ᠮᠠᠨ ᠤ ᠬᠤᠲᠠ ᠴᠢᠳᠠᠪᠦᠷᠢᠲᠡᠨ ᠤ ᠠᠵᠢᠯ ᠤᠨ ᠤᠳᠤᠷᠢᠳᠬᠤ ᠳᠤᠭᠤᠢᠢᠯᠠᠩ ᠤᠨ ᠬᠤᠷᠠᠯ ᠬᠢᠪᠡ
ᠨᠡᠶᠢᠲᠡᠯᠡᠭᠰᠡᠨ ᠴᠠᠭ᠄
2017/6/19
      ᠤᠢᠢᠷ᠎ᠠ ᠳᠤ᠂ ᠮᠠᠨ ᠤ ᠬᠤᠲᠠ ᠴᠢᠳᠠᠪᠦᠷᠢᠲᠡᠨ ᠤ ᠠᠵᠢᠯ ᠤᠨ ᠤᠳᠤᠷᠢᠳᠬᠤ ᠳᠤᠭᠤᠢᠢᠯᠠᠩ ᠤᠨ ᠬᠤᠷᠠᠯ ᠬᠢᠪᠡ᠃ ᠬᠤᠷᠠᠯ ᠳᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠴᠢᠳᠠᠪᠦᠷᠢᠲᠡᠨ ᠤ ᠠᠵᠢᠯ ᠤᠨ ᠤᠳᠤᠷᠢᠳᠬᠤ ᠳᠤᠭᠤᠢᠢᠯᠠᠩ ᠤᠨ ᠳᠠᠷᠤᠭ᠎ᠠ ᠵᠢᠢ ᠴᠢᠶᠠᠩ ᠤᠷᠤᠯᠴᠠᠨ ᠶᠠᠷᠢᠶ᠎ᠠ ᠲᠠᠯᠪᠢᠵᠦ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠴᠢᠳᠠᠪᠦᠷᠢᠲᠡᠨ ᠤ ᠠᠵᠢᠯ ᠤᠨ ᠤᠳᠤᠷᠢᠳᠬᠤ ᠳᠤᠭᠤᠢᠢᠯᠠᠩ ᠤᠨ ᠳᠡᠳ᠋ ᠳᠠᠷᠤᠭ᠎ᠠ ᠳ᠋ᠦᠩ ᠯᠢᠶᠠᠨ ᠵᠧᠨ ᠬᠤᠷᠠᠯ ᠡᠷᠬᠢᠯᠡᠪᠡ᠃      ᠬᠤᠷᠠᠯ ᠠᠴᠠ ︽ᠴᠢᠳᠠᠪᠦᠷᠢᠲᠡᠨ ᠤ ᠬᠦᠭᠵᠢᠯᠲᠡ‌‍ᠶᠢᠨ ᠪᠠᠶᠢᠭᠤᠯᠤᠮᠵᠢ ᠵᠢᠨ‌‍ᠲ᠋ᠤᠭᠲᠠᠴᠠ‌‍ᠶᠢᠨ‌ᠥᠭᠡᠷᠡᠴᠢᠯᠡᠯᠲᠡ‌‍ᠶᠢ ᠭᠦᠨᠵᠡᠬᠡᠶᠢᠷᠡᠭᠦᠯᠵᠦ᠂ ︿ᠬᠠᠰ ᠯᠤᠤ ᠴᠢᠳᠠᠪᠦᠷᠢᠲᠡᠨ﹀ ᠤ ᠢᠨᠵᠧᠨᠧᠷᠢᠩ ᠢ ᠭᠦᠨᠵᠡᠬᠡᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ︾ ᠵᠡᠷᠭᠡ ᠮᠠᠲ᠋ᠧᠷᠢᠶᠠᠯ ᠢ ᠬᠢᠨᠠᠨ ᠵᠦᠪᠯᠡᠵᠦ ᠪᠠᠲᠤᠯᠠᠪᠠ᠃      ᠵᠢᠢ ᠴᠢᠶᠠᠩ᠂ ᠮᠠᠨ ᠤ ᠬᠤᠲᠠ ᠶᠢᠨ ᠴᠢᠳᠠᠪᠦᠷᠢᠲᠡᠨ ᠤ ᠠᠵᠢᠯ ᠤᠨ ᠳᠠᠪᠴᠠᠩ ᠤᠨ ᠠᠴᠢᠶᠠᠯᠠᠭᠴᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠭᠦᠨᠵᠡᠬᠡᠶᠢᠷᠡᠵᠦ᠂ ᠴᠢᠳᠠᠪᠦᠷᠢᠲᠡᠨ ᠢ ᠤᠷᠤᠭᠤᠯᠵᠦ ᠴᠢᠳᠠᠪᠦᠷᠢᠲᠡᠨ ᠢ ᠬᠥᠮᠦᠵᠢᠭᠦᠯᠬᠦ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠴᠢᠳᠠᠪᠦᠷᠢᠲᠡᠨ ᠢ ᠤᠷᠢᠵᠦ ᠴᠢᠳᠠᠪᠥᠷᠢᠲᠡᠨ ᠢ ᠬᠡᠷᠡᠭᠯᠡᠬᠦ ᠤᠷᠴᠢᠨ ᠲᠤᠭᠤᠷᠢᠨ ᠲᠠᠰᠤᠷᠠᠯᠲᠠ ᠦᠭᠡᠢ ᠰᠢᠯᠢᠳᠡᠭᠵᠢᠵᠦ᠂ ᠨᠠᠮ ᠠᠴᠠ ᠴᠢᠳᠠᠪᠦᠷᠢᠲᠡᠨ ᠢ ᠬᠠᠮᠢᠶᠠᠷᠬᠤ ᠲᠤᠭᠲᠠᠴᠠ ᠲᠠᠰᠤᠷᠠᠯᠲᠠ ᠦᠭᠡᠢ ᠲᠡᠭᠦᠯᠳᠡᠷᠵᠢᠵᠦ ᠪᠠᠶᠢᠨ᠎ᠠ᠃ ᠭᠡᠪᠡᠴᠦ ᠪᠢᠳᠡ ᠠᠮᠵᠢᠯᠲᠠ ᠪᠠᠨ ᠤᠯᠵᠦ ᠬᠠᠷᠠᠬᠤ ᠶᠢᠨ ᠬᠠᠮᠲᠦ ᠴᠢᠳᠠᠪᠦᠷᠢᠲᠡᠨ ᠤ ᠲᠤᠭ᠎ᠠ ᠬᠦᠷᠦᠯᠴᠠᠬᠦ ᠦᠭᠡᠢ ᠪᠠᠶᠢᠬᠤ᠂ ᠴᠢᠳᠠᠪᠦᠷᠢᠲᠡᠨ ᠤ ᠪᠦᠲᠦᠴᠡ ᠵᠤᠬᠢᠮᠵᠢ ᠦᠭᠡᠢ ᠪᠠᠶᠢᠬᠤ᠂ ᠴᠢᠳᠠᠪᠦᠷᠢᠲᠡᠨ ᠤ ᠪᠡᠯᠡ ᠮᠥᠩᠭᠦ ᠶᠢᠨ ᠤᠷᠤᠭᠤᠯᠤᠯᠲᠠ ᠬᠦᠷᠦᠯᠴᠡᠬᠦ ᠦᠭᠡᠢ ᠪᠠᠶᠢᠬᠤ ᠵᠡᠷᠭᠡ ᠲᠤᠲᠠᠭᠳᠠᠯ ᠢᠶᠠᠨ ᠤᠯᠵᠦ ᠬᠠᠷᠠᠭᠰᠡᠨ ᠪᠠᠶᠢᠬᠤ ᠬᠡᠷᠡᠭᠲᠠᠢ ᠭᠡᠵᠠᠢ᠃       ᠵᠢᠢ ᠴᠢᠶᠠᠩ᠂ ᠤᠳᠤᠬᠢ ᠪᠠᠶᠢᠳᠠᠯ ᠢᠶᠠᠨ ᠵᠦᠪ ᠢᠶᠠᠷ ᠲᠠᠨᠢᠵᠦ᠂ ᠴᠢᠳᠠᠪᠦᠷᠢᠲᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠦ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠠᠢ᠃ ᠪᠢᠳᠡ ᠡᠷᠬᠡᠪᠰᠢ ᠴᠢᠳᠠᠪᠦᠷᠢᠲᠡᠨ ᠤ ᠠᠵᠢᠯ ᠢ ᠳᠤᠪᠤᠶᠢᠮ᠎ᠠ ᠪᠠᠶᠢᠷᠢ ᠳᠤ ᠲᠠᠯᠪᠢᠵᠦ᠂ ᠠᠷᠭ᠎ᠠ ᠬᠡᠯᠪᠡᠷᠢ ᠪᠠᠨ ᠤᠯᠠᠷᠢᠭᠤᠯᠤᠨ ᠪᠦᠲᠦᠴᠡ ᠶᠢᠨ ᠲᠤᠬᠢᠷᠠᠭᠤᠯᠤᠯᠲᠠ ᠪᠠᠷ ᠴᠢᠳᠠᠪᠦᠷᠢᠲᠡᠨ ᠤ ᠪᠦᠲᠦᠴᠡ ᠶᠢ ᠰᠢᠯᠢᠳᠡᠭᠵᠢᠭᠦᠯᠵᠦ᠂ ᠴᠢᠳᠠᠪᠦᠷᠢᠲᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ ᠠᠵᠦ ᠤᠢᠢᠯᠡᠰ ᠢ ᠬᠥᠭᠵᠢᠭᠦᠯᠬᠦ ᠪᠠᠷ ᠰᠠᠭᠤᠷᠢᠯᠠᠵᠦ ᠴᠢᠳᠠᠪᠦᠷᠢᠲᠡᠨ ᠤ ᠬᠡᠪᠴᠢᠶ᠎ᠠ ᠪᠠᠨ ᠥᠷᠭᠡᠳᠬᠡᠨ᠂ ᠬᠥᠭᠵᠢᠯᠲᠡ ᠶᠢᠨ ᠱᠠᠭᠠᠷᠳᠠᠯᠭ᠎ᠠ ᠶᠢ ᠬᠠᠩᠭᠠᠵᠦ᠂ ᠴᠢᠳᠠᠪᠥᠷᠢᠲᠡᠨ ᠤ ᠬᠥᠭᠵᠢᠯᠲᠡ ᠪᠤᠯᠤᠨ‌ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠠᠭᠤᠰᠤᠯᠴᠠᠯ ᠢ ᠠᠬᠢᠭᠤᠯᠵᠦ᠂ ᠤᠯᠠᠭᠠᠨᠬᠠᠳᠠ ᠶᠢᠨ ᠳᠠᠪᠠᠯᠲᠠ ᠶᠢᠨ ᠴᠢᠨᠠᠷᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠳᠦ ᠪᠠᠬᠢ ᠤᠶᠤᠨ ᠤ ᠲᠤᠯᠭᠠᠭᠤᠷᠢ ᠪᠤᠯᠤᠨ ᠴᠢᠳᠠᠪᠦᠷᠢᠲᠡᠨ ᠤ ᠪᠠᠲᠤᠯᠠᠭ᠎ᠠ ᠶᠢ ᠬᠠᠩᠭᠠᠬᠤ ᠬᠡᠷᠡᠭᠲᠠᠢ︔ ᠰᠡᠳᠬᠢᠬᠦᠢ ᠶᠢᠨ ᠰᠢᠨ᠎ᠡ ᠶᠢ ᠡᠭᠦᠳᠦᠨ᠂ ᠴᠢᠳᠠᠪᠦᠷᠢᠲᠡᠨ ᠤ ᠬᠥᠭᠵᠢᠯᠲᠡ ᠶᠢᠨ ᠪᠠᠶᠢᠭᠤᠯᠤᠮᠵᠢ ᠶᠢᠨ ᠲᠤᠭᠲᠠᠴᠠ ᠶᠢᠨ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠬᠤ ᠶᠢ ᠪᠠᠲᠤᠯᠠᠬᠤ ᠬᠡᠷᠡᠭᠲᠠᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠦ᠂ ᠰᠢᠨᠵᠢᠯᠡᠬᠦ ᠤᠬᠠᠭᠠᠨᠴᠢ ᠦᠨᠳᠦᠷ ᠦᠷ᠎ᠡ ᠪᠦᠲᠦᠮᠵᠢᠲᠠᠢ ᠴᠢᠳᠠᠪᠦᠷᠢᠲᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠳᠠᠷᠤᠢ ᠲᠦᠷᠭᠡᠨ ᠢᠶᠠᠷ ᠪᠠᠶᠢᠭᠤᠯᠬᠤ ᠬᠡᠷᠡᠭᠲᠠᠢ᠃ ᠠᠵᠦ ᠤᠢᠢᠯᠡᠰ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠦ᠂ ᠴᠢᠳᠠᠪᠦᠷᠢᠲᠡᠨ ᠢ ᠵᠢᠯᠤᠭᠤᠳᠤᠨ ᠨᠡᠶᠢᠭᠡᠮ ᠠᠵᠦ ᠠᠬᠤᠢ ᠶᠢᠨ ᠬᠥᠭᠵᠢᠯᠲᠡ ᠳᠤ ᠤᠢᠢᠯᠡᠴᠢᠯᠡᠭᠦᠯᠬᠦ ᠬᠡᠷᠡᠭᠲᠠᠢ᠃ ᠨᠡᠭᠡᠭᠡᠯᠲᠡ ᠬᠢᠬᠦ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠦ᠂ ᠴᠢᠳᠠᠪᠦᠷᠢᠲᠡᠨ ᠢ ᠤᠷᠤᠭᠤᠯᠤᠨ ᠴᠢᠳᠠᠪᠦᠷᠢᠲᠡᠨ ᠢ ᠴᠤᠭᠯᠠᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠠᠢ︔ ᠤᠳᠤᠷᠢᠳᠤᠯᠭ᠎ᠠ ᠪᠠᠨ ᠴᠢᠩᠭᠠᠳᠬᠠᠨ ᠨᠠᠮ ᠠᠴᠠ ᠴᠢᠳᠠᠪᠦᠷᠢᠲᠡᠨ ᠢ ᠬᠠᠮᠢᠶᠠᠷᠬᠤ ᠠᠵᠢᠯ ᠤᠨ ᠪᠤᠲᠠᠲᠦ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠠᠢ︔ ᠴᠢᠳᠠᠪᠦᠷᠢᠲᠡᠨ ᠤ ᠠᠵᠢᠯ ᠪᠤᠯ ᠰᠢᠰᠲ᠋ᠧᠮᠳᠤ ᠢᠨᠵᠧᠨᠧᠷᠢᠩ ᠪᠤᠯᠤᠨ᠎ᠠ᠂ ᠡᠯ᠎ᠡ ᠭᠡᠰᠢᠭᠦᠨ ᠪᠠᠶᠢᠭᠤᠯᠤᠯᠭ᠎ᠠ ᠨᠢᠭᠡᠴᠡ ᠬᠠᠮᠳᠤᠪᠡᠷ ᠬᠠᠷᠢᠭᠤᠴᠠᠨ᠂ ᠬᠠᠮᠲᠤᠪᠡᠷ ᠡᠭᠦᠷᠭᠡᠯᠡᠵᠦ᠂ ᠴᠢᠳᠠᠪᠦᠷᠢᠲᠡᠨ ᠤ ᠤᠢᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠳᠤ ᠵᠤᠬᠢᠴᠠᠭᠤᠯᠵᠦ᠂ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠠᠬᠢᠵᠢᠭᠦᠯᠵᠦ᠂ ᠵᠤᠬᠢᠴᠠᠭᠤᠯᠭ᠎ᠠ ᠶᠢᠨ ᠲᠤᠭᠲᠠᠴᠠ ᠪᠠᠨ ᠲᠡᠭᠦᠯᠳᠡᠷᠵᠢᠭᠦᠯᠵᠦ᠂ ᠨᠠᠶᠢᠳᠠᠪᠦᠷᠢᠵᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠦ ᠨᠢᠬᠲᠡ ᠬᠠᠮᠲᠤᠷᠠᠯᠴᠠᠨ ᠴᠢᠳᠠᠪᠦᠷᠢᠲᠡᠨ ᠤ ᠠᠵᠢᠯ ᠤᠨ ᠰᠢᠨᠵᠢᠯᠡᠬᠦ ᠤᠬᠠᠭᠠᠨᠴᠢ ᠰᠢᠨᠵᠢ᠂ ᠦᠷ᠎ᠡ ᠪᠦᠲᠦᠮᠵᠢᠲᠦ ᠰᠢᠨᠵᠢ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠠᠢ ᠭᠡᠵᠦ ᠴᠢᠩᠭᠠᠳᠬᠠᠵᠠᠢ᠃  ᠳ᠋ᠦᠩ ᠯᠢᠶᠠᠨ ᠵᠧᠨ᠂ ᠡᠯ᠎ᠡ ᠪᠠᠶᠢᠭᠤᠯᠤᠯᠭ᠎ᠠ ᠨᠢᠭᠡᠴᠡ ᠡᠷᠬᠡᠪᠰᠢ ᠲᠤᠰ ᠬᠤᠷᠠᠯ ᠤᠨ ᠵᠤᠷᠢᠭ ᠰᠠᠨᠠᠭ᠎ᠠ ᠶᠢ ᠭᠦᠨᠵᠡᠬᠡᠢ ᠤᠢᠢᠯᠠᠭᠠᠵᠦ᠂ ᠠᠵᠢᠯ ᠤᠨ ᠪᠤᠲᠠᠲᠠᠢ ᠲᠠᠢ ᠪᠠᠨ ᠤᠶᠠᠯᠳᠤᠭᠤᠯᠤᠨ᠂ ᠡᠯ᠎ᠡ ᠠᠵᠢᠯ ᠢ ᠨᠠᠶᠢᠳᠠᠪᠥᠷᠢᠵᠢᠭᠤᠯᠬᠤ ᠶᠢ ᠴᠢᠩᠭ᠎ᠠ ᠠᠳᠬᠤᠵᠦ᠂ ᠮᠠᠨ ᠤ ᠬᠤᠲᠠ ᠶᠢᠨ ᠴᠢᠳᠠᠪᠦᠷᠢᠲᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠠᠢ ᠭᠡᠵᠦ ᠴᠢᠩᠭᠠᠳᠬᠠᠵᠠᠢ᠃       ᠬᠤᠷᠠᠯ ᠳᠡᠭᠡᠷ᠎ᠠ ᠪᠠᠰᠠ᠂ ᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ᠂ ᠵᠢᠭᠤᠯᠴᠢᠯᠠᠯ ᠤᠨ ᠲᠤᠪᠴᠢᠶ᠎ᠠ ᠵᠡᠷᠭᠡ ᠵᠢᠷᠭᠤᠭᠠᠨ ᠭᠡᠰᠢᠭᠦᠨ ᠪᠠᠶᠢᠭᠤᠯᠤᠯᠭ᠎ᠠ ᠨᠢᠭᠡᠴᠡ ᠠᠵᠢᠯ ᠤᠨ ᠬᠠᠷᠢᠭᠤ ᠮᠡᠳᠡᠭᠦᠯᠦᠯᠲᠡ ᠬᠢᠵᠠᠢ᠃                                                               ᠰᠠᠶᠢᠬᠠᠨᠴᠡᠴᠡᠭ
 
ᠢᠷᠡᠯᠲᠡ᠄ ᠣᠯᠠᠭᠠᠨᠬᠠᠳᠠ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号