠦᠸᠧ᠂ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠡ ᠬᠤᠳᠡ ᠭᠦᠳᠡᠭᠡ ᠶᠢᠨ  ᠪᠦᠳᠦᠬᠡᠨ ᠪᠠᠶᠢᠭᠤᠯᠤᠯᠳᠠ ᠶᠢᠨ ᠲᠢᠩᠭᠢᠮ ᠤᠨ ᠲᠠᠷᠤᠭ᠎ᠠ ᠵᠠᠩ ᠯᠧᠢ ᠮᠠᠨ ᠤ ᠬᠤᠳᠠ ᠶᠢᠨ ᠬᠤᠩ ᠱᠠᠨ ᠲᠤᠭᠤᠷᠢᠭ᠂  ᠰᠦᠩ ᠱᠠᠨ ᠲᠤᠭᠤᠷᠢᠭ᠂ ᠤᠩᠨᠢᠭᠤᠳ ᠬᠤᠰᠢᠭᠤᠨ ᠳᠤ ᠬᠦᠨᠵᠡᠬᠡᠶᠢᠷᠡᠵᠦ ᠪᠠᠶᠢᠴᠠᠭᠠᠨ ᠰᠤᠳᠤᠯᠤᠯᠳᠠ ᠬᠢᠪᠡ᠃  ᠬᠤᠳᠠ ᠶᠢᠨ ᠤᠳᠤᠷᠢᠳᠤᠯᠭ᠎ᠠ ᠮᠧᠩ ᠰᠢᠶᠠᠨ ᠳ᠋ᠦᠩ᠂ ᠯᠢᠦ ᠸᠠᠨ ᠬᠤ᠋᠂ ᠵᠠᠩ ᠬᠤᠧᠠ᠂ ᠢᠤᠢ ᠸᠧᠨ ᠲᠤᠤ  ᠪᠠᠶᠢᠴᠠᠭᠠᠨ ᠰᠤᠳᠤᠯᠤᠯᠳᠡ ᠳᠤ ᠪᠠᠷ᠎ᠠ ᠪᠤᠯᠤᠯᠴᠠᠪᠠ᠃     ᠸᠠᠩ ᠪᠦᠸᠧ ᠨᠠᠷ ᠭᠤᠤᠯ ᠬᠤᠳᠠ ᠲᠤᠭᠤᠷᠢᠭ ᠤᠨ ᠶᠡᠷᠦᠩᠬᠡᠶᠢᠯᠡᠭᠰᠡᠨ ᠬᠤᠭᠤᠯᠠᠢ ᠶᠢᠨ ᠬᠤᠨᠭ᠍ᠭᠢᠯ ᠤᠨ  ᠨᠢᠬᠡᠳᠦᠭᠡᠷ ᠬᠤᠭᠤᠴᠠᠭᠠᠨ ᠤ ᠪᠦᠳᠤᠬᠡᠨ ᠪᠠᠶᠢᠭᠤᠯᠤᠯᠳᠡ ᠶᠢᠨ ᠲᠦᠷᠦᠯ ᠵᠦᠢᠯ᠂ ᠭᠤᠤᠯ ᠬᠤᠳᠠ ᠲᠤᠭᠤᠷᠢᠭ ᠤᠨ  ᠲᠤᠮᠳᠡ ᠲᠤᠭᠤᠷᠢᠯ ᠵᠠᠮ ᠢ ᠲᠦᠷᠭᠡᠳᠬᠡᠨ ᠲᠡᠰ ᠲᠡᠪᠰᠢᠭᠦᠯᠵᠤ ᠦᠬᠡᠷᠡᠴᠢᠯᠡᠬᠦ ᠲᠦᠷᠦᠯ ᠵᠦᠢᠯ᠂ ᠽᠢ ᠮᠧᠩ ᠴᠤᠧᠠᠨ ᠤᠷᠲᠤ ᠬᠤᠨᠭ᠍ᠭᠢᠯ ᠤᠨ ᠠᠮᠢ ᠠᠬᠤᠢ ᠶᠢᠨ ᠤᠢᠢᠲᠤ ᠭᠠᠵᠠᠷ ᠢ ᠪᠦᠳᠦᠬᠡᠨ ᠪᠠᠶᠢᠭᠤᠯᠬᠤ ᠲᠦᠷᠦᠯ ᠵᠦᠢᠯ᠂ ᠬᠤᠩ ᠱᠠᠨ‌‍ᠲ᠋ᠤᠭᠤᠷᠢᠭ ᠤᠨ ᠬᠤᠳᠠ ᠶᠢᠨ ᠡᠮᠦᠨᠡᠬᠢ ᠵᠦᠷᠢᠯᠢᠭ ᠬᠦᠬᠦᠷᠬᠡ ᠶᠢ ᠪᠦᠳᠦᠬᠡᠨ ᠪᠠᠶᠢᠭᠤᠯᠬᠤ ᠲᠦᠷᠦᠯ ᠵᠦᠢᠯ᠂ ᠬᠤᠩ  ᠱᠠᠨ ᠲᠤᠭᠤᠷᠢᠭ ᠤᠨ ᠤᠶᠤᠨᠴᠢ ᠬᠤᠳᠠ ᠶᠢᠨ ᠬᠠᠮᠢᠶᠠᠷᠤᠯᠳᠠ ᠶᠢᠨ ᠠᠵᠢᠯ ᠤᠨ ᠵᠢᠯᠤᠭᠤᠳᠬᠤ ᠲᠦᠪ᠂ ᠰᠦᠩ  ᠪᠧᠢ ᠶᠢᠨ ᠰᠢᠨ᠎ᠠ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠠᠬᠤᠢ ᠲᠠᠯᠠᠪᠠᠢ᠂ ᠤᠯᠠᠭᠠᠨᠬᠠᠳᠠ ᠶᠢᠨ  ᠪᠡᠭᠡᠵᠢᠩ ᠠᠴᠠ ᠮᠦᠭᠳᠡᠨ ᠭᠦᠷᠭᠦ ᠲᠦᠷᠭᠡᠨ ᠲᠡᠮᠦᠷ ᠵᠠᠮ ᠤᠨ ᠬᠠᠷᠠᠴᠢᠨ ᠵᠡᠭᠦᠨ ᠭᠠᠷᠤᠨ ᠮᠤᠩᠭᠤᠯ ᠦᠨᠳᠤᠰᠤᠳᠡᠨ ᠤ ᠦᠪᠡᠷᠳᠡᠬᠡᠨ ᠵᠠᠰᠠᠬᠤ ᠰᠢᠶᠠᠨ ᠤ ᠦᠷᠳᠡᠭᠡᠨ ᠤ ᠲᠡᠮᠦᠷ ᠵᠠᠮ ᠤᠨ ᠪᠠᠷᠢᠯᠭ᠎ᠠ᠂ ᠤᠯᠠᠭᠠᠨᠬᠠᠳᠠ ᠶᠢᠨ ᠪᠠᠷᠠᠭᠤᠨ ᠦᠷᠳᠡᠬᠡᠨ ᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠵᠢᠴᠢ ᠬᠠᠵᠠᠭᠤ ᠬᠠᠪᠢ ᠶᠢᠨ ᠪᠦᠷᠬᠡᠳᠤ ᠲᠤᠭᠤᠷᠢᠭ ᠤᠨ ᠦᠬᠡᠷᠡᠴᠢᠯᠡᠯᠳᠡ ᠶᠢᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠬᠤᠢ ᠲᠠᠯᠠᠪᠠᠢ᠂ ᠤᠩᠨᠢᠭᠤᠳ ᠬᠤᠰᠢᠭᠤᠨ ᠤ ᠪᠤᠷᠤᠬᠤᠳᠠ ᠶᠢᠨ ᠱᠤᠷᠤᠩ ᠭᠤᠤᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ  ᠪᠠᠷᠢᠯᠭ᠎ᠠ ᠶᠢᠨ ᠠᠬᠤᠢ ᠲᠠᠯᠠᠪᠠᠢ ᠳᠤ ᠪᠠᠶᠢᠴᠠᠭᠠᠨ ᠰᠤᠳᠤᠯᠤᠯᠳᠠ ᠬᠢᠵᠦ᠂ ᠪᠤᠷᠤᠬᠤᠳᠠ ᠪᠠᠯᠭᠠᠰᠤ ᠶᠢᠨ ᠰᠢᠩ ᠯᠦᠩ  ᠳ᠋ᠢ ᠲᠤᠰᠬᠤᠨ ᠤ ᠶᠠᠳᠠᠭᠤ ᠬᠦᠴᠢᠷᠳᠡᠯᠳᠠᠢ ᠡᠷᠦᠬᠡ ᠶᠢ ᠪᠠᠶᠢᠴᠠᠭᠠᠨ ᠰᠤᠷᠪᠤᠯᠵᠢᠯᠠᠪᠠ᠃ ᠪᠠᠶᠢᠴᠠᠭᠠᠨ  ᠰᠤᠳᠤᠯᠤᠯᠳᠠ ᠶᠢᠨ ᠲᠠᠷᠠᠭ᠎ᠠ ᠶᠠᠷᠢᠯᠴᠡᠬᠤ ᠬᠤᠷᠠᠯ ᠬᠢᠪᠠ᠃         ᠸᠠᠩ ᠪᠦᠸᠧ ᠬᠤᠳᠠ ᠶᠢᠨ ᠪᠦᠳᠦᠭᠡᠨ ᠪᠠᠶᠢᠭᠤᠯᠤᠯᠳᠠ ᠶᠢ ᠪᠠᠶᠢᠴᠠᠭᠠᠨ ᠰᠤᠳᠤᠯᠬᠤ ᠳᠠᠭᠠᠨ᠂ ᠬᠤᠳᠠ ᠶᠢᠨ ᠵᠠᠮ ᠤᠨ ᠲᠤᠤᠷᠵᠢᠯ ᠤᠨ ᠪᠦᠳᠦᠬᠡᠨ ᠪᠠᠶᠢᠭᠤᠯᠤᠯᠳᠠ ᠳᠤ ᠠᠯᠤᠰ ᠢᠷᠡᠬᠡᠳᠤᠢ ᠶᠢ ᠪᠤᠳᠤᠯᠭᠢᠯᠠᠵᠤ᠂ ᠨᠢᠬᠡᠳᠦᠯᠲᠡᠢ ᠲᠦᠯᠦᠪᠵᠢᠬᠦᠯᠦᠨ ᠭᠤᠤᠯᠳᠠᠯᠭ᠎ᠠ ᠶᠢ ᠲᠤᠲᠤᠷᠬᠠᠢᠢᠯᠠᠵᠦ᠂ ᠵᠠᠮ ᠤᠨ ᠲᠤᠤᠷᠵᠢᠯ ᠤᠨ ᠰᠠᠴᠤᠷᠠᠭ ᠲᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠤᠷᠤᠨ ᠭᠡᠰᠡᠭ ᠤᠨ ᠪᠦᠳᠦᠬᠡᠨ ᠪᠠᠶᠢᠭᠤᠯᠤᠯᠳᠠ ᠶᠢᠨ ᠲᠤᠮᠳᠠ ᠰᠠᠭᠤᠷᠢ  ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠲᠡᠬᠦᠯᠳᠡᠷᠵᠢᠬᠦᠯᠦᠨ᠂ ᠠᠷᠠᠳ ᠲᠤ ᠲᠦᠭᠦᠮ‌ᠦᠵᠡᠬᠦᠯᠬᠦ ᠲᠦᠬᠦᠬᠡᠷᠦᠮᠵᠢ ᠶᠢᠨ ᠦᠢᠯᠡᠴᠢᠯᠡᠭᠦ ᠴᠢᠳᠠᠪᠤᠷᠢ ᠶᠢ ᠡᠷᠳᠡᠬᠡᠨ ᠪᠠᠳᠠᠷᠠᠭᠤᠯᠵᠦ᠂ ᠪᠦᠬᠦ᠋ᠢᠯᠡ ᠤᠷᠤᠨ ᠭᠡᠰᠡᠭ ᠤᠨ ᠦᠷᠳᠡᠭ ᠢ ᠲᠡᠭᠡᠭᠰᠢᠯᠡᠬᠦᠯᠬᠦ ᠶᠢ ᠲᠠᠶᠢᠴᠢᠯᠠᠬᠤ ᠬᠡᠷᠡᠭᠲᠡᠢ᠃ ᠤᠶᠤᠨᠳᠤ ᠬᠤᠳᠠ ᠪᠤᠯ ᠢᠷᠡᠬᠡᠳᠦᠢ ᠶᠢᠨ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠴᠢᠭᠯᠡᠯ ᠪᠠᠶᠢᠵᠦ᠂ ᠲᠤᠮᠤ ᠳ᠋ᠠᠶᠢᠲ᠋ᠠ ᠶᠢᠨ ᠲᠠᠪᠴᠠᠩ ᠤᠨ ᠦᠢᠯᠡᠳᠦᠯ ᠢ ᠪᠠᠳᠠᠷᠠᠭᠤᠯᠤᠨ ᠂ ᠡᠬᠢ ᠪᠠᠶᠠᠯᠢᠭ ᠢ ᠨᠢᠭᠡᠳᠬᠡᠨ ᠨᠠᠶᠢᠯᠡᠭᠦᠯᠭᠦ ᠬᠡᠷᠡᠭᠲᠡᠢ᠃ ᠠᠵᠢᠯ ᠤᠨ ᠦᠷ᠎ᠠ ᠠᠰᠢᠭ ᠢ ᠤᠯᠠᠮ ᠨᠢᠬᠡ ᠠᠯᠬᠤᠮ ᠲᠡᠭᠡᠭᠰᠢᠯᠡᠬᠦᠯᠦᠨ᠂ ᠬᠦᠴᠦ ᠪᠠᠨ ᠲᠦᠪᠯᠡᠷᠡᠬᠦᠯᠦᠨ ᠭᠤᠤᠯ ᠬᠤᠳᠠ ᠲᠤᠭᠤᠷᠢᠭ ᠤᠨ ᠭᠤᠤᠯᠳᠠᠯᠭᠠᠲᠦ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠬᠡᠷᠡᠭᠲᠡᠢ ᠬᠡᠵᠦ ᠵᠢᠭᠠᠨ ᠭᠠᠷᠭᠠᠪᠠ᠃    ᠸᠠᠩ ᠪᠦᠸᠧ ᠶᠠᠳᠡᠭᠤ ᠬᠦᠴᠢᠷᠲᠡᠢ ᠡᠷᠦᠬᠡ ᠪᠠᠷ ᠰᠤᠷᠪᠤᠯᠵᠢᠯᠠᠬᠤ ᠳᠠᠭᠠᠨ᠂ ᠶᠠᠳᠠᠭᠤ ᠶᠢ ᠳᠡᠳᠬᠦᠬᠦ ᠳᠤ ᠡᠷᠬᠡᠪᠰᠢ ᠲᠤᠰᠬᠤᠨ᠂ ᠡᠷᠦᠬᠡ᠂ ᠬᠤᠪᠢ ᠬᠦᠮᠦᠨ ᠠᠴᠠ ᠭᠠᠷᠳᠠᠵᠤ᠂ ᠦᠨᠳᠦᠰᠦᠨ ᠠᠴᠠ ᠨᠢ ᠬᠠᠪᠰᠤᠷᠬᠤ ᠭᠡᠷᠡᠭᠳᠡᠢ᠃ ︽ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ︾ ᠶᠢ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠲᠤᠯᠬᠤ ᠪᠦᠬᠦ ᠶᠠᠪᠤᠴᠠ ᠳᠤ ᠲᠤᠤᠱᠯᠠᠭᠤᠯᠵᠤ᠂ ᠬᠠᠷᠠᠯᠳᠠ ᠡᠭᠦᠷᠭᠡ ᠶᠢ ᠨᠠᠷᠢᠯᠢᠭᠵᠢᠭᠤᠯᠵᠤ᠂ ᠬᠡᠮᠵᠢᠶᠡᠯᠡᠬᠦ᠂ ᠪᠤᠳᠡᠳᠡᠶᠢᠵᠢᠭᠤᠯᠤᠨ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠲᠤᠯᠤᠨ ᠬᠠᠪᠰᠤᠷᠤᠨ ᠲᠡᠳᠭᠦᠭᠦ ᠢᠨᠵᠧᠨᠧᠷᠢᠩ ᠢ ᠤᠨᠢᠨ ᠳᠡᠭᠡᠷ᠎ᠡ ᠨᠢ ᠬᠡᠷᠡᠭᠵᠢᠬᠦᠯᠬᠦ ᠭᠡᠷᠡᠭᠳᠡᠢ᠃ ᠤᠯᠠᠨ ᠲᠦᠮᠡᠨ ᠤ ᠶᠠᠳᠠᠭᠤ ᠠᠴᠠ ᠠᠩᠬᠢᠵᠢᠷᠠᠬᠤ ᠳᠤᠳᠤᠭᠠᠳᠤ ᠬᠦᠳᠡᠯᠭᠡᠭᠴᠢ ᠬᠦᠴᠦᠨ ᠢ ᠭᠦᠭᠵᠢᠬᠡᠵᠤ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠲᠤᠯᠬᠤ ᠲᠤᠯᠤᠯᠳᠤᠭᠠᠨ ᠤ ᠢᠳᠡᠭᠡᠯ ᠵᠤᠷᠢᠭ ᠢ ᠬᠦᠪᠴᠢᠯᠡᠭᠦ ᠭᠡᠷᠡᠭᠳᠡᠢ᠃ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠡᠭᠦᠷᠭᠡ  ᠲᠤᠰᠢᠶᠠᠯ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠬᠡ ᠠᠯᠬᠤᠮ ᠴᠢᠩᠭᠠᠳᠬᠠᠵᠤ᠂  ᠶᠠᠳᠠᠭᠤ ᠠᠴᠠ ᠠᠩᠬᠢᠵᠢᠷᠠᠭᠤᠯᠬᠤ ᠡᠭᠦᠷᠬᠡ ᠪᠠᠨ ᠦᠨᠡᠨᠬᠦ ᠡᠭᠦᠷᠭᠡᠯᠡᠨ᠂ ᠶᠠᠳᠠᠭᠤ ᠶᠢ ᠳᠡᠳᠬᠦᠬᠦ ᠤᠨᠤᠪᠴᠢᠴᠡ ᠪᠠ ᠪᠤᠳᠠᠳᠤ ᠦᠷ᠎ᠡ ᠠᠰᠢᠭ ᠢ ᠳᠡᠭᠡᠭᠰᠢᠯᠡᠬᠦᠯᠭᠦ ᠭᠡᠷᠡᠭᠳᠡᠢ᠃ ᠨᠡᠶᠢᠬᠡᠮ ᠤᠨ ᠡᠯ᠎ᠡ ᠡᠳᠡᠭᠡᠳ ᠤᠨ ᠬᠦᠴᠦᠨ ᠢ ᠪᠦᠷᠢᠮᠦᠰᠦᠨ ᠨᠢᠭᠡᠳᠦᠬᠦᠯᠵᠦ᠂ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠰᠠᠶᠢᠳᠤᠷ ᠬᠡᠷᠡᠭᠯᠡᠵᠦ᠂ ᠶᠠᠳᠠᠭᠤ ᠠᠴᠠ  ᠠᠩᠬᠢᠵᠢᠷᠠᠭᠤᠯᠤᠨ ᠪᠤᠭᠤᠮᠳᠠ ᠰᠢᠪᠲᠤᠯᠬᠤ ᠬᠠᠷᠠᠯᠳᠠ ᠶᠢ ᠪᠦᠬᠦ ᠬᠦᠴᠦ ᠪᠠᠷ  ᠪᠡᠶᠡᠯᠡᠬᠦᠯᠬᠦ ᠭᠡᠷᠡᠭᠳᠡᠢ ᠭᠡᠵᠦ ᠵᠢᠭᠠᠨ ᠭᠠᠷᠭᠠᠪᠠ᠃    ᠸᠠᠩ ᠪᠦᠸᠧ᠂ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠤᠳᠠ ᠶᠢᠨ ᠪᠦᠲᠦᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠡᠯ᠎ᠡ ᠲᠠᠯ᠎ᠠ ᠶᠢᠨ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠡᠷ ᠭᠠᠵᠠᠷ ᠤᠨ ᠬᠦᠷᠦᠩᠭᠡ ᠶᠢᠨ ᠵᠠᠬ᠎ᠠ ᠳᠡᠯᠬᠡᠬᠦᠷ ᠤᠨ ᠡᠮᠬᠢ ᠲᠢᠭᠯᠢᠮ ᠢ ᠵᠢᠷᠤᠮᠵᠢᠭᠤᠯᠤᠨ᠂ ᠭᠡᠷ ᠭᠠᠵᠠᠷ ᠤᠨ ᠬᠦᠷᠦᠩᠭᠡ ᠵᠢᠨ‌ᠵᠠᠬ᠎ᠠ ᠲᠡᠯᠬᠡᠭᠦᠷ ᠤᠨ ᠯᠠᠪᠳᠠᠭᠤᠨ ᠡᠷᠡᠬᠦᠯ ᠬᠦᠭᠵᠢᠯᠳᠡ ᠶᠢ ᠪᠠᠲᠤᠯᠠᠬᠤ ᠭᠡᠷᠡᠭᠳᠡᠢ᠃ ᠤᠯᠠᠨ ᠵᠠᠮ ᠰᠤᠪᠠᠭ᠂ ᠤᠯᠠᠨ ᠠᠷᠭ᠎ᠠ  ᠪᠠᠷᠢᠯ ᠢᠶᠠᠷ ᠪᠦᠷᠬᠡᠲᠦ ᠲᠤᠭᠤᠷᠢᠭ ᠢ  ᠵᠠᠰᠠᠨ ᠦᠭᠡᠷᠡᠴᠢᠯᠡᠭᠦ ᠠᠯᠬᠤᠴᠠ ᠪᠠᠨ ᠲᠦᠷᠭᠡᠳᠬᠡᠵᠦ᠂ ᠬᠠᠷᠠᠯᠳᠠ  ᠡᠭᠦᠷᠭᠡ ᠪᠠᠨ ᠴᠠᠭ ᠲᠤᠬᠠᠢ ᠳᠤᠨᠢ ᠪᠡᠶᠡᠯᠡᠬᠦᠯᠬᠦ ᠶᠢ ᠪᠠᠲᠤᠯᠠᠬᠤ ᠭᠡᠷᠡᠭᠳᠡᠢ᠂ ᠬᠤᠳᠠ ᠶᠢᠨ ᠬᠠᠦᠯᠢ ᠬᠡᠷᠡᠭᠵᠢᠬᠦᠯᠬᠦ  ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠭᠢᠭᠤᠯᠵᠤ᠂ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠵᠠᠰᠠᠭ  ᠵᠠᠬᠢᠷᠭᠠᠨ ᠤ ᠬᠠᠦᠯᠢ ᠬᠡᠷᠡᠭᠵᠢᠬᠦᠯᠬᠦ ᠪᠠᠶᠢᠭᠤᠯᠤᠮᠵᠢ ᠶᠢ ᠪᠠᠶᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ  ᠬᠡᠷᠡᠭᠵᠢᠬᠦᠯᠦᠯᠳᠡ ᠶᠢ ᠵᠢᠷᠤᠮᠵᠢᠭᠤᠯᠬᠤ ᠬᠡᠷᠡᠭᠲᠡᠢ ᠭᠡᠵᠤ ᠴᠢᠬᠤᠯᠠᠴᠢᠯᠠᠪᠡ᠃
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号