ᠬᠠᠶᠢᠯᠠᠰᠦ ᠳᠠᠬᠢ ᠲᠣᠮᠢᠯᠠᠭᠰᠠᠨ ᠰᠠᠯᠪᠣᠷᠢ ᠭᠠᠵᠠᠭᠤ ᠨᠣᠮᠯᠠᠯ ᠳᠤ ᠴᠢᠩᠭ᠎ᠠ ᠴᠤᠬᠢᠯᠲᠠ ᠥᠭᠴᠦ ᠪᠠᠶᠢᠨ᠎ᠠ
ᠨᠡᠶᠢᠲᠡᠯᠡᠭᠰᠡᠨ ᠴᠠᠭ᠄
2017-06-21
    ᠤᠩᠨᠢᠭᠤᠳ ᠬᠤᠰᠢᠭᠤᠨ ᠤ ᠳᠣᠲᠣᠭᠠᠳᠣ ᠶᠢ ᠬᠠᠮᠠᠭᠠᠯᠠᠬᠤ ᠲᠣᠪᠴᠢᠶᠠᠨ ᠤ ᠬᠠᠶᠢᠯᠠᠰᠣ ᠳᠤ ᠳᠤᠮᠢᠯᠠᠭᠰᠠᠨ ᠰᠠᠯᠪᠣᠷᠢ ᠨᠡᠶᠢᠭᠡᠮ ᠳᠡᠭᠡᠷ᠎ᠡ ᠬᠠᠶᠠ ᠢᠯᠡᠷᠡᠳᠡᠭ ᠡᠯ᠎ᠡ ᠵᠦᠢᠯ ᠤᠨ ᠭᠠᠵᠠᠭᠤ ᠨᠣᠮᠯᠡᠯ ᠪᠠ ᠣᠨᠴᠠᠭᠠᠶᠢᠯᠠᠨ ᠬᠤᠪᠢ ᠬᠦᠮᠦᠨ ᠤ ᠠᠮᠢᠳᠦᠷᠠᠯ ᠨᠣᠭᠤᠷᠠᠯ ᠪᠦᠳᠦᠷᠢᠯ᠂ ᠡᠪᠡᠳᠴᠢᠨ ᠲᠠᠬᠤᠯ ᠳᠤ ᠲᠤᠬᠢᠶᠠᠯᠳᠣᠭᠰᠠᠨ ᠦᠶ᠎ᠡ ᠳᠤ ᠭᠠᠵᠠᠭᠤ ᠨᠤᠮᠯᠠᠯ᠂ ᠮᠤᠬᠤᠷ ᠪᠢᠰᠢᠷᠡᠯ ᠳᠤ ᠬᠢᠯᠪᠠᠷᠬᠠᠨ ᠬᠦᠳᠦᠯᠦᠭᠳᠡᠳᠡᠭ ᠪᠠᠶᠢᠳᠠᠯ ᠢ ᠡᠷᠡᠰ ᠰᠡᠷᠭᠡᠶᠢᠯᠡᠬᠦ ᠶᠢᠨ ᠲᠦᠯᠦᠭᠡ᠂ ᠬᠠᠷᠢᠶ᠎ᠠ ᠣᠷᠣᠨ ᠳᠠᠭᠠᠨ ᠮᠤᠬᠤᠷ ᠪᠢᠰᠢᠷᠡᠯ᠂ ᠭᠠᠵᠠᠭᠤ  ᠨᠤᠮᠯᠠᠯ ᠢ ᠡᠰᠡᠷᠭᠦᠴᠡᠨ ᠴᠢᠩᠭ᠎ᠠ ᠴᠣᠬᠢᠯᠲᠠ ᠥᠭᠬᠦ ᠠᠵᠢᠯᠯᠠᠭᠠᠨ ᠦᠷᠨᠢᠭᠦᠯᠦᠭᠰᠡᠨ ᠪᠠᠶᠢᠨ᠎ᠠ᠃     ᠲᠣᠰ ᠰᠠᠯᠪᠦᠷᠢ《ᠭᠠᠵᠠᠭᠤ ᠨᠤᠮᠯᠠᠯ ᠤᠨ ᠠᠰᠠᠭᠤᠳᠠᠯ ᠢ ᠰᠡᠷᠭᠡᠶᠢᠯᠡᠬᠦ ᠪᠠ ᠰᠢᠢᠳᠪᠦᠷᠢᠯᠡᠬᠦ ᠦᠨᠳᠦᠰᠦᠨ ᠮᠡᠳᠡᠯᠭᠡ》ᠵᠡᠷᠭᠡ ᠮᠡᠳᠡᠯᠭᠡ ᠶᠢᠨ ᠴᠢᠨᠠᠷᠲᠠᠢ ᠨᠣᠮ ᠬᠡᠪᠯᠡᠨ ᠲᠠᠷᠬᠠᠭᠠᠨ ᠭᠠᠵᠠᠭᠤ ᠨᠤᠮᠯᠠᠯ ᠤᠨ ᠦᠨᠳᠦᠰᠦᠨ ᠪᠠᠶᠢᠳᠠᠯ᠂ ᠢᠯᠡᠷᠡᠬᠦ ᠬᠡᠯᠪᠡᠷᠢ᠂ ᠮᠡᠬᠡᠯᠡᠬᠦ ᠠᠷᠭ᠎ᠠ ᠮᠠᠶ᠋ᠢᠭ ᠲᠤ ᠨᠠᠷᠢᠯᠢᠭ ᠵᠠᠳᠠᠯᠤᠯᠲᠠ ᠬᠢᠵᠣ᠂ ᠬᠡᠷᠬᠢᠨ ᠰᠡᠷᠭᠡᠶᠢᠯᠡᠬᠦ᠂ ᠬᠡᠷᠬᠢᠨ ᠰᠢᠨᠵᠢᠯᠡᠬᠦ ᠣᠬᠠᠭᠠᠨᠴᠢ ᠪᠠᠷ ᠠᠵᠢᠯ ᠠᠮᠢᠳᠣᠷᠠᠯ ᠢᠶᠠᠨ ᠵᠣᠬᠢᠴᠠᠭᠤᠯᠬᠤ ᠵᠢᠴᠢ ᠬᠦᠮᠦᠰ ᠤᠨ ᠱᠠᠰᠢᠨ ᠰᠣᠷᠲᠠᠬᠤᠨ᠂ ᠭᠠᠵᠠᠭᠤ ᠨᠣᠮᠯᠡᠯ᠂ ᠮᠣᠬᠤᠷ ᠪᠢᠰᠢᠷᠡᠯ ᠢ ᠬᠡᠷᠬᠢᠨ ᠢᠯᠭᠠᠨ ᠲᠠᠨᠢᠬᠤ ᠳᠣᠬᠠᠢ ᠭᠦᠨᠵᠡᠭᠡᠢ ᠣᠬᠠᠭᠤᠯᠭ᠎ᠠ ᠬᠢᠭᠰᠡᠨ ᠪᠠᠶᠢᠨ᠎ᠠ᠃    ᠡᠭᠦᠨ ᠠᠴᠠ ᠭᠠᠳᠠᠨ᠎ᠠ ᠭᠠᠵᠠᠭᠤ ᠨᠣᠮᠯᠡᠯ᠂ ᠮᠣᠬᠤᠷ ᠪᠢᠰᠢᠷᠡᠯ ᠤᠨ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠲᠦᠷᠤ ᠶᠢᠨ ᠪᠤᠳᠣᠯᠭ᠎ᠠ ᠬᠠᠣᠯᠢ ᠴᠠᠭᠠᠵᠠ ᠶᠢᠨ ᠮᠡᠳᠡᠯᠭᠡ ᠶᠢ ᠰᠣᠷᠲᠠᠯᠴᠢᠯᠠᠬᠤ ᠤᠷᠢᠶ᠎ᠠ ᠯᠣᠼᠦ᠋ᠩ ᠭᠠᠷᠭᠠᠨ ᠵᠠᠮ ᠤᠨ ᠬᠠᠵᠠᠭᠤ ᠪᠠᠷ ᠬᠦᠨᠳᠡᠯᠡᠨ ᠡᠯᠭᠦᠭᠡᠰᠦ ᠡᠯᠭᠦᠵᠣ᠂ ᠭᠠᠵᠠᠭᠤ ᠨᠣᠮᠯᠠᠯ ᠢ ᠢᠯᠡᠴᠢᠯᠡᠨ‌ᠮᠡᠳᠡᠭᠦᠯᠬᠦ ᠬᠤᠪᠢ ᠬᠦᠮᠦᠨ ᠢ ᠱᠠᠩᠨᠠᠨ ᠬᠦᠬᠢᠭᠦᠯᠬᠦ ᠪᠠᠷ ᠲᠣᠭᠲᠠᠵᠠᠢ᠃ ᠡᠭᠦᠨ ᠢᠶᠠᠷ ᠳᠠᠮᠵᠢᠭᠤᠯᠣᠨ ᠬᠠᠷᠢᠶ᠎ᠠ‌ᠣᠷᠣᠨ ᠳᠤ ᠭᠠᠵᠠᠭᠤ ᠨᠣᠮᠯᠡᠯ ᠢ ᠠᠰᠢᠭᠯᠠᠨ ᠪᠤᠰᠣᠳ ᠢ ᠬᠤᠬᠢᠷᠠᠭᠤᠯᠬᠤ ᠪᠤᠶᠤ《 ᠨᠤᠮ ᠤᠨ ᠬᠦᠷᠳᠦ ᠶᠢᠨ ᠪᠢᠰᠢᠯᠭᠠᠯ》᠂《 ᠲᠡᠭᠦᠰ ᠬᠦᠴᠦᠳᠦ ᠰᠠᠬᠢᠭᠤᠯᠰᠣᠨ》ᠵᠡᠷᠭᠡ ᠭᠠᠵᠠᠭᠤ ᠨᠣᠮᠯᠡᠯ ᠳᠡᠯᠭᠡᠷᠡᠵᠣ ᠠᠷᠠᠳ ᠣᠯᠠᠨ ᠤ ᠪᠡᠶ᠎ᠡ ᠰᠡᠳᠬᠢᠴᠡ ᠳᠤ ᠬᠤᠤᠷ ᠬᠦᠨᠦᠭᠡᠯ ᠠᠪᠴᠢᠷᠠᠬᠤ ᠶᠢ ᠪᠦᠳᠦᠮᠵᠢᠲᠠᠢ ᠪᠠᠷ ᠰᠡᠷᠭᠡᠶᠢᠯᠡᠵᠣ ᠴᠢᠳᠠᠭᠰᠠᠨ ᠪᠠᠶᠢᠨ᠎ᠠ᠃ ︵ᠲᠡᠭᠰᠢ︶
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号