ᠰᠢᠨᠡᠰᠦ᠋ᠮ᠎ᠡ ᠰᠣᠮᠣ ᠶᠢᠨ 475 ᠶᠠᠳᠠᠭᠤ ᠬᠦᠴᠢᠷᠳᠡᠢ ᠡᠮᠡᠭᠳᠡᠶᠢᠴᠣᠳ ︽ᠡᠬᠡᠴᠣᠣᠯ ᠳᠤ ᠪᠡᠯᠡᠭᠯᠡᠬᠦ ᠰᠢᠣᠳᠠᠨ ᠤ ᠪᠣᠭᠤᠳᠠᠯ︾ ᠲᠣᠰᠪᠠ
ᠨᠡᠶᠢᠲᠡᠯᠡᠭᠰᠡᠨ ᠴᠠᠭ᠄
2017/6/19
     ᠬᠤᠳᠠ ᠶᠢᠨ ᠡᠮᠡᠭᠳᠡᠶᠢᠴᠣᠳ ᠤᠨ ᠬᠤᠯᠪᠣᠭᠠᠳᠦ ᠬᠤᠷᠠᠯ ᠤᠨ ᠬᠦᠴᠦᠳᠡᠢ ᠲᠡᠮᠵᠢᠯᠬᠡ ᠪᠠ ᠵᠢᠭᠠᠨ ᠵᠢᠯᠣᠭᠤᠳᠣᠯᠭ᠎ᠠ ᠲᠣᠣᠷ᠎ᠠ᠂ 6 ᠰᠠᠷ᠎ᠠ ᠶᠢᠨ 13᠎ ᠤ ᠡᠳᠦᠷ᠂ ᠣᠩᠨᠢᠭᠤᠳ ᠬᠤᠰᠢᠭᠤᠨ ᠤ ᠡᠮᠡᠭᠳᠡᠶᠢᠴᠣᠳ ᠤᠨ ᠬᠤᠯᠪᠣᠭᠠᠳᠦ ᠬᠤᠷᠠᠯ ᠰᠢᠨᠡᠰᠦ᠋ᠮ᠎ᠡ ᠰᠣᠮᠣ ᠶᠢᠨ 475 ᠶᠠᠳᠠᠭᠤ ᠬᠦᠴᠢᠷᠳᠡᠢ ᠡᠮᠡᠭᠳᠡᠶᠢᠴᠣᠳ ᠲᠤ ︽ᠡᠬᠡᠴᠣᠣᠯ ᠳᠤ ᠪᠡᠯᠡᠭᠯᠡᠬᠦ ᠰᠢᠣᠳᠠᠨ ᠤ ᠪᠣᠭᠤᠳᠠᠯ︾ ᠲᠠᠷᠬᠠᠭᠠᠪᠠ᠃ ︽ᠡᠬᠡᠴᠣᠣᠯ ᠳᠤ ᠪᠡᠯᠡᠭᠯᠡᠬᠦ ᠰᠢᠣᠳᠠᠨ ᠤ ᠪᠣᠭᠤᠳᠠᠯ︾᠎ ᠢ ᠲᠠᠷᠬᠠᠭᠠᠬᠰᠠᠨ ᠨᠢ ᠶᠠᠳᠠᠭᠤ ᠬᠦᠴᠢᠷᠳᠡᠢ ᠡᠬᠡᠴᠣᠣᠯ ᠤᠨ ᠠᠮᠢᠳᠣᠷᠠᠯ ᠤᠨ ᠶᠠᠰᠣ ᠴᠢᠨᠠᠷ ᠪᠡ ᠡᠷᠡᠬᠦᠯ ᠮᠡᠡᠳᠦ ᠶᠢᠨ ᠲᠣᠬᠠᠢ ᠦᠵᠡᠯᠳᠡ ᠲᠠᠨᠢᠯᠳᠠ ᠶᠢ ᠲᠡᠬᠡᠭᠰᠢᠯᠡᠬᠦᠯᠬᠦ ᠳᠤ ᠵᠣᠬᠢᠬᠤ ᠬᠡᠮᠵᠢᠶᠡᠨ ᠤ ᠬᠠᠪᠰᠣᠷᠣᠯᠭ᠎ᠠ ᠪᠣᠯᠬᠤ ᠪᠠᠷ ᠪᠠᠷᠠᠬᠤ ᠦᠬᠡᠢ ᠪᠠᠰᠠ ᠲᠣᠰ ᠣᠳᠠᠭᠠᠨ ᠤ ᠠᠵᠢᠯᠯᠠᠭᠠᠨ ᠢᠶᠠᠷ ᠲᠠᠮᠵᠢᠨ ᠪᠦᠬᠦ ᠨᠡᠶᠢᠬᠡᠮ ᠨᠡᠶᠢᠳᠡ ᠪᠠᠷ ᠢᠶᠠᠨ ᠶᠠᠳᠠᠭᠤ ᠬᠦᠴᠢᠷᠳᠡᠢ ᠡᠬᠡᠴᠣᠣᠯ ᠢ ᠬᠠᠯᠠᠮᠵᠢᠯᠠᠬᠤ ᠰᠠᠶᠢᠨ ᠰᠠᠶᠢᠬᠠᠨ ᠬᠡᠪ ᠰᠣᠷᠳᠠᠯ ᠢ ᠪᠣᠢ ᠪᠣᠯᠭᠠᠵᠣ᠂ ᠪᠦᠬᠦ ᠨᠡᠶᠢᠬᠡᠮ ᠤᠨ ᠬᠠᠶᠢᠷ᠎ᠠ ᠬᠠᠯᠠᠮᠵᠢ ᠶᠢ ᠲᠦᠪᠯᠡᠷᠡᠬᠦᠯᠵᠦ᠂ ᠶᠠᠳᠠᠭᠤ ᠬᠦᠴᠢᠷᠳᠡᠢ ᠡᠬᠡᠴᠣᠣᠯ ᠳᠤ ᠬᠠᠶᠢᠷ᠎ᠠ ᠬᠠᠯᠠᠮᠵᠢ ᠬᠦᠷᠳᠡᠬᠡᠬᠦ ᠶᠢ ᠣᠷᠢᠶᠠᠯᠠᠬᠰᠠᠨ ᠪᠠᠶᠢᠨ᠎ᠠ᠃ ᠨᠡᠩ ᠴᠢᠬᠤᠯᠠ ᠨᠢ ᠦᠷᠬᠡᠨ ᠣᠯᠠᠨ ᠡᠮᠡᠭᠳᠡᠶᠢᠴᠣᠳ ᠤᠨ ᠬᠦᠴᠢᠷ ᠢ ᠲᠡᠰᠪᠦᠷᠢᠯᠡᠨ᠂ ᠠᠵᠢᠯ ᠠᠮᠢᠳᠣᠷᠠᠯ ᠢᠶᠠᠨ ᠲᠡᠭᠵᠢᠷᠡᠬᠦᠯᠦᠨ᠂ ᠬᠦᠳᠡᠯᠮᠦᠷᠢᠯᠡᠬᠦ ᠲᠣᠮᠳᠠ ᠪᠠᠨ ᠬᠦᠮᠦᠨ ᠤ ᠠᠮᠢᠳᠣᠷᠠᠯ ᠤᠨ ᠦᠨ᠎ᠡ ᠦᠷᠳᠡᠭ ᠢ ᠢᠯᠡᠷᠡᠬᠦᠯᠬᠦ ᠶᠢ ᠬᠦᠰᠡᠭᠰᠡᠨ ᠪᠠᠶᠢᠨ᠎ᠠ᠃ ᠣᠢᠢᠷ᠎ᠠ ᠶᠢᠨ ᠬᠡᠳᠦᠨ ᠵᠢᠯ ᠤᠨ ᠲᠣᠷᠰᠢ᠂ ᠪᠦᠬᠦ ᠬᠤᠰᠢᠭᠤᠨ ᠤ ᠡᠯ᠎ᠡ ᠱᠠᠳᠣᠨ ᠤ ᠡᠮᠡᠭᠳᠡᠶᠢᠴᠣᠳ ᠤᠨ ᠬᠤᠯᠪᠣᠭᠠᠳᠦ ᠬᠤᠷᠠᠯ ᠨᠢ ᠶᠠᠳᠠᠭᠤ ᠬᠦᠴᠢᠷᠳᠡᠢ ᠡᠬᠡᠴᠣᠣᠯ ᠤᠨ ᠪᠠᠶᠢᠳᠠᠯ ᠢ ᠣᠢᠢᠯᠠᠭᠠᠬᠤ ᠠᠵᠢᠯ ᠢ ᠬᠦᠡᠵᠡᠬᠡᠢ ᠦᠷᠨᠢᠬᠦᠯᠵᠦ᠂ ᠨᠠᠷᠢᠨ ᠨᠢᠮᠪᠠᠢ ᠬᠠᠷᠭᠤᠭᠤᠯᠬᠤ ᠪᠠ ᠡᠷᠡᠮᠡᠯᠵᠡᠯ ᠤᠨ ᠬᠦᠰᠦᠨᠦᠭᠳᠦ ᠲᠠᠬᠯᠠᠬᠤ ᠪᠠᠷ ᠲᠠᠮᠵᠢᠨ ᠪᠦᠬᠦ ᠬᠤᠰᠢᠭᠤᠨ ᠤ 10088 ᠶᠠᠳᠠᠭᠤ ᠬᠦᠴᠢᠷᠳᠡᠢ ᠡᠬᠡᠴᠣᠣᠯ ᠤᠨ ᠬᠦᠰᠡᠯ ᠱᠠᠭᠠᠷᠳᠠᠯᠭ᠎ᠠ ᠶᠢ ᠲᠡᠬᠡᠭᠰᠢ ᠮᠡᠳᠡᠬᠦᠯᠵᠦ᠂ ᠣᠳᠣᠬᠠᠨ ᠳᠤ 9 ᠰᠢᠶᠠᠩ ᠪᠠᠯᠭᠠᠰᠣ᠂ ᠵᠡᠬᠡᠯᠢ ᠭᠤᠳᠣᠮᠵᠢ ᠶᠢᠨ 3219 ᠶᠠᠳᠠᠭᠤ ᠬᠦᠴᠢᠷᠳᠡᠢ ᠡᠬᠡᠴᠣᠣᠯ ᠳᠤ 371900 ᠲᠦᠬᠦᠷᠢᠭ ᠤᠨ ᠦᠷᠳᠡᠭ ᠲᠠᠢ ︽ᠡᠬᠡᠴᠣᠣᠯ ᠳᠤ ᠪᠡᠯᠡᠭᠯᠡᠬᠦ ᠰᠢᠣᠳᠠᠨ ᠤ ᠪᠣᠭᠤᠳᠠᠯ︾ ᠣᠯᠭᠤᠬᠰᠠᠨ ᠪᠠᠶᠢᠨ᠎ᠠ᠃                                                                                                    ᠡᠷᠳᠡᠨᠢᠳᠦᠬᠦᠷᠡᠩ
 
ᠢᠷᠡᠯᠲᠡ᠄ ᠣᠯᠠᠭᠠᠨᠬᠠᠳᠠ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号